ᠴᠠᠭᠠᠨ ᠰᠠᠷ᠎ᠠ ᠳᠤ ᠶᠠᠳᠠᠭᠤ ᠬᠦᠴᠢᠷᠲᠡᠶ ᠡᠷᠦᠬᠡ ᠶᠢ ᠲᠣᠬᠤᠨᠢᠭᠤᠯᠵᠤ᠂ ᠭᠦᠨ ᠵᠤᠵᠠᠭᠠᠨ ᠬᠠᠯᠠᠮᠵᠢᠯᠠᠯ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/1/29
     1 ᠰᠠᠷ᠎ᠠ ᠶᠢᠨ 24᠎ ᠤ ᠡᠳᠦᠷ᠂ ᠰᠢᠩ ᠾᠧ ᠰᠢᠶᠠᠨ ᠤ ᠢᠳᠡᠭᠡᠨ ᠤᠮᠳᠠᠭᠠᠨ ᠪᠠ ᠵᠣᠴᠢᠳ ᠤᠨ ᠪᠠᠭᠤᠳᠠᠯ ᠤᠨ ᠠᠵᠢᠯ ᠲᠥᠷᠥᠯ ᠤᠨ ᠨᠡᠶᠢᠭᠡᠮᠯᠢᠭ ᠰᠢᠨ᠎ᠡ ᠬᠤᠲᠠ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ᠂ ᠪᠠᠶᠠᠷ ᠤᠨ ᠡᠳᠦᠷ ᠠᠴᠠ ᠡᠮᠦᠨ᠎ᠡ ᠥᠨᠥᠴᠢᠨ ᠪᠡᠯᠪᠡᠰᠦᠨ ᠨᠠᠰᠤᠲᠠᠨ᠂ ᠲᠠᠪᠤᠨ ᠪᠠᠲᠤᠯᠠᠭᠠᠲᠤ ᠡᠷᠦᠬᠡ ᠶᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠬᠦᠴᠢᠷᠳᠡᠯᠲᠡᠶ ᠣᠯᠠᠨ ᠲᠦᠮᠡᠨ ᠳᠤ ᠬᠠᠶᠢᠷ᠎ᠠ ᠬᠠᠯᠠᠮᠵᠢ ᠪᠠ ᠬᠠᠶᠢᠷ᠎ᠠ ᠬᠠᠯᠠᠮᠵᠢ ᠬᠦᠷᠭᠡᠪᠡ᠃      ᠠᠵᠢᠯᠯᠠᠭ᠎ᠠ ᠶᠢᠨ ᠳᠤᠮᠳᠠ᠂ ᠰᠢᠩ ᠾᠧ ᠰᠢᠶᠠᠨ ᠤ ᠢᠳᠡᠭᠡᠨ ᠤᠮᠳᠠᠭᠠᠨ ᠪᠣᠯᠤᠨ ᠵᠣᠴᠢᠳ ᠤᠨ ᠪᠠᠭᠤᠳᠠᠯ ᠤᠨ ᠠᠵᠢᠯ ᠲᠥᠷᠥᠯ ᠤᠨ ᠨᠡᠶᠢᠭᠡᠮᠯᠢᠭ ᠥᠨᠥᠴᠢᠨ ᠪᠡᠯᠪᠡᠰᠦᠨ ᠨᠠᠰᠤᠲᠠᠨ᠂ ᠲᠠᠪᠤᠨ ᠪᠠᠲᠤᠯᠠᠭᠠᠲᠤ ᠡᠷᠦᠬᠡ ᠶᠢᠨ ᠭᠡᠷ ᠲᠤ ᠭᠦᠨᠵᠡᠭᠡᠶᠢᠷᠡᠵᠦ᠂ ᠨᠠᠰᠤᠲᠠᠶᠢᠴᠤᠳ ᠤᠨ ᠠᠮᠢᠳᠤᠷᠠᠯ ᠤᠨ ᠪᠠᠶᠢᠳᠠᠯ᠂ ᠪᠡᠶ᠎ᠡ ᠶᠢᠨ ᠪᠠᠶᠢᠳᠠᠯ ᠪᠣᠯᠤᠨ ᠠᠵᠤ ᠠᠬᠤᠢ ᠶᠢᠨ ᠣᠷᠣᠯᠭ᠎ᠠ ᠶᠢ ᠨᠠᠷᠢᠨ ᠣᠶᠢᠯᠠᠭᠠᠵᠤ᠂ ᠲᠡᠳᠡᠨ ᠤ ᠬᠡᠷᠡᠭᠴᠡᠭᠡ᠂ ᠪᠤᠳᠤᠯ᠂ ᠬᠦᠰᠡᠯ᠂ ᠪᠠᠴᠢᠮᠳᠠᠯ ᠢ ᠰᠣᠨᠣᠰᠴᠤ᠂ ᠨᠠᠰᠤᠲᠠᠶᠢᠴᠤᠳ ᠲᠤ ᠡᠳᠦᠷ ᠲᠤᠳᠤᠮ ᠤᠨ ᠠᠮᠢᠳᠤᠷᠠᠯ ᠳᠤᠮᠳᠠ ᠪᠠᠨ ᠤᠰᠤ ᠴᠠᠬᠢᠯᠭᠠᠨ᠂ ᠰᠢᠲᠠᠮᠠᠬᠠᠢ ᠬᠡᠢ ᠪᠣᠯᠤᠨ ᠭᠠᠯ ᠢ ᠰᠡᠷᠭᠡᠶᠢᠯᠡᠬᠦ ᠠᠮᠤᠷ ᠲᠦᠪᠰᠢᠨ ᠵᠡᠷᠭᠡ ᠶᠢ ᠠᠩᠬᠠᠷᠬᠤ ᠶᠢ ᠰᠠᠨᠠᠭᠤᠯᠬᠤ ᠶᠢᠨ ᠬᠠᠮᠲᠤ ᠠᠮᠤ ᠪᠤᠳᠠᠭ᠎ᠠ᠂ ᠭᠤᠯᠢᠷ᠂ ᠰᠦ᠋ ᠵᠡᠷᠭᠡ ᠡᠳᠦᠷ ᠲᠤᠳᠤᠮ ᠤᠨ ᠠᠮᠢᠳᠤᠷᠠᠯ ᠤᠨ ᠴᠢᠬᠤᠯᠠ ᠬᠡᠷᠡᠭᠰᠡᠯ ᠢ ᠬᠦᠷᠭᠡᠵᠦ᠂ ᠨᠠᠰᠤᠲᠠᠶᠢᠴᠤᠳ ᠢ ᠢᠲᠡᠭᠡᠯ ᠵᠣᠷᠢᠭ ᠢᠶᠠᠨ ᠪᠠᠲᠤᠳᠬᠠᠵᠤ᠂ ᠪᠠᠶᠠᠰᠤᠩᠭᠤᠢ ᠥᠭᠡᠳᠡᠷᠬᠡᠭ ᠰᠡᠳᠬᠢᠯᠭᠡ ᠪᠠᠷ ᠠᠮᠢᠳᠤᠷᠠᠯ ᠳᠤ ᠢᠳᠡᠪᠬᠢᠲᠡᠢ ᠬᠠᠨᠳᠤᠬᠤ ᠶᠢ ᠵᠣᠷᠢᠭᠵᠢᠭᠤᠯᠪᠠ᠃      ᠲᠣᠰ ᠤᠳᠠᠭᠠᠨ ᠤ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ︽ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠠᠪᠰᠤᠷᠬᠤ︾ ᠰᠢᠯᠢᠳᠡᠭ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠨᠠᠰᠤᠲᠠᠨ ᠢᠶᠠᠨ ᠬᠠᠶᠢᠷᠠᠯᠠᠨ ᠬᠠᠯᠠᠮᠵᠢᠯᠠᠬᠤ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠬᠦᠴᠢᠷᠳᠡᠯᠲᠡᠶ ᠣᠯᠠᠨ ᠲᠦᠮᠡᠨ ᠢ ᠦᠨᠡᠨ ᠬᠦ ᠥᠲᠡᠯᠪᠡᠯ ᠠᠰᠠᠷᠠᠮᠵᠢ ᠲᠠᠢ᠂ ᠲᠦᠰᠢᠭ ᠲᠤᠯᠭᠠᠭᠤᠷᠢ ᠲᠠᠢ᠂ ᠪᠠᠶᠠᠷ ᠴᠡᠩᠭᠡᠯ ᠲᠠᠢ ᠪᠣᠯᠭᠠᠵᠠᠶ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3