ᠵᠠᠩ ᠭᠤᠤ ᠪᠠᠯᠭᠠᠰᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/19
      1 ᠰᠠᠷ᠎ᠠ ᠶᠢᠨ 19᠎ ᠤ ᠡᠳᠦᠷ᠂ ᠵᠠᠩ ᠭᠤᠤ ᠪᠠᠯᠭᠠᠰᠤᠨ ᠤ ᠨᠠᠮ ᠤᠨ ᠬᠤᠷᠢᠶ᠎ᠠ ᠰᠢ ᠶᠢᠨ ᠫᠢᠩ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠢᠦᠶ ᠬᠤᠩ ᠯᠢᠶᠠᠩ ᠵᠢᠴᠢ ᠰᠢᠶᠠᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠠᠯᠪᠠᠨ ᠬᠡᠷ ᠤᠨ ᠭᠤᠷᠪᠠᠳᠤᠭᠠᠷ ᠬᠤᠯᠪᠣᠭ᠎ᠠ ᠠᠪᠴᠤ ᠵᠢᠯᠣᠭᠤᠳᠬᠤ ᠳᠤᠭᠤᠶᠢᠯᠠᠩ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ ᠤᠨ ᠬᠠᠮᠢᠶ᠎ᠠ ᠪᠥᠬᠦᠶ ᠬᠥᠮᠦᠰ ᠬᠤᠷᠠᠯ ᠳᠤ ᠢᠷᠡᠵᠦ ᠵᠢᠭᠠᠨ ᠵᠢᠯᠣᠭᠤᠳᠪᠠ᠃ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠬᠦ ᠪᠦᠷᠢᠯᠳᠦᠬᠦᠨ ᠬᠤᠷᠠᠯ ᠳᠤ ᠣᠷᠣᠯᠴᠠᠪᠠ᠃      ᠪᠠᠯᠭᠠᠰᠤᠨ ᠤ ᠨᠠᠮ ᠤᠨ ᠬᠤᠷᠢᠶ᠎ᠠ ᠡᠨᠡ ᠤᠳᠠᠭᠠᠨ ᠤ ᠲᠤᠰᠬᠠᠶ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠤᠷᠠᠯ ᠠᠴᠠ ᠡᠮᠦᠨ᠎ᠡ ᠬᠠᠮᠲᠤ ᠶᠢᠨ ᠰᠤᠷᠤᠯᠴᠠᠯᠭ᠎ᠠ ᠶᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠵᠤ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠶᠢ ᠭᠦᠨᠵᠡᠭᠡᠶ ᠥᠷᠨᠢᠭᠦᠯᠵᠦ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠨᠠᠷᠢᠨ ᠬᠢᠨᠠᠮᠠᠭᠠᠶ ᠲᠤᠭᠤᠷᠪᠢᠵᠤ᠂ ᠬᠤᠷᠠᠯ ᠢ ᠰᠠᠶᠢᠨ ᠬᠤᠷᠠᠯᠳᠤᠭᠤᠯᠬᠤ ᠳᠤ ᠰᠠᠶᠢᠨ ᠰᠠᠭᠤᠷᠢ ᠲᠠᠯᠪᠢᠵᠤ ᠥᠭᠴᠡᠶ᠃      ᠬᠤᠷᠠᠯ ᠳᠡᠭᠡᠷ᠎ᠡ᠂ ᠳᠡᠭᠡᠷ᠎ᠡ ᠵᠢᠯ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠵᠤ᠂ ᠤᠳᠤᠷᠢᠳᠬᠤ ᠪᠠᠭ ᠤᠨ ᠪᠦᠷᠢᠯᠳᠦᠬᠦᠨ ᠨᠡᠷ ᠲᠠᠰ ᠳᠠᠷᠠᠭᠠᠯᠠᠨ ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠵᠤ᠂ ᠨᠢᠭᠤᠷᠲᠠᠨ ᠰᠢᠭᠦᠮᠵᠢᠯᠡᠭᠰᠡᠨ ᠪᠠᠶᠢᠨ᠎ᠠ᠃ ᠰᠢᠶᠠᠨ ᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠠᠯᠪᠠᠨ ᠭᠡᠷ ᠤᠨ ᠭᠤᠷᠪᠠᠳᠤᠭᠠᠷ ᠬᠤᠯᠪᠣᠭ᠎ᠠ ᠠᠪᠴᠤ ᠵᠢᠯᠣᠭᠤᠳᠬᠤ ᠳᠤᠭᠤᠶᠢᠯᠠᠩ ᠠᠴᠠ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠥᠷᠨᠢᠭᠦᠯᠦᠭᠰᠡᠨ ᠪᠠᠶᠢᠳᠠᠯ ᠳᠤ ᠦᠨᠡᠯᠡᠯᠲᠡ ᠬᠢᠪᠡ᠃      ᠢᠦᠢ ᠬᠤᠩ ᠯᠢᠶᠠᠩ ᠲᠤᠰ ᠤᠳᠠᠭ᠎ᠠ ᠶᠢᠨ ᠬᠤᠷᠠᠯ ᠢ ᠭᠦᠢᠴᠡᠳ ᠨᠤᠲᠠᠯᠠᠪᠠ᠃ ᠲᠡᠷᠡ ᠵᠢᠭᠠᠵᠤ ᠭᠠᠷᠭᠠᠭᠰᠠᠨ ᠨᠢ᠂ ᠪᠠᠶᠢᠴᠠᠭᠠᠨ ᠳᠡᠯᠭᠡᠵᠦ ᠭᠠᠷᠭᠠᠭᠰᠠᠨ ᠠᠰᠠᠭᠤᠳᠠᠯ ᠢ ᠨᠢᠭᠡᠳ ᠨᠢᠭᠡ ᠪᠠᠷ ᠴᠡᠭᠴᠡᠯᠡᠨ ᠥᠭᠡᠷᠡᠴᠢᠯᠡᠵᠦ᠂ ᠲᠥᠰᠦᠯ ᠢ ᠰᠤᠳᠤᠯᠤᠨ ᠲᠣᠭᠲᠠᠭᠠᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠢ ᠰᠠᠶᠢᠲᠤᠷ ᠬᠡᠷᠡᠭᠯᠡᠨ᠂ ᠪᠥᠬᠦ ᠪᠠᠯᠭᠠᠰᠤᠨ ᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠭᠤᠤᠯ ᠰᠡᠳᠦᠪᠲᠦ ᠬᠥᠮᠦᠵᠢᠯ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ︽ᠰᠡᠭᠦᠯᠴᠢ ᠶᠢᠨ ᠬᠠᠭᠠᠰ ᠵᠣᠬᠢᠶᠠᠯ︾᠎ ᠢ ᠰᠠᠶᠢᠲᠤᠷ ᠬᠢᠬᠦ ᠬᠡᠷᠡᠭᠲᠡᠶ᠃ ᠨᠢᠭᠡ ᠳᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠯ᠎ᠠ ᠪᠠᠷ ᠦᠷᠭᠦᠯᠵᠢᠯᠡᠨ ᠭᠦᠨᠵᠡᠭᠡᠢ ᠪᠣᠳᠠᠲᠠᠶᠢᠵᠢᠭᠤᠯᠵᠤ᠂ ᠢᠯᠠᠩᠭᠤᠶ᠎ᠠ ︽ᠬᠤᠶᠠᠷ ᠶᠡᠭᠡ ᠶᠠᠪᠤᠳᠠᠯ︾᠎ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠶᠢ ᠬᠠᠮᠤᠭ ᠤᠨ ᠶᠡᠭᠡ ᠠᠵᠢᠯ ᠤᠨ ᠪᠦᠲᠦᠮᠵᠢ ᠪᠣᠯᠭᠠᠬᠤ ᠶᠢ ᠪᠠᠷᠢᠮᠲᠠᠯᠠᠵᠤ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠪᠣᠳᠠᠲᠠᠢ ᠠᠵᠢᠯ ᠤᠨ ᠰᠡᠳᠬᠢᠴᠡ ᠪᠠ ᠠᠷᠭ᠎ᠠ ᠬᠡᠮᠵᠢᠶ᠎ᠡ ᠪᠣᠯᠭᠠᠨ ᠨᠡᠩ ᠰᠠᠶᠢᠲᠤᠷ ᠬᠤᠪᠢᠷᠠᠭᠤᠯᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠨᠡᠩ ᠰᠠᠶᠢᠲᠤᠷ ᠬᠦᠳᠦᠯᠥᠨ ᠳᠠᠭᠠᠭᠤᠯᠬᠤ ᠬᠡᠷᠡᠭᠲᠡᠢ᠃ ᠬᠤᠶᠠᠷ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡ ᠬᠦ ᠭᠤᠣᠯ ᠰᠢᠵᠢᠮ ᠢ ᠦᠨᠳᠦᠰᠦᠨ ᠱᠠᠲᠤᠨ ᠤ ᠠᠵᠢᠯ ᠳᠤ ᠪᠦᠬᠦ ᠲᠠᠯ᠎ᠠ ᠪᠠᠷ ᠲᠤᠭᠤᠰᠢᠯᠠᠭᠤᠯᠵᠤ᠂ ᠪᠣᠳᠠᠲᠠᠶ ᠠᠵᠢᠯ ᠠᠴᠠ ᠡᠬᠢᠯᠡᠨ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠠᠪᠤᠳᠠᠯ ᠢ ᠰᠢᠶᠠᠩ ᠪᠠᠯᠭᠠᠰᠤᠨ ᠤ ᠪᠣᠳᠠᠲᠠᠶ ᠠᠵᠢᠯ ᠤᠨ ᠲᠠᠯ᠎ᠠ ᠪᠦᠬᠦᠨ ᠳᠤ ᠢᠯᠡᠷᠡᠭᠦᠯᠬᠦ ᠬᠡᠷᠡᠭᠲᠡᠶ᠃ ᠭᠤᠷᠪᠠ ᠳᠤ᠂ ᠰᠢᠶᠠᠨ ᠤ ᠨᠠᠮ ᠤᠨ ᠬᠤᠷᠢᠶ᠎ᠡ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭ᠎ᠠ ᠶᠢᠨ ᠬᠤᠷᠠᠯ ᠵᠢᠴᠢ ᠪᠦᠬᠦ ᠰᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠤᠰ ᠪᠡᠶ᠎ᠡ ᠶᠢᠨ ᠣᠷᠣᠨ ᠪᠦᠰᠡ ᠶᠢᠨ ᠨᠥᠬᠦᠴᠡᠯ᠂ ᠰᠣᠶᠣᠯ ᠤᠨ ᠳᠠᠪᠠᠭᠤᠯᠢᠭ᠂ ᠠᠵᠤ ᠦᠢᠯᠡᠰ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠣᠨᠴᠠᠭᠠᠢ︾ ᠳᠡᠭᠡᠷ᠎ᠡ ᠦᠷᠭᠦᠯᠵᠢᠯᠡᠨ ᠬᠦᠴᠦ ᠣᠷᠣᠭᠤᠯᠵᠤ᠂ ︽ᠰᠢᠯᠢᠳᠡᠭ︾ ᠳᠡᠭᠡᠷ᠎ᠡ ᠬᠦᠴᠦ ᠣᠷᠣᠭᠤᠯᠵᠤ᠂ ︽ᠬᠦᠴᠦᠷᠬᠡᠭ︾ ᠳᠡᠭᠡᠷ᠎ᠡ ᠦᠷ᠎ᠡ ᠪᠦᠲᠦᠮᠵᠢ ᠭᠠᠷᠭᠠᠵᠤ᠂ ᠡᠯ᠎ᠡ ᠵᠦᠢᠯ ᠤᠨ ᠠᠵᠢᠯ ᠤᠨ ᠲᠡᠰ ᠳᠡᠪᠰᠢᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃      ᠬᠠᠮᠤᠭ ᠰᠡᠭᠦᠯ ᠳᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠨᠢᠭᠡ ᠳᠤ᠂ ᠵᠠᠩᠭᠢᠯᠠᠭ᠎ᠠ ᠶᠢᠨ ᠭᠤᠭᠴᠤᠭ᠎ᠠ ᠶᠢ ᠡᠵᠡᠮᠳᠡᠵᠦ᠂ ᠦᠷᠭᠦᠯᠵᠢᠯᠡᠨ ᠰᠤᠷᠤᠯᠴᠠᠬᠤ ᠳᠤ ᠦᠵᠡᠯ ᠰᠠᠨᠠᠭᠠᠨ ᠤ ᠰᠠᠭᠤᠷᠢ ᠶᠢ ᠪᠠᠲᠤ ᠲᠠᠯᠪᠢᠬᠤ ᠬᠡᠷᠡᠭᠲᠡᠢ᠃ ᠤᠭ ᠵᠣᠬᠢᠶᠠᠯ ᠢ ᠲᠡᠷᠡ ᠬᠡᠪ ᠢᠶᠠᠷ ᠨᠢ ᠰᠤᠷᠤᠯᠴᠠᠬᠤ᠂ ᠤᠭ ᠵᠣᠬᠢᠶᠠᠯ ᠢ ᠨᠢ ᠤᠩᠰᠢᠵᠤ ᠤᠭ ᠵᠣᠬᠢᠶᠠᠯ ᠢ ᠨᠢ ᠰᠤᠷᠴᠤ ᠤᠭ ᠶᠣᠰᠣ ᠶᠢ ᠨᠢ ᠣᠶᠢᠯᠠᠭᠠᠬᠤ᠂ ᠤᠯᠠᠨ ᠢ ᠰᠡᠳᠬᠢᠵᠦ ᠤᠯᠠᠨ ᠢ ᠪᠣᠳᠣᠯᠬᠢᠯᠠᠬᠤ᠂ ᠤᠯᠠᠨ ᠢ ᠰᠡᠶᠢᠯᠵᠦ ᠤᠯᠠᠨ ᠢ ᠪᠣᠯᠪᠠᠰᠤᠷᠠᠭᠤᠯᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ᠂ ᠭᠤᠣᠯ ᠴᠢᠬᠤᠯᠠ ᠠᠭᠤᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠰᠤᠷᠤᠯᠴᠠᠨ ᠣᠶᠢᠯᠠᠭᠠᠵᠤ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ᠂ ᠪᠦᠬᠦ ᠲᠠᠯ᠎ᠠ ᠪᠠᠷ ᠡᠵᠡᠮᠰᠢᠬᠦ᠂ ᠨᠡᠪᠲᠡᠷᠡᠲᠡᠯ᠎ᠡ ᠣᠶᠢᠯᠠᠭᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠪᠠᠷᠢᠮᠵᠢᠶ᠎ᠠ ᠶᠢ ᠴᠢᠩᠭ᠎ᠠ ᠬᠠᠷᠭᠤᠭᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠥᠭᠡᠷᠡᠴᠢᠯᠡᠬᠦ︾᠎ ᠶᠢ ᠢᠮᠠᠭᠲᠠ ᠲᠤᠤᠱᠯᠠᠭᠤᠯᠵᠤ᠂ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ ᠠᠰᠠᠭᠤᠳᠠᠯ ᠤᠨ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠠᠶᠢᠭᠤᠯᠵᠤ᠂ ᠨᠣᠮᠧᠷ ᠢ ᠬᠠᠰᠤᠬᠤ ᠬᠠᠮᠢᠶᠠᠷᠤᠯᠲᠠ ᠶᠢ ᠬᠡᠷᠡᠭᠵᠢᠭᠦᠯᠵᠦ᠂ ᠮᠥᠷᠳᠡᠨ ᠠᠬᠢᠭᠤᠯᠬᠤ ᠬᠡᠷᠡᠭᠲᠡᠢ᠃ ᠭᠤᠷᠪᠠ ᠳᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠠᠶᠢᠨ ᠰᠠᠶᠢᠬᠠᠨ ᠺᠠᠳ᠋ᠷ ᠤᠨ ᠲᠦᠷᠢ ᠲᠥᠷᠬᠦ ᠶᠢ ᠤᠬᠠᠮᠰᠠᠷ ᠠᠴᠠ ᠪᠠᠨ ᠪᠤᠢ ᠪᠣᠯᠭᠠᠬᠤ ᠬᠡᠷᠡᠭᠲᠡᠢ᠃ ᠤᠳᠤᠷᠢᠳᠬᠤ ᠪᠠᠭ ᠤᠨ ᠪᠦᠷᠢᠯᠳᠦᠬᠦᠨ ᠨᠡᠷ ᠲᠦᠷᠦᠭᠦᠯᠡᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ᠂ ᠠᠷᠢᠭᠤᠨ ᠴᠢᠬᠡᠴᠢ ᠪᠠᠷ ᠭᠡᠷ ᠢᠶᠠᠨ ᠲᠡᠭᠰᠢᠯᠡᠬᠦ ᠵᠢᠱᠢᠶᠡᠴᠢ ᠪᠤᠯᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠤᠶᠤᠨ ᠰᠠᠨᠠᠭᠠᠨ ᠤ ᠳᠦᠷᠰᠦ ᠪᠠᠶᠢᠳᠠᠯ᠂ ᠴᠠᠭ ᠪᠢᠳᠡᠨ ᠢ ᠬᠦᠯᠢᠶᠡᠬᠦ ᠦᠭᠡᠢ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠷ ᠲᠦᠷᠦᠭᠦᠯᠡᠨ ᠪᠡᠷᠬᠡ ᠪᠣᠭᠤᠮᠲᠠ ᠶᠢ ᠰᠢᠪᠲᠤᠯᠵᠤ᠂ ᠪᠡᠷᠬᠡ ᠰᠡᠳᠦᠪ ᠢ ᠰᠢᠢᠳᠪᠦᠷᠢᠯᠡᠨ᠂ ᠭᠤᠣᠯᠳᠠᠯᠭ᠎ᠠ ᠶᠢ ᠠᠳᠬᠤᠵᠤ᠂ ᠵᠠᠩ ᠭᠤᠤ ᠪᠠᠯᠭᠠᠰᠤᠨ ᠤ ᠡᠯ᠎ᠡ ᠵᠦᠢᠯ ᠤᠨ ᠠᠵᠢᠯ ᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3