ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠰᠢᠦ᠋ᠢᠵᠸᠤ ᠶᠢᠨ ᠬᠤᠩ ᠶᠠᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠲᠦᠷᠦᠯ ᠵᠦᠢᠯ ᠤᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/1/29
     1 ᠰᠠᠷ᠎ᠠ ᠶᠢᠨ 28᠎ ᠤ ᠡᠳᠦᠷ᠂ ᠰᠢᠶᠠᠨ ᠤ ᠵᠠᠰᠠᠭ ᠤᠨ ᠣᠷᠳᠣᠨ ᠰᠢᠦ᠋ᠢᠵᠸᠤ ᠶᠢᠨ ᠬᠤᠩ ᠶᠠᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠲᠥᠷᠥᠯ ᠵᠤᠶᠢᠯ ᠤᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠬᠤᠤ ᠹᠧᠩ ᠺᠠᠶ᠂ ᠰᠢᠦ᠋ᠢᠵᠸᠤ ᠶᠢᠨ ᠬᠤᠩ ᠶᠠᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠱᠣᠤ ᠮᠢᠩ ᠶᠠᠩ ᠨᠠᠷ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃      ᠯᠢ ᠺᠠᠶ ᠳ᠋ᠦᠩ ᠭᠠᠷ ᠤᠨ ᠥᠰᠥᠭ ᠵᠢᠷᠤᠬᠤ ᠶᠣᠰᠣᠯᠠᠯ ᠳᠡᠭᠡᠷ᠎ᠡ ᠢᠯᠡᠷᠬᠡᠶᠢᠯᠡᠬᠦ ᠳᠡᠭᠡᠨ᠂ ᠲᠣᠰ ᠲᠥᠷᠥᠯ  ᠵᠤᠶᠢᠯ ᠪᠣᠯ ᠰᠢᠩ ᠾᠧ ᠰᠢᠶᠠᠨ ᠤ 2024 ᠣᠨ ᠤ ᠠᠩᠬᠠᠳᠠᠭᠴᠢ ᠲᠥᠷᠥᠯ ᠵᠤᠶᠢᠯ ᠮᠥᠨ᠂ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠬᠤᠶᠢᠰᠢᠳᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠳᠤ ᠮᠠᠰᠢ ᠶᠡᠭᠡ ᠠᠬᠢᠭᠤᠯᠬᠤ ᠤᠶᠢᠯᠡᠳᠤᠯ ᠲᠠᠢ ᠶᠤᠮ᠂ ᠲᠠᠷᠠᠭᠠᠴᠢ ᠶᠢᠨ ᠠᠯᠬᠤᠮ ᠳᠤ ᠰᠢᠩ ᠾᠧ ᠰᠢᠶᠠᠨ ᠤ ᠵᠠᠰᠠᠭ ᠤᠨ ᠣᠷᠳᠣᠨ ᠲᠥᠷᠥᠯ ᠵᠤᠶᠢᠯ ᠤᠨ ᠱᠠᠭᠠᠷᠳᠠᠯᠭ᠎ᠠ ᠶᠣᠰᠣᠭᠠᠷ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ᠂ ᠮᠥᠷᠳᠡᠨ  ᠤᠶᠢᠯᠡᠴᠢᠯᠡᠬᠦ ᠶᠢ ᠰᠠᠶᠢᠲᠤᠷ ᠬᠢᠵᠦ᠂ ᠠᠵᠤ ᠠᠬᠤᠶᠢᠯᠠᠯ ᠳᠤ ᠴᠢᠨᠠᠷ ᠰᠠᠶᠢᠲᠠᠶ ᠤᠶᠢᠯᠡᠴᠢᠯᠡᠭᠡ ᠪᠠ ᠪᠠᠲᠤᠯᠠᠭ᠎ᠠ ᠬᠠᠩᠭᠠᠨ᠎ᠠ ᠭᠡᠵᠡᠶ᠃ ᠠᠵᠤ ᠠᠬᠤᠶᠢᠯᠠᠯ ᠤᠳ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠪᠦᠳᠦᠭᠡᠨ ᠪᠠᠶᠢᠭᠤᠯᠤᠯᠲᠠ᠂ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠲᠦᠷᠦᠯ ᠵᠦᠢᠯ ᠢ ᠠᠯᠢ ᠲᠦᠷᠭᠡᠨ ᠢᠶᠠᠷ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠵᠤ᠂ ᠲᠦᠷᠦᠯ ᠵᠦᠢᠯ ᠢ ᠨᠡᠩ ᠡᠷᠲᠡ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃     ᠰᠢᠦ᠋ᠢᠵᠸᠤ ᠶᠢᠨ ᠬᠤᠩ ᠶᠠᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠱᠤᠤ ᠮᠢᠩ ᠶᠠᠩ᠂ ᠺᠣᠮᠫᠠᠨᠢ ᠲᠤᠰ ᠪᠡᠶ᠎ᠡ ᠶᠢᠨ ᠮᠡᠷᠭᠡᠵᠢᠯ ᠪᠣᠯᠤᠨ ᠪᠡᠯᠡ ᠮᠥᠩᠭᠦᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠡᠷᠲᠡᠬᠡᠨ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠤᠯᠬᠤ ᠪᠠᠷ ᠴᠢᠷᠮᠠᠶᠢᠵᠤ᠂ ᠰᠢᠩ ᠡᡁᠧ ᠰᠢᠶᠠᠨ ᠤ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃      ᠣᠶᠢᠯᠠᠭᠠᠭᠰᠠᠨ ᠢᠶᠠᠷ᠂ ᠲᠣᠰ ᠲᠥᠷᠥᠯ ᠵᠤᠶᠢᠯ ᠢ ᠤᠯᠠᠭᠠᠨᠴᠠᠪ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠪᠠᠲᠤᠯᠠᠨ ᠲᠠᠨᠢᠯᠴᠠᠭᠤᠯᠵᠤ᠂ ᠰᠢᠩ ᠾᠧ ᠰᠢᠶᠠᠨ ᠳᠤ ᠨᠠᠶᠢᠳᠠᠪᠤᠷᠢᠵᠢᠭᠤᠯᠤᠨ᠂ ᠵᠢᠱᠢᠯᠲᠡ ᠪᠠᠷ ᠰᠢᠩ ᠾᠧ ᠰᠢᠶᠠᠨ ᠤ ᠠᠵᠤ ᠤᠶᠢᠯᠡᠰ ᠤᠨ ᠬᠦᠷᠢᠶᠡᠯᠡᠩ ᠲᠣᠭᠤᠷᠢᠭ ᠲᠤ ᠵᠢᠯ ᠳᠤ 55.20 ᠲᠦᠮᠡᠨ ᠲᠣᠨ ᠲᠡᠮᠦᠷ ᠤᠨ ᠬᠠᠶᠢᠯᠤᠰᠢ ᠪᠣᠯᠪᠠᠰᠤᠷᠠᠭᠤᠯᠬᠤ ᠲᠥᠷᠥᠯ ᠵᠤᠶᠢᠯ ᠢ ᠪᠠᠶᠢᠭᠤᠯᠵᠤ᠂ ᠲᠥᠷᠥᠯ ᠵᠤᠶᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 13 ᠳ᠋ᠦᠩᠰᠢᠭᠤᠷ ᠲᠥᠭᠦᠷᠢᠭ ᠪᠠᠶᠢᠵᠤ᠂ ᠨᠢᠭᠡᠳᠦᠭᠡᠷ ᠬᠤᠭᠤᠴᠠᠭᠠᠨ ᠤ ᠲᠥᠷᠥᠯ ᠵᠤᠶᠢᠯ ᠤᠨ ᠵᠢᠯ ᠤᠨ ᠪᠣᠷᠣᠯᠠᠭᠤᠯᠤᠯᠲᠠ ᠶᠢᠨ ᠲᠤᠭ᠎ᠠ ᠨᠢ ᠵᠢᠱᠢᠯᠲᠡ ᠪᠠᠷ 31 ᠳ᠋ᠦᠩᠰᠢᠭᠤᠷ ᠲᠥᠭᠦᠷᠢᠭ ᠲᠤ ᠬᠦᠷᠴᠦ᠂ 400 ᠭᠠᠷᠤᠶ ᠬᠥᠮᠦᠨ ᠤ ᠠᠵᠢᠯ ᠣᠯᠭᠤᠯᠲᠠ ᠶᠢ ᠰᠢᠢᠳᠪᠤᠷᠢᠯᠡᠵᠤ ᠳᠡᠶᠢᠯᠬᠦ ᠪᠣᠯᠤᠨ᠎ᠠ᠃      ᠰᠢᠶᠠᠨ ᠤ ᠳᠡᠳ᠋ ᠳᠠᠷᠤᠭ᠎ᠠ ᠾᠧᠦ ᠶᠢᠩ ᠪᠣᠯᠤᠨ ᠰᠢᠦ᠋ᠢᠵᠸᠤ ᠶᠢᠨ ᠬᠤᠩ ᠶᠠᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠱᠤᠤ ᠮᠢᠩ ᠶᠠᠩ ᠲᠤᠰ ᠲᠤᠰ ᠬᠤᠶᠠᠷ ᠲᠠᠯ᠎ᠠ ᠶᠢ ᠲᠥᠯᠥᠭᠡᠯᠡᠨ ᠲᠦᠷᠦᠯ ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠳᠤᠬᠢᠷᠠᠯᠴᠠᠵᠠᠢ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3