ᠴᠢ ᠹᠧᠶ ᠶᠦᠨ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠰᠢᠩ ᠾᠧ ᠰᠢᠶᠠᠨ ᠤ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ
ᠨᠡᠶᠢᠲᠡᠯᠡᠭᠰᠡᠨ ᠴᠠᠭ᠄
2024/1/19
      1 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠲᠡᠭᠦᠨ ᠤ ᠪᠠᠶᠢᠭ᠎ᠠ ᠰᠢᠩ ᠾᠧ ᠰᠢᠶᠠᠨ ᠤ ᠲᠥᠯᠥᠭᠡᠯᠡᠭᠴᠢᠳ ᠤᠨ ᠪᠦᠯᠬᠦᠮ ᠳᠤ ᠢᠷᠡᠵᠦ᠂ ᠣᠯᠠᠨ ᠲᠠᠢ ᠬᠠᠮᠲᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠬᠢᠨᠠᠨ ᠶᠠᠷᠢᠯᠴᠠᠵᠤ᠂ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠬᠢᠨᠠᠮᠠᠭᠠᠶ ᠰᠣᠨᠣᠰᠪᠠ᠃      ᠲᠤᠬᠠᠶ ᠶᠢᠨ ᠲᠠᠯᠠᠪᠠᠶ ᠶᠢ ᠬᠢᠨᠠᠨ ᠵᠥᠪᠯᠡᠵᠦ᠂ ᠠᠭᠤᠷ ᠠᠮᠢᠰᠬᠤᠯ ᠬᠦᠷ ᠬᠥᠭᠵᠢᠶᠡᠨ ᠲᠠᠢ᠂ ᠲᠥᠯᠥᠭᠡᠯᠡᠭᠴᠢᠳ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠦᠢᠯᠡᠰ ᠤᠨ ᠬᠥᠭᠵᠢᠯᠲᠡ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠠᠰᠠᠭᠤᠳᠠᠯ ᠤᠨ ᠲᠣᠭᠤᠷᠢᠨ ᠳᠤ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠤᠯᠠᠨ ᠢᠶᠠᠷ ᠢᠶᠠᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭᠠᠨ ᠤ ᠤᠶᠤᠨ ᠤᠬᠠᠭᠠᠨ ᠢ ᠨᠢᠭᠲᠠᠷᠠᠭᠤᠯᠵᠤ᠂ ᠵᠠᠮ ᠨᠡᠭᠡᠭᠡᠨ ᠤᠷᠤᠭᠰᠢᠯᠠᠬᠤ ᠵᠣᠷᠢᠭ ᠰᠠᠨᠠᠭ᠎ᠠ ᠶᠢ ᠢᠯᠡᠷᠡᠭᠦᠯᠵᠦ᠂ ᠭᠠᠵᠠᠷ ᠪᠣᠯᠭᠠᠨ ᠳᠤ ᠨᠢᠭᠡ ᠰᠡᠳᠬᠢᠯ ᠢᠶᠠᠷ ᠠᠷᠠᠳ ᠤᠨ ᠲᠥᠯᠥᠭᠡ ᠵᠢᠳᠬᠦᠬᠦ ᠤᠬ ᠰᠠᠨᠠᠭ᠎ᠠ ᠶᠢ ᠡᠪᠦᠷᠯᠡᠵᠦ᠂ ᠬᠥᠮᠦᠰ ᠤᠨ ᠰᠡᠳᠬᠢᠯ ᠢ ᠵᠣᠷᠢᠭᠵᠢᠭᠤᠯᠤᠨ᠂ ᠢᠲᠡᠭᠡᠯ ᠵᠣᠷᠢᠭ ᠢ ᠬᠥᠪᠴᠢᠯᠡᠵᠦ᠂ ᠠᠷᠠᠳ ᠤᠨ ᠰᠡᠳᠬᠢᠯ ᠢ ᠳᠤᠯᠠᠭᠠᠴᠠᠭᠤᠯᠤᠭᠰᠠᠨ ᠰᠠᠶᠢᠨ ᠢᠯᠡᠳᠬᠡᠯ ᠪᠣᠯᠤᠨ᠎ᠠ ᠭᠡᠵᠦ ᠰᠠᠨᠠᠯ ᠨᠢᠭᠡᠲᠡᠢ ᠦᠵᠡᠪᠡ᠃      ᠴᠢ ᠹᠸᠢ ᠶᠦᠨ ᠵᠢᠭᠠᠵᠤ ᠭᠠᠷᠭᠠᠭᠰᠠᠨ ᠨᠢ᠂ ᠰᠢᠩ ᠡᡁᠧ ᠰᠢᠶᠠᠨ ᠤ ᠬᠥᠭᠵᠢᠯᠲᠡ ᠶᠢᠨ ᠣᠷᠣᠨ ᠵᠠᠢ ᠥᠷᠭᠡᠨ ᠠᠭᠤᠳᠠᠮ᠂ ᠡᠯ᠎ᠡ ᠵᠦᠢᠯ ᠤᠨ ᠠᠵᠢᠯ ᠢ ᠪᠦᠬᠦ ᠬᠤᠳᠠ ᠳᠤ ︽ᠡᠮᠦᠨ᠎ᠡ ᠨᠢ ᠶᠠᠪᠤᠵᠤ᠂ ᠵᠢᠱᠢᠶ᠎ᠡ ᠦᠵᠡᠭᠦᠯᠬᠦ︾ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠭᠤᠶᠤ ᠰᠠᠶᠢᠬᠠᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠪᠠᠷ ᠴᠢᠷᠮᠠᠶᠢᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡ ᠬᠦ ᠭᠤᠣᠯ ᠰᠢᠵᠢᠮ ᠢ ᠴᠢᠩᠭ᠎ᠠ ᠠᠳᠬᠤᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠷᠡᠰ ᠭᠤᠶᠢᠪᠢᠰᠢ ᠦᠭᠡᠢ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠨᠡᠩ ᠰᠠᠶᠢᠲᠤᠷ ᠠᠬᠢᠭᠤᠯᠬᠤ ᠬᠡᠷᠡᠭᠲᠡᠢ᠃      ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠭᠤᠶᠢᠪᠢᠰᠢ ᠦᠭᠡᠢ ᠠᠬᠢᠭᠤᠯᠵᠤ᠂ ᠲᠡᠮᠦᠷ ᠤᠨ ᠬᠠᠶᠢᠯᠤᠰᠢ ᠶᠢᠨ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠵᠦ᠂ ᠲᠣᠭᠠᠴᠢᠯᠠᠭᠰᠠᠨ ᠠᠵᠤ ᠠᠬᠤᠢ᠂ ᠪᠣᠬᠢᠷᠲᠤᠯ ᠦᠭᠡᠢ ᠠᠵᠤ ᠠᠬᠤᠢ ᠶᠢ ᠬᠥᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠪᠡᠭᠡᠵᠢᠩ ᠲᠢᠶᠠᠨᠵᠢᠨ ᠡᡁᠧᠪᠸᠢ ᠶᠢᠨ ᠠᠵᠤ ᠠᠬᠤᠢ ᠶᠢᠨ ᠬᠦᠷᠢᠶ᠎ᠡ ᠳᠤ ᠢᠳᠡᠪᠬᠢᠲᠡᠢ ᠠᠭᠤᠰᠤᠯᠴᠠᠵᠤ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠵᠠᠭᠪᠤᠷ ᠢ ᠶᠡᠬᠡᠪᠡᠷ ᠠᠬᠢᠭᠤᠯᠵᠤ᠂ ᠪᠣᠭᠤᠳᠠᠯᠯᠠᠬᠤ᠂ ᠬᠥᠮᠥᠷᠭᠡᠯᠡᠬᠦ᠂ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡ ᠵᠡᠷᠭᠡ ᠡᠯ᠎ᠡ ᠭᠤᠭᠴᠤᠭ᠎ᠠ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠬᠦ ᠬᠡᠷᠡᠭᠲᠡᠢ᠃ ᠤᠰᠤ ᠠᠷᠪᠢᠯᠠᠬᠤ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠶ ᠡᠳ᠋ᠰᠢᠭᠦᠯᠬᠦ ᠶᠢ ᠦᠷᠭᠦᠯᠵᠢᠯᠡᠨ ᠰᠢᠯᠢᠳᠡᠭᠵᠢᠭᠦᠯᠦᠨ ᠴᠢᠩᠭᠠᠳᠬᠠᠬᠤ ᠬᠡᠷᠡᠭᠲᠡᠶ᠃ ᠵᠠᠬ᠎ᠠ ᠳᠡᠯᠭᠡᠭᠦᠷ ᠤᠨ ᠪᠠᠶᠢᠷᠢ ᠲᠣᠭᠲᠠᠭᠠᠯᠲᠠ᠂ ᠪᠦᠲᠦᠭᠡᠭᠳᠡᠬᠦᠨ ᠤ ᠪᠠᠶᠢᠷᠢ ᠲᠣᠭᠲᠠᠭᠠᠯᠲᠠ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠨᠠᠷᠢᠯᠢᠭ ᠣᠨᠣᠴᠠᠲᠠᠶ ᠪᠠᠷ ᠬᠢᠵᠦ᠂ ᠬᠠᠷᠠᠯᠲᠠ ᠶᠢᠨ ᠴᠢᠭᠯᠡᠯ ᠢᠶᠠᠷ ᠬᠦᠴᠦᠯᠡᠨ᠂ ᠠᠳᠠᠯᠢ ᠪᠤᠰᠤ ᠲᠠᠰ ᠳᠠᠪᠬᠤᠷᠭ᠎ᠠ ᠶᠢᠨ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠮᠡᠯᠲᠡ ᠥᠷᠲᠡᠭ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠰᠣᠶᠣᠯ ᠪᠠ ᠵᠤᠭᠠᠴᠠᠯ ᠤᠨ ᠡᠬᠢ ᠪᠠᠶᠠᠯᠢᠭ ᠤᠨ ᠳᠠᠪᠠᠭᠤᠯᠢᠭ ᠢ ᠰᠠᠶᠢᠲᠤᠷ ᠪᠠᠳᠠᠷᠠᠭᠤᠯᠵᠤ ᠂ ᠰᠣᠶᠣᠯ ᠵᠤᠭᠠᠴᠠᠯ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠴᠢᠨᠠᠷ ᠰᠠᠶᠢᠲᠠᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ︽ᠬᠥᠷᠥᠰᠥ ᠰᠢᠷᠣᠢ︾ ᠶᠢ ᠭᠦᠨ ᠪᠤᠶᠢᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠦᠷᠭᠦᠯᠵᠢᠯᠡᠨ ᠳᠡᠮᠵᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠠᠲᠠᠬᠤ ᠠᠵᠢᠯ ᠢ ᠰᠠᠶᠢᠲᠤᠷ ᠠᠳᠬᠤᠵᠤ᠂ ︽ᠲᠥᠷᠥᠯ ᠵᠦᠢᠯ ᠤᠨ ᠬᠠᠮᠢᠶᠠᠷᠤᠭᠴᠢ︾ ᠶᠢᠨ  ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠢ ᠢᠳᠡᠪᠬᠢᠲᠡᠶ ᠪᠠᠷ ᠬᠠᠪᠰᠤᠷᠤᠨ ᠬᠦᠴᠢᠷᠳᠡᠯ ᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠶ᠃ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠭᠠᠮᠨᠠᠨ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠺᠠᠳ᠋ᠷ ᠤᠨ ᠰᠤᠷᠲᠠᠯ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠴᠢᠩᠭ᠎ᠠ ᠬᠠᠮᠢᠶᠠᠷᠴᠤ ᠭᠦᠨ ᠬᠠᠶᠢᠷᠠᠯᠠᠬᠤ᠂ ᠰᠠᠬᠢᠯᠭ᠎ᠠ ᠪᠠᠲᠤ ᠪᠠᠷ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠬᠤ ᠬᠡᠷᠡᠭᠲᠡᠶ᠃       ᠬᠥᠳᠡᠭᠡ ᠲᠣᠰᠬᠤᠨ ᠤ ᠠᠵᠤ  ᠦᠢᠯᠡᠰ ᠤᠨ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠬᠥᠳᠡᠭᠡ ᠲᠣᠰᠬᠤᠨ ᠤ ᠭᠤᠪᠢᠭᠤᠯᠤᠨ ᠬᠦᠷᠭᠡᠬᠦ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠵᠦ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ᠃      ᠴᠢ ᠹᠸᠢ ᠶᠦᠨ  ᠴᠢᠩᠭᠠᠳᠬᠠᠭᠰᠠᠨ ᠨᠢ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠵᠠᠷᠤᠳᠠᠯ ᠤᠨ ᠪᠠᠲᠤᠯᠠᠪᠤᠷᠢ ᠶᠢᠨ ᠰᠢᠰᠲᠧᠮ ᠢ ᠲᠡᠭᠦᠯᠳᠡᠷᠵᠢᠭᠦᠯᠵᠦ᠂ ᠵᠠᠷᠤᠳᠠᠯ ᠤᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠤᠯᠠᠨ ᠵᠦᠢᠯ ᠤᠨ ᠠᠷᠭ᠎ᠠ  ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠪᠠᠭᠰᠢ ᠶᠢᠨ ᠡᠩᠨᠡᠭᠡ ᠶᠢ ᠬᠥᠮᠦᠵᠢᠭᠦᠯᠬᠦ ᠡᠷᠴᠢᠮ ᠢ ᠪᠦᠬᠦ ᠲᠠᠯ᠎ᠠ ᠪᠠᠷ ᠴᠢᠩᠭᠠᠷᠠᠭᠤᠯᠵᠤ᠂ ᠪᠠᠭᠰᠢ ᠶᠢᠨ ᠬᠠᠷᠠᠭᠠᠯᠵᠠᠯ ᠤᠨ ᠪᠠᠲᠤᠯᠠᠪᠤᠷᠢ ᠶᠢ ᠴᠢᠩᠭᠠᠳᠬᠠᠵᠤ᠂ ᠪᠠᠭᠰᠢ ᠶᠢ ᠬᠥᠬᠢᠭᠦᠯᠦᠨ ᠱᠠᠩᠨᠠᠬᠤ ᠲᠣᠭᠲᠠᠴᠠ ᠶᠢ ᠪᠦᠷᠢᠨᠰᠢᠬᠦᠯᠵᠦ᠂ ᠨᠡᠩ ᠤᠯᠠᠨ ᠪᠠᠭᠰᠢ ᠶᠢᠨ ︽ᠦᠯᠡᠳᠡᠵᠦ ᠳᠡᠶᠢᠯᠬᠦ︾ ︽ᠰᠠᠶᠢᠨ ᠵᠢᠭᠠᠬᠤ︾ ᠶᠢ ᠵᠣᠷᠢᠭᠵᠢᠭᠤᠯᠵᠤ᠂ ᠭᠡᠷ ᠤᠨ ᠠᠬᠠᠮᠠᠳ ᠢ ᠰᠡᠳᠬᠢᠯ ᠠᠮᠤᠷ ᠪᠠᠶᠢᠯᠭᠠᠵᠤ᠂ ᠬᠡᠦᠬᠡᠳ ᠢ ᠭᠡᠷ ᠤᠨ ᠡᠭᠦᠳᠡᠨ ᠳᠤ ᠰᠠᠶᠢᠨ ᠰᠤᠷᠭᠠᠭᠤᠯᠢ ᠳᠤ ᠰᠤᠷᠤᠯᠴᠠᠭᠤᠯᠬᠤ ᠬᠡᠷᠡᠭᠲᠡᠢ᠃ ᠪᠡᠭᠡᠵᠢᠩ ᠬᠤᠳᠠ ᠶᠢᠨ ᠡᠮ ᠡᠮᠨᠡᠯᠭᠡ ᠶᠢᠨ ᠪᠠᠶᠢᠭᠤᠯᠤᠮᠵᠢ ᠯᠤᠭ᠎ᠠ ᠶᠢᠨ ᠵᠣᠯᠭᠠᠯᠴᠠᠭ᠎ᠠ ᠬᠠᠮᠲᠤᠷᠠᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠠᠷᠠᠳ ᠤᠯᠠᠨ ᠳᠤ ᠰᠢᠯᠢᠳᠡᠭ ᠡᠮ ᠡᠮᠨᠡᠯᠭᠡ ᠶᠢᠨ ᠡᠬᠢ ᠪᠠᠶᠠᠯᠢᠭ ᠢ ᠡᠳ᠋ᠯᠡᠭᠦᠯᠬᠦ ᠬᠡᠷᠡᠭᠲᠡᠢ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3