1 ᠰᠠᠷ᠎ᠠ ᠶᠢᠨ 19 ᠤ ᠡᠳᠦᠷ᠂ ᠵᠠᠩ ᠭᠤᠤ ᠪᠠᠯᠭᠠᠰᠤᠨ ᠤ ᠨᠠᠮ ᠤᠨ ᠬᠤᠷᠢᠶ᠎ᠠ ᠰᠢ ᠶᠢᠨ ᠫᠢᠩ ᠶᠢᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ | ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ | ᠳᠠᠷᠤᠭ᠎ᠠ ᠢᠦᠶ ᠬᠤᠩ ᠯᠢᠶᠠᠩ ᠵᠢᠴᠢ ᠰᠢᠶᠠᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠠᠯᠪᠠᠨ | ᠬᠡᠷ ᠤᠨ ᠭᠤᠷᠪᠠᠳᠤᠭᠠᠷ ᠬᠤᠯᠪᠣᠭ᠎ᠠ ᠠᠪᠴᠤ ᠵᠢᠯᠣᠭᠤᠳᠬᠤ ᠳᠤᠭᠤᠶᠢᠯᠠᠩ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ ᠤᠨ | ᠬᠠᠮᠢᠶ᠎ᠠ ᠪᠥᠬᠦᠶ ᠬᠥᠮᠦᠰ ᠬᠤᠷᠠᠯ ᠳᠤ ᠢᠷᠡᠵᠦ ᠵᠢᠭᠠᠨ ᠵᠢᠯᠣᠭᠤᠳᠪᠠ᠃ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ | ᠪᠠᠭ ᠤᠨ ᠪᠦᠬᠦ ᠪᠦᠷᠢᠯᠳᠦᠬᠦᠨ ᠬᠤᠷᠠᠯ ᠳᠤ ᠣᠷᠣᠯᠴᠠᠪᠠ᠃ | ᠪᠠᠯᠭᠠᠰᠤᠨ ᠤ ᠨᠠᠮ ᠤᠨ ᠬᠤᠷᠢᠶ᠎ᠠ ᠡᠨᠡ ᠤᠳᠠᠭᠠᠨ ᠤ ᠲᠤᠰᠬᠠᠶ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ | ᠬᠤᠷᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠤᠷᠠᠯ ᠠᠴᠠ ᠡᠮᠦᠨ᠎ᠡ ᠬᠠᠮᠲᠤ ᠶᠢᠨ ᠰᠤᠷᠤᠯᠴᠠᠯᠭ᠎ᠠ ᠶᠢ ᠨᠠᠷᠢᠨ | ᠬᠢᠨᠠᠮᠠᠭᠠᠶ ᠵᠣᠬᠢᠶᠠᠨ ᠪᠠᠶᠢᠭᠤᠯᠵᠤ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠰᠡᠳᠬᠢᠯ ᠤᠨ ᠦᠭᠡ ᠪᠠᠨ ᠬᠡᠯᠡᠯᠴᠡᠨ | ᠶᠠᠷᠢᠯᠴᠠᠬᠤ ᠶᠢ ᠭᠦᠨᠵᠡᠭᠡᠶ ᠥᠷᠨᠢᠭᠦᠯᠵᠦ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠨᠠᠷᠢᠨ ᠬᠢᠨᠠᠮᠠᠭᠠᠶ ᠲᠤᠭᠤᠷᠪᠢᠵᠤ᠂ | ᠬᠤᠷᠠᠯ ᠢ ᠰᠠᠶᠢᠨ ᠬᠤᠷᠠᠯᠳᠤᠭᠤᠯᠬᠤ ᠳᠤ ᠰᠠᠶᠢᠨ ᠰᠠᠭᠤᠷᠢ ᠲᠠᠯᠪᠢᠵᠤ ᠥᠭᠴᠡᠶ᠃ | ᠬᠤᠷᠠᠯ ᠳᠡᠭᠡᠷ᠎ᠡ᠂ ᠳᠡᠭᠡᠷ᠎ᠡ ᠵᠢᠯ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠪᠠᠯᠭᠠᠰᠤᠨ ᠤ ᠨᠠᠮ ᠤᠨ | ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠵᠤ᠂ ᠤᠳᠤᠷᠢᠳᠬᠤ ᠪᠠᠭ ᠤᠨ ᠪᠦᠷᠢᠯᠳᠦᠬᠦᠨ | ᠨᠡᠷ ᠲᠠᠰ ᠳᠠᠷᠠᠭᠠᠯᠠᠨ ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠵᠤ᠂ ᠨᠢᠭᠤᠷᠲᠠᠨ ᠰᠢᠭᠦᠮᠵᠢᠯᠡᠭᠰᠡᠨ ᠪᠠᠶᠢᠨ᠎ᠠ᠃ | ᠰᠢᠶᠠᠨ ᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠠᠯᠪᠠᠨ ᠭᠡᠷ ᠤᠨ ᠭᠤᠷᠪᠠᠳᠤᠭᠠᠷ ᠬᠤᠯᠪᠣᠭ᠎ᠠ ᠠᠪᠴᠤ | ᠵᠢᠯᠣᠭᠤᠳᠬᠤ ᠳᠤᠭᠤᠶᠢᠯᠠᠩ ᠠᠴᠠ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠥᠷᠨᠢᠭᠦᠯᠦᠭᠰᠡᠨ ᠪᠠᠶᠢᠳᠠᠯ ᠳᠤ ᠦᠨᠡᠯᠡᠯᠲᠡ | ᠬᠢᠪᠡ᠃ | ᠢᠦᠢ ᠬᠤᠩ ᠯᠢᠶᠠᠩ ᠲᠤᠰ ᠤᠳᠠᠭ᠎ᠠ ᠶᠢᠨ ᠬᠤᠷᠠᠯ ᠢ ᠭᠦᠢᠴᠡᠳ ᠨᠤᠲᠠᠯᠠᠪᠠ᠃ ᠲᠡᠷᠡ ᠵᠢᠭᠠᠵᠤ ᠭᠠᠷᠭᠠᠭᠰᠠᠨ ᠨᠢ᠂ | ᠪᠠᠶᠢᠴᠠᠭᠠᠨ ᠳᠡᠯᠭᠡᠵᠦ ᠭᠠᠷᠭᠠᠭᠰᠠᠨ ᠠᠰᠠᠭᠤᠳᠠᠯ ᠢ ᠨᠢᠭᠡᠳ ᠨᠢᠭᠡ ᠪᠠᠷ ᠴᠡᠭᠴᠡᠯᠡᠨ ᠥᠭᠡᠷᠡᠴᠢᠯᠡᠵᠦ᠂ ᠲᠥᠰᠦᠯ ᠢ ᠰᠤᠳᠤᠯᠤᠨ | ᠲᠣᠭᠲᠠᠭᠠᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠢ ᠰᠠᠶᠢᠲᠤᠷ ᠬᠡᠷᠡᠭᠯᠡᠨ᠂ ᠪᠥᠬᠦ | ᠪᠠᠯᠭᠠᠰᠤᠨ ᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠭᠤᠤᠯ ᠰᠡᠳᠦᠪᠲᠦ ᠬᠥᠮᠦᠵᠢᠯ ᠠᠷᠠᠳᠴᠢᠯᠠᠯ ᠤᠨ | ᠠᠮᠢᠳᠤᠷᠠᠯ ᠤᠨ ᠬᠤᠷᠠᠯ ᠤᠨ ︽ᠰᠡᠭᠦᠯᠴᠢ ᠶᠢᠨ ᠬᠠᠭᠠᠰ ᠵᠣᠬᠢᠶᠠᠯ︾ ᠢ ᠰᠠᠶᠢᠲᠤᠷ ᠬᠢᠬᠦ ᠬᠡᠷᠡᠭᠲᠡᠶ᠃ ᠨᠢᠭᠡ ᠳᠤ ᠭᠤᠣᠯ | ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠨᠡᠶᠢᠭᠡᠮ ᠵᠢᠷᠤᠮ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠲᠠᠯ᠎ᠠ ᠪᠠᠷ ᠦᠷᠭᠦᠯᠵᠢᠯᠡᠨ ᠭᠦᠨᠵᠡᠭᠡᠢ ᠪᠣᠳᠠᠲᠠᠶᠢᠵᠢᠭᠤᠯᠵᠤ᠂ ᠢᠯᠠᠩᠭᠤᠶ᠎ᠠ ︽ᠬᠤᠶᠠᠷ ᠶᠡᠭᠡ ᠶᠠᠪᠤᠳᠠᠯ︾ ᠢ | ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠶᠢ ᠬᠠᠮᠤᠭ ᠤᠨ | ᠶᠡᠭᠡ ᠠᠵᠢᠯ ᠤᠨ ᠪᠦᠲᠦᠮᠵᠢ ᠪᠣᠯᠭᠠᠬᠤ ᠶᠢ ᠪᠠᠷᠢᠮᠲᠠᠯᠠᠵᠤ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠪᠣᠳᠠᠲᠠᠢ ᠠᠵᠢᠯ ᠤᠨ | ᠰᠡᠳᠬᠢᠴᠡ ᠪᠠ ᠠᠷᠭ᠎ᠠ ᠬᠡᠮᠵᠢᠶ᠎ᠡ ᠪᠣᠯᠭᠠᠨ ᠨᠡᠩ ᠰᠠᠶᠢᠲᠤᠷ ᠬᠤᠪᠢᠷᠠᠭᠤᠯᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ | ᠱᠠᠲᠤᠨ ᠤ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠨᠡᠩ ᠰᠠᠶᠢᠲᠤᠷ ᠬᠦᠳᠦᠯᠥᠨ ᠳᠠᠭᠠᠭᠤᠯᠬᠤ ᠬᠡᠷᠡᠭᠲᠡᠢ᠃ | ᠬᠤᠶᠠᠷ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡ | ᠬᠦ ᠭᠤᠣᠯ ᠰᠢᠵᠢᠮ ᠢ ᠦᠨᠳᠦᠰᠦᠨ ᠱᠠᠲᠤᠨ ᠤ ᠠᠵᠢᠯ ᠳᠤ ᠪᠦᠬᠦ ᠲᠠᠯ᠎ᠠ ᠪᠠᠷ ᠲᠤᠭᠤᠰᠢᠯᠠᠭᠤᠯᠵᠤ᠂ ᠪᠣᠳᠠᠲᠠᠶ ᠠᠵᠢᠯ ᠠᠴᠠ | ᠡᠬᠢᠯᠡᠨ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ | ᠶᠠᠪᠤᠳᠠᠯ ᠢ ᠰᠢᠶᠠᠩ ᠪᠠᠯᠭᠠᠰᠤᠨ ᠤ ᠪᠣᠳᠠᠲᠠᠶ ᠠᠵᠢᠯ ᠤᠨ ᠲᠠᠯ᠎ᠠ ᠪᠦᠬᠦᠨ ᠳᠤ ᠢᠯᠡᠷᠡᠭᠦᠯᠬᠦ ᠬᠡᠷᠡᠭᠲᠡᠶ᠃ ᠭᠤᠷᠪᠠ ᠳᠤ᠂ | ᠰᠢᠶᠠᠨ ᠤ ᠨᠠᠮ ᠤᠨ ᠬᠤᠷᠢᠶ᠎ᠡ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭ᠎ᠠ ᠶᠢᠨ ᠬᠤᠷᠠᠯ | ᠵᠢᠴᠢ ᠪᠦᠬᠦ ᠰᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠲᠤᠰ ᠪᠡᠶ᠎ᠡ ᠶᠢᠨ ᠣᠷᠣᠨ ᠪᠦᠰᠡ ᠶᠢᠨ ᠨᠥᠬᠦᠴᠡᠯ᠂ ᠰᠣᠶᠣᠯ ᠤᠨ ᠳᠠᠪᠠᠭᠤᠯᠢᠭ᠂ ᠠᠵᠤ ᠦᠢᠯᠡᠰ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ︽ᠣᠨᠴᠠᠭᠠᠢ︾ ᠳᠡᠭᠡᠷ᠎ᠡ ᠦᠷᠭᠦᠯᠵᠢᠯᠡᠨ ᠬᠦᠴᠦ ᠣᠷᠣᠭᠤᠯᠵᠤ᠂ ︽ᠰᠢᠯᠢᠳᠡᠭ︾ | ᠳᠡᠭᠡᠷ᠎ᠡ ᠬᠦᠴᠦ ᠣᠷᠣᠭᠤᠯᠵᠤ᠂ ︽ᠬᠦᠴᠦᠷᠬᠡᠭ︾ ᠳᠡᠭᠡᠷ᠎ᠡ ᠦᠷ᠎ᠡ ᠪᠦᠲᠦᠮᠵᠢ ᠭᠠᠷᠭᠠᠵᠤ᠂ ᠡᠯ᠎ᠡ ᠵᠦᠢᠯ ᠤᠨ ᠠᠵᠢᠯ ᠤᠨ | ᠲᠡᠰ ᠳᠡᠪᠰᠢᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ | ᠬᠠᠮᠤᠭ ᠰᠡᠭᠦᠯ ᠳᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠳ᠋ᠦᠩᠨᠡᠯᠲᠡ ᠶᠢᠨ ᠶᠠᠷᠢᠶ᠎ᠠ ᠲᠠᠯᠪᠢᠪᠠ᠃ | ᠨᠢᠭᠡ ᠳᠤ᠂ ᠵᠠᠩᠭᠢᠯᠠᠭ᠎ᠠ ᠶᠢᠨ ᠭᠤᠭᠴᠤᠭ᠎ᠠ ᠶᠢ ᠡᠵᠡᠮᠳᠡᠵᠦ᠂ ᠦᠷᠭᠦᠯᠵᠢᠯᠡᠨ ᠰᠤᠷᠤᠯᠴᠠᠬᠤ ᠳᠤ ᠦᠵᠡᠯ ᠰᠠᠨᠠᠭᠠᠨ ᠤ | ᠰᠠᠭᠤᠷᠢ ᠶᠢ ᠪᠠᠲᠤ ᠲᠠᠯᠪᠢᠬᠤ ᠬᠡᠷᠡᠭᠲᠡᠢ᠃ ᠤᠭ ᠵᠣᠬᠢᠶᠠᠯ ᠢ ᠲᠡᠷᠡ ᠬᠡᠪ ᠢᠶᠠᠷ ᠨᠢ ᠰᠤᠷᠤᠯᠴᠠᠬᠤ᠂ ᠤᠭ ᠵᠣᠬᠢᠶᠠᠯ ᠢ ᠨᠢ | ᠤᠩᠰᠢᠵᠤ ᠤᠭ ᠵᠣᠬᠢᠶᠠᠯ ᠢ ᠨᠢ ᠰᠤᠷᠴᠤ ᠤᠭ ᠶᠣᠰᠣ ᠶᠢ ᠨᠢ ᠣᠶᠢᠯᠠᠭᠠᠬᠤ᠂ ᠤᠯᠠᠨ ᠢ ᠰᠡᠳᠬᠢᠵᠦ ᠤᠯᠠᠨ ᠢ ᠪᠣᠳᠣᠯᠬᠢᠯᠠᠬᠤ᠂ | ᠤᠯᠠᠨ ᠢ ᠰᠡᠶᠢᠯᠵᠦ ᠤᠯᠠᠨ ᠢ ᠪᠣᠯᠪᠠᠰᠤᠷᠠᠭᠤᠯᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ᠂ | ᠭᠤᠣᠯ ᠴᠢᠬᠤᠯᠠ ᠠᠭᠤᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠰᠤᠷᠤᠯᠴᠠᠨ ᠣᠶᠢᠯᠠᠭᠠᠵᠤ᠂ | ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ᠂ ᠪᠦᠬᠦ ᠲᠠᠯ᠎ᠠ ᠪᠠᠷ ᠡᠵᠡᠮᠰᠢᠬᠦ᠂ ᠨᠡᠪᠲᠡᠷᠡᠲᠡᠯ᠎ᠡ ᠣᠶᠢᠯᠠᠭᠠᠬᠤ ᠶᠢ ᠦᠨᠡᠨᠬᠦ | ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠪᠠᠷᠢᠮᠵᠢᠶ᠎ᠠ ᠶᠢ ᠴᠢᠩᠭ᠎ᠠ ᠬᠠᠷᠭᠤᠭᠤᠯᠵᠤ᠂ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ︽ᠥᠭᠡᠷᠡᠴᠢᠯᠡᠬᠦ︾ ᠶᠢ ᠢᠮᠠᠭᠲᠠ ᠲᠤᠤᠱᠯᠠᠭᠤᠯᠵᠤ᠂ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ | ᠠᠰᠠᠭᠤᠳᠠᠯ ᠤᠨ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠠᠶᠢᠭᠤᠯᠵᠤ᠂ ᠨᠣᠮᠧᠷ ᠢ ᠬᠠᠰᠤᠬᠤ | ᠬᠠᠮᠢᠶᠠᠷᠤᠯᠲᠠ ᠶᠢ ᠬᠡᠷᠡᠭᠵᠢᠭᠦᠯᠵᠦ᠂ ᠮᠥᠷᠳᠡᠨ ᠠᠬᠢᠭᠤᠯᠬᠤ ᠬᠡᠷᠡᠭᠲᠡᠢ᠃ ᠭᠤᠷᠪᠠ ᠳᠤ᠂ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠵᠤ᠂ ᠰᠠᠶᠢᠨ ᠰᠠᠶᠢᠬᠠᠨ ᠺᠠᠳ᠋ᠷ ᠤᠨ ᠲᠦᠷᠢ ᠲᠥᠷᠬᠦ ᠶᠢ ᠤᠬᠠᠮᠰᠠᠷ ᠠᠴᠠ ᠪᠠᠨ ᠪᠤᠢ ᠪᠣᠯᠭᠠᠬᠤ ᠬᠡᠷᠡᠭᠲᠡᠢ᠃ | ᠤᠳᠤᠷᠢᠳᠬᠤ ᠪᠠᠭ ᠤᠨ ᠪᠦᠷᠢᠯᠳᠦᠬᠦᠨ ᠨᠡᠷ ᠲᠦᠷᠦᠭᠦᠯᠡᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ᠂ ᠠᠷᠢᠭᠤᠨ | ᠴᠢᠬᠡᠴᠢ ᠪᠠᠷ ᠡᠷᠬᠡ ᠪᠠᠨ ᠬᠡᠷᠡᠭᠯᠡᠬᠦ᠂ ᠠᠷᠢᠭᠤᠨ ᠴᠢᠬᠡᠴᠢ ᠪᠠᠷ ᠭᠡᠷ ᠢᠶᠠᠨ ᠲᠡᠭᠰᠢᠯᠡᠬᠦ ᠵᠢᠱᠢᠶᠡᠴᠢ ᠪᠤᠯᠵᠤ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠬᠦ ᠤᠶᠤᠨ ᠰᠠᠨᠠᠭᠠᠨ ᠤ ᠳᠦᠷᠰᠦ ᠪᠠᠶᠢᠳᠠᠯ᠂ ᠴᠠᠭ ᠪᠢᠳᠡᠨ ᠢ ᠬᠦᠯᠢᠶᠡᠬᠦ ᠦᠭᠡᠢ ᠬᠠᠷᠢᠭᠤᠴᠠᠯᠭᠠᠲᠤ | ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠷ ᠲᠦᠷᠦᠭᠦᠯᠡᠨ ᠪᠡᠷᠬᠡ ᠪᠣᠭᠤᠮᠲᠠ ᠶᠢ ᠰᠢᠪᠲᠤᠯᠵᠤ᠂ ᠪᠡᠷᠬᠡ ᠰᠡᠳᠦᠪ ᠢ | ᠰᠢᠢᠳᠪᠦᠷᠢᠯᠡᠨ᠂ ᠭᠤᠣᠯᠳᠠᠯᠭ᠎ᠠ ᠶᠢ ᠠᠳᠬᠤᠵᠤ᠂ ᠵᠠᠩ ᠭᠤᠤ ᠪᠠᠯᠭᠠᠰᠤᠨ ᠤ ᠡᠯ᠎ᠡ ᠵᠦᠢᠯ ᠤᠨ ᠠᠵᠢᠯ ᠢ ᠰᠢᠨ᠎ᠡ ᠳᠡᠭᠲᠡᠷ ᠲᠤ | ᠭᠠᠷᠭᠠᠬᠤ ᠶᠢ ᠠᠬᠢᠭᠤᠯᠬᠤ ᠬᠡᠷᠡᠭᠲᠡᠢ᠃ | | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |