ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ ᠬᠠᠤᠯᠢᠵᠢᠯ ᠤᠨ ᠬᠥᠭᠵᠢᠯ ᠪᠠ ᠭᠦᠨᠵᠡᠭᠡᠶᠢᠷᠡᠯ ᠪᠣᠳᠠᠲᠠᠶᠢᠵᠢᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2024/1/29
    ᠴᠠᠭ    2024-01-29    ᠬᠦᠨᠳᠦᠲᠦ ᠵᠣᠴᠢᠨ    ᠰᠢᠩ ᠾᠧ ᠰᠢᠶᠠᠨ ᠤ ᠬᠠᠤᠯᠢ ᠴᠠᠭᠠᠵᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠰᠢᠶᠤᠤ ᠬᠤᠩ    ᠲᠣᠪᠴᠢᠯᠠᠯ    ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠵᠤ ᠥᠷᠨᠢᠭᠦᠯᠦᠭᠰᠡᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯᠯᠠᠭ᠎ᠠ ᠳᠤ ᠮᠠᠨ ᠤ ᠰᠢᠶᠠᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠵᠢᠱᠢᠶ᠎ᠡ ᠦᠵᠡᠭᠦᠯᠬᠦ ᠰᠢᠶᠠᠨ ᠭᠡᠬᠦ ᠢᠷᠠᠭᠤ ᠠᠯᠳᠠᠷᠲᠤ ᠴᠣᠯᠠ ᠶᠢ ᠣᠯᠤᠭᠰᠠᠨ ᠪᠠᠶᠢᠨ᠎ᠠ᠃ ᠥᠨᠥᠳᠦᠷ ᠪᠢᠳᠡ ᠰᠢᠶᠠᠨ ᠤ ᠬᠠᠤᠯᠢ ᠴᠠᠭᠠᠵᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠰᠢᠶᠤᠤ ᠬᠤᠩ ᠨᠥᠬᠦᠷ ᠢ ᠲᠤᠰᠬᠠᠶᠢᠯᠠᠨ ᠤᠷᠢᠵᠤ ᠡᠨᠡ ᠤᠳᠠᠭᠠᠨ ᠤ ᠰᠤᠷᠪᠤᠯᠵᠢᠯᠠᠭ᠎ᠠ ᠳᠤ ᠣᠷᠣᠯᠴᠠᠭᠤᠯᠵᠤ᠂ ᠲᠡᠭᠦᠨ ᠢᠶᠠᠷ ᠮᠠᠨ ᠤ ᠰᠢᠶᠠᠨ ᠤ ᠬᠤᠶᠢᠰᠢᠳᠠ ᠶᠢᠨ ᠡᠯ᠎ᠡ ᠵᠦᠢᠯ ᠤᠨ ᠠᠵᠢᠯ ᠢ ᠠᠮᠵᠢᠯᠲᠠ ᠲᠠᠢ ᠪᠠᠷ ᠡᠭᠦᠳᠦᠨ ᠪᠠᠶᠢᠭᠤᠯᠬᠤ ᠶᠢᠨ ᠢᠳᠡᠪᠬᠢᠲᠡᠶ ᠠᠴᠢ ᠬᠤᠯᠪᠣᠭᠳᠠᠯ ᠢ ᠶᠠᠷᠢᠭᠤᠯᠵᠤ ᠥᠭᠬᠦ ᠶᠢ ᠬᠦᠰᠡᠵᠡᠶ᠃    ᠣᠳᠣᠬᠠᠨ ᠳᠤ ᠰᠢᠩ ᠡᡁᠧ ᠰᠢᠶᠠᠨ ᠨᠢᠭᠡᠨᠲᠡ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠠᠮᠵᠢᠯᠲᠠ ᠲᠠᠢ ᠡᠭᠦᠳᠦᠨ ᠪᠠᠶᠢᠭᠤᠯᠪᠠ᠂ ᠥᠨᠥᠳᠦᠷ ᠪᠢᠳᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠩ ᠡᡁᠧ ᠰᠢᠶᠠᠨ ᠤ  ᠬᠤᠷᠢᠶ᠎ᠡ ᠶᠢᠨ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠵᠥᠪᠯᠡᠯ ᠤᠨ ᠠᠯᠪᠠᠨ ᠭᠡᠷ ᠤᠨ ᠳᠡᠳ᠋ ᠡᠷᠬᠢᠯᠡᠭᠴᠢ᠂ ᠰᠢᠶᠠᠨ ᠤ ᠬᠠᠤᠯᠢ ᠴᠠᠭᠠᠵᠠ ᠶᠢᠨ ᠲᠤᠪᠴᠢᠶ᠎ᠡ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠰᠢᠶᠤᠤ ᠬᠤᠩ ᠨᠥᠬᠦᠷ ᠢ ᠣᠨᠴᠠᠭᠠᠶᠢᠯᠠᠨ ᠤᠷᠢᠵᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠠᠯ᠎ᠠ ᠪᠠᠷ ᠬᠢ ᠬᠤᠯᠪᠣᠭᠳᠠᠯ ᠪᠦᠬᠦᠢ ᠮᠡᠳᠡᠯᠭᠡ ᠶᠢ ᠪᠢᠳᠡᠨ ᠳᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠠᠯ᠎ᠠ ᠶᠢᠨ ᠬᠠᠮᠢᠶ᠎ᠠ ᠪᠦᠬᠦᠢ ᠮᠡᠳᠡᠯᠭᠡ ᠶᠢ ᠲᠠᠶᠢᠯᠪᠤᠷᠢᠯᠠᠵᠤ ᠥᠭᠭᠦᠨ᠎ᠡ᠃    【 ᠰᠤᠷᠪᠤᠯᠵᠢᠯᠠᠭᠴᠢ 】 ᠵᠠᠩ ᠲᠣᠪᠴᠢᠶᠠᠨ ᠳᠠᠷᠤᠭ᠎ᠠ ᠠ᠂ ᠡᠨᠡ ᠵᠢᠯ ᠮᠠᠨ ᠤ ᠰᠢᠶᠠᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠠᠮᠵᠢᠯᠲᠠ ᠲᠠᠢ ᠡᠭᠦᠳᠦᠨ ᠪᠠᠶᠢᠭᠤᠯᠪᠠ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ ᠭᠡᠭᠴᠢ ᠶᠠᠭᠤ ᠪᠣᠯᠬᠤ ᠶᠢ ᠲᠠ ᠪᠢᠳᠡᠨ ᠳᠤ ᠪᠣᠳᠠᠲᠠᠶ ᠶᠠᠷᠢᠭᠠᠳ ᠥᠭᠭᠦᠨ᠎ᠡ  ᠤᠤ︖   【 ᠵᠠᠩ ᠰᠢᠶᠤᠤ ᠬᠤᠩ 】 ᠥᠪᠡᠷᠲᠡᠭᠡᠨ ᠵᠠᠰᠠᠬᠤ ᠣᠷᠣᠨ ᠤ ᠲᠠᠰ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠮᠠᠨ ᠤ ᠣᠷᠣᠨ 2023 ᠣᠨ ᠤ 3 ᠰᠠᠷ᠎ᠠ ᠳᠤ ᠡᠬᠢᠯᠡᠭᠦᠯᠦᠭᠰᠡᠨ ᠶᠤᠮ᠂ ᠡᠭᠦᠨ ᠤ ᠵᠣᠷᠢᠯᠭ᠎ᠠ ᠨᠢ ᠲᠥᠪ ᠤᠨ ᠬᠠᠤᠯᠢ ᠶᠣᠰᠣᠭᠠᠷ ᠤᠯᠤᠰ ᠢᠶᠠᠨ ᠵᠠᠰᠠᠬᠤ ᠠᠯᠪᠠᠨ ᠬᠡᠷ ᠤᠨ 2019 ᠣᠨ ᠳᠤ ᠡᠬᠢᠯᠡᠭᠦᠯᠦᠭᠰᠡᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠭᠠᠵᠠᠷ ᠣᠷᠣᠨ ᠢ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠠᠵᠢᠯ ᠢ ᠳᠠᠭᠠᠵᠤ᠂ 2035 ᠣᠨ ᠳᠤ ᠬᠠᠤᠯᠢ ᠪᠠᠷ ᠵᠠᠰᠠᠬᠤ ᠤᠯᠤᠰ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠨᠡᠶᠢᠭᠡᠮ ᠢ ᠦᠨᠳᠦᠰᠦᠨ ᠳᠡᠭᠡᠨ ᠪᠠᠶᠢᠭᠤᠯᠤᠨ ᠪᠦᠲᠦᠭᠡᠬᠦ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢᠨ ᠲᠥᠯᠥᠭᠡ ᠶᠤᠮ᠃    【 ᠰᠤᠷᠪᠤᠯᠵᠢᠯᠠᠭᠴᠢ 】 ᠣᠳᠣᠬᠠᠨ ᠳᠤ ᠪᠥᠬᠦ ᠨᠡᠶᠢᠭᠡᠮ ᠢᠶᠠᠷ ᠢᠶᠠᠨ ᠴᠥᠮ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠨᠡᠶᠢᠭᠡᠮ ᠪᠠ ᠬᠠᠤᠯᠢ ᠪᠠᠷ ᠵᠠᠰᠠᠬᠤ ᠤᠯᠤᠰ ᠢ ᠰᠠᠨᠠᠭᠠᠴᠢᠯᠠᠵᠤ ᠪᠠᠶᠢᠨ᠎ᠠ᠃ ᠲᠡᠭᠡᠪᠡᠯ ᠵᠠᠩ ᠲᠣᠪᠴᠢᠶᠠᠨ ᠳᠠᠷᠤᠭ᠎ᠠ ᠠᠴᠠ ᠠᠰᠠᠭᠤᠶ᠎ᠠ᠂ ᠡᠨᠡ ᠭᠤᠷᠪᠠ ᠶᠢᠨ ᠬᠠᠷᠢᠴᠠᠭ᠎ᠠ ᠨᠢ ᠶᠠᠭᠤ ᠪᠤᠢ︖    【 ᠵᠠᠩ ᠰᠢᠶᠤᠤ ᠬᠤᠩ 】 ᠭᠤᠷᠪᠠᠭᠤᠯᠠ ᠪᠠᠨ ᠲᠣᠰ ᠲᠣᠰ ᠤᠨ ᠭᠤᠤᠯᠳᠠᠯᠭ᠎ᠠ ᠲᠠᠢ ᠪᠠᠶᠢᠵᠤ᠂ ᠬᠠᠷᠢᠯᠴᠠᠨ ᠨᠥᠬᠦᠴᠡᠯᠳᠦᠵᠦ ᠪᠠᠶᠢᠳᠠᠭ᠂ ᠬᠠᠤᠯᠢ ᠪᠠᠷ ᠵᠠᠰᠠᠬᠤ ᠤᠯᠤᠰ ᠢ ᠪᠥᠲᠥᠭᠡᠨ ᠪᠠᠶᠢᠭᠤᠯᠬᠤ ᠪᠣᠯ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠥᠲᠥᠭᠡᠨ ᠪᠠᠶᠢᠭᠤᠯᠬᠤ ᠶᠢᠨ ᠤᠷᠢᠲᠠᠯ ᠮᠥᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠥᠲᠥᠭᠡᠨ ᠪᠠᠶᠢᠭᠤᠯᠬᠤ ᠪᠣᠯ ᠬᠠᠤᠯᠢ ᠪᠠᠷ ᠵᠠᠰᠠᠬᠤ ᠤᠯᠤᠰ ᠢ ᠪᠥᠲᠥᠭᠡᠨ ᠪᠠᠶᠢᠭᠤᠯᠬᠤ ᠶᠢᠨ ᠵᠠᠩᠭᠢᠯᠠᠭ᠎ᠠ ᠮᠥᠨ︔ ᠬᠠᠤᠯᠢ ᠪᠠᠷ ᠵᠠᠰᠠᠬᠤ ᠤᠯᠤᠰ ᠢ ᠪᠦᠳᠦᠭᠡᠨ ᠪᠠᠶᠢᠭᠤᠯᠬᠤ ᠪᠣᠯ ᠬᠠᠤᠯᠢ ᠪᠠᠷ ᠵᠠᠰᠠᠬᠤ ᠨᠡᠶᠢᠭᠡᠮ ᠢ ᠪᠦᠳᠦᠭᠡᠨ ᠪᠠᠶᠢᠭᠤᠯᠬᠤ ᠶᠢᠨ ᠰᠠᠭᠤᠷᠢ ᠮᠥᠨ᠂ ᠬᠠᠤᠯᠢ ᠪᠠᠷ ᠵᠠᠰᠠᠬᠤ ᠨᠡᠶᠢᠭᠡᠮ ᠢ ᠪᠦᠳᠦᠭᠡᠨ ᠪᠠᠶᠢᠭᠤᠯᠬᠤ ᠪᠣᠯ ᠬᠠᠤᠯᠢ ᠪᠠᠷ ᠵᠠᠰᠠᠬᠤ ᠤᠯᠤᠰ ᠢ ᠪᠦᠳᠦᠭᠡᠨ ᠪᠠᠶᠢᠭᠤᠯᠬᠤ ᠶᠢᠨ ᠨᠥᠬᠦᠴᠡᠯ ᠮᠥᠨ︔ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠪᠣᠯ ᠬᠠᠤᠯᠢ ᠪᠠᠷ ᠵᠠᠰᠠᠬᠤ ᠨᠡᠶᠢᠭᠡᠮ ᠢ ᠪᠠᠶᠢᠭᠤᠯᠬᠤ ᠶᠢᠨ ᠪᠠᠲᠤᠯᠠᠭ᠎ᠠ ᠮᠥᠨ᠂ ᠬᠠᠤᠯᠢ ᠪᠠᠷ ᠵᠠᠰᠠᠬᠤ ᠨᠡᠶᠢᠭᠡᠮ ᠢ ᠪᠠᠶᠢᠭᠤᠯᠬᠤ ᠪᠣᠯ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠶᠢᠨ ᠬᠠᠷᠠᠯᠲᠠ ᠮᠥᠨ᠃    【 ᠰᠤᠷᠪᠤᠯᠵᠢᠯᠠᠭᠴᠢ 】 ᠵᠠᠩ ᠲᠣᠪᠴᠢᠶᠠᠨ ᠳᠠᠷᠤᠭ᠎ᠠ ᠠᠴᠠ ᠠᠰᠠᠭᠤᠬᠤ ᠨᠢ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠦᠯᠢᠭᠡᠷ ᠵᠢᠱᠢᠶ᠎ᠡ ᠶᠢ ᠡᠭᠦᠳᠦᠨ ᠪᠠᠶᠢᠭᠤᠯᠬᠤ ᠨᠢ ᠶᠠᠮᠠᠷ ᠴᠢᠬᠤᠯᠠ ᠠᠴᠢ ᠬᠤᠯᠪᠣᠭᠳᠠᠯ ᠲᠠᠢ ᠪᠤᠢ︖    【 ᠵᠠᠩ ᠰᠢᠶᠤᠤ ᠬᠤᠩ 】 ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠬᠦ ᠪᠣᠯ ᠦᠢᠯᠡᠳᠦᠯᠭᠡ ᠪᠠᠷ ᠭᠡᠷᠡᠴᠢᠯᠡᠭᠳᠡᠭᠰᠡᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠬᠦ ᠴᠢᠬᠤᠯᠠ ᠭᠠᠷᠳᠠᠴᠠ ᠪᠣᠯᠤᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯᠯᠠᠭ᠎ᠠ ᠶᠢᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠵᠥᠷᠢᠶ᠎ᠡ ᠪᠠᠨ ᠡᠷᠢᠬᠦ᠂ ᠳᠤᠲᠠᠭᠤᠳᠠᠯ ᠢᠶᠠᠨ ᠨᠥᠬᠦᠪᠥᠷᠢᠯᠡᠬᠦ᠂ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠬᠦ ᠳᠤ ᠦᠵᠡᠭᠦᠯᠬᠦ ᠴᠢᠬᠤᠯᠠ ᠬᠥᠲᠥᠯᠦᠨ ᠳᠠᠭᠠᠭᠤᠯᠬᠤ᠂ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ ᠠᠬᠢᠭᠤᠯᠤᠨ᠎ᠠ᠃    【 ᠰᠤᠷᠪᠤᠯᠵᠢᠯᠠᠭᠴᠢ 】 ᠵᠠᠩ ᠲᠣᠪᠴᠢᠶᠠᠨ ᠳᠠᠷᠤᠭ᠎ᠠ ᠠ᠂ ᠮᠠᠨ ᠤ ᠲᠣᠪᠴᠢᠶ᠎ᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠶᠠᠪᠤᠴᠠ ᠳᠤ ᠭᠤᠤᠯᠳᠠᠭᠤ ᠶᠠᠮᠠᠷ ᠶᠠᠮᠠᠷ ᠠᠵᠢᠯ ᠢ ᠡᠭᠦᠷᠭᠡᠯᠡᠭᠰᠡᠨ ᠪᠣᠶ︖    【 ᠵᠠᠩ ᠰᠢᠶᠤᠤ ᠬᠤᠩ 】 ᠡᠩ ᠲᠡᠷᠢᠭᠦᠨ ᠳᠤ ᠬᠠᠤᠯᠢ ᠶᠣᠰᠣᠭᠠᠷ ᠰᠢᠶᠠᠨ ᠢ ᠵᠠᠰᠠᠬᠤ ᠵᠥᠪᠯᠡᠯ ᠤᠨ ᠠᠯᠪᠠᠨ ᠭᠡᠷ ᠤᠨ ᠬᠤᠯᠪᠣᠭᠳᠠᠯ ᠪᠦᠬᠦᠢ ᠠᠵᠢᠯ ᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠪᠥᠬᠦ ᠰᠢᠶᠠᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠤ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠨ ᠤᠬᠠᠭᠤᠯᠬᠤ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠬᠤ ᠶᠢᠨ ᠬᠠᠮᠲᠤ ᠰᠢᠶᠠᠨ ᠤ ᠱᠠᠲᠤᠨ ᠤ ᠡᠯ᠎ᠡ ᠰᠠᠯᠠᠭ᠎ᠠ ᠮᠥᠴᠢᠷ ᠲᠤ ᠰᠢᠩ ᠾᠧ ᠰᠢᠶᠠᠨ ᠤ ᠬᠠᠤᠯᠢ ᠲᠦᠭᠡᠮᠡᠯᠵᠢᠭᠦᠯᠬᠦ ᠰᠢᠨ᠎ᠡ ᠪᠠᠶᠢᠷᠢᠰᠢᠯ ᠢ ᠵᠣᠬᠢᠴᠠᠭᠤᠯᠤᠨ ᠪᠣᠶ ᠪᠣᠯᠭᠠᠬᠤ ᠶᠢᠨ ᠬᠠᠮᠲᠤ ᠡᠳᠦᠷ ᠲᠤᠲᠤᠮ ᠤᠨ ᠠᠵᠢᠯ ᠤᠨ ᠳᠤᠮᠳᠠ ᠬᠠᠤᠯᠢ ᠪᠠᠷ ᠵᠠᠰᠠᠬᠤ ᠶᠢ ᠰᠢᠪᠠᠳᠠᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠳᠠᠭ᠎ᠠ ᠪᠦᠷᠢ ᠶᠢᠨ ᠬᠠᠤᠯᠢ ᠪᠠᠷ ᠵᠠᠰᠠᠬᠤ ᠶᠢ ᠰᠢᠪᠠᠳᠠᠨ ᠪᠠᠶᠢᠴᠠᠭᠠᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠤᠨ ᠪᠣᠳᠠᠲᠤ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠤᠬᠠᠶᠢᠯᠠᠭᠰᠠᠨ ᠠᠵᠢᠯ ᠤᠨ ᠲᠠᠯ᠎ᠠ ᠪᠠᠷ᠂ ᠮᠠᠨ ᠤ ᠲᠣᠪᠴᠢᠶ᠎ᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠵᠠᠷᠭᠤ ᠶᠢ ᠬᠦᠯᠢᠶᠡᠨ ᠠᠪᠬᠤ ᠨᠢᠭᠡᠳᠦᠭᠡᠷ᠂ ᠬᠤᠶᠠᠳᠤᠭᠠᠷ ᠬᠤᠪᠢ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠬᠤ ᠪᠠ ᠬᠠᠮᠢᠶᠠᠷᠬᠤ ᠰᠲ᠋ᠣᠺ ᠤᠨ ᠪᠠᠶᠢᠭᠤᠯᠤᠯᠲᠠ ᠶᠢ ᠴᠢᠩᠭᠠᠳᠬᠠᠵᠤ᠂ ᠬᠤᠶᠠᠷ ᠬᠤᠪᠢ ᠲᠠᠰᠤᠭ ᠤᠨ ᠠᠵᠢᠯ ᠤᠨ ᠳᠤᠮᠳᠠ ᠪᠣᠳᠠᠲᠤ ᠦᠷ᠎ᠡ ᠪᠦᠲᠦᠮᠵᠢ ᠪᠠᠨ ᠪᠠᠳᠠᠷᠠᠭᠤᠯᠬᠤ ᠶᠢ ᠦᠨᠡᠨ ᠬᠦ ᠪᠠᠲᠤᠯᠠᠵᠤ᠂ ᠮᠠᠨ ᠤ ᠰᠢᠶᠠᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠨᠡᠩ ᠰᠠᠶᠢᠨ ᠦᠢᠯᠡᠴᠢᠯᠡᠭᠦᠯᠪᠡ᠃    【 ᠰᠤᠷᠪᠤᠯᠵᠢᠯᠠᠭᠴᠢ 】 ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠵᠢᠱᠢᠶ᠎ᠡ ᠦᠵᠡᠭᠦᠯᠬᠦ ᠰᠢᠶᠠᠨ ᠢ ᠠᠮᠵᠢᠯᠲᠠ ᠲᠠᠢ ᠪᠠᠷ ᠡᠭᠦᠳᠦᠨ ᠪᠠᠶᠢᠭᠤᠯᠤᠭᠰᠠᠨ ᠶᠠᠪᠤᠳᠠᠯ ᠨᠢ ᠮᠠᠨ ᠤ ᠰᠢᠶᠠᠨ ᠤ ᠡᠯ᠎ᠡ ᠵᠦᠢᠯ ᠤᠨ ᠠᠵᠢᠯ ᠳᠤ ᠶᠠᠮᠠᠷ ᠢᠳᠡᠪᠬᠢᠲᠡᠶ ᠠᠴᠢ ᠬᠤᠯᠪᠣᠭᠳᠠᠯ ᠲᠠᠢ ᠪᠥᠭᠡᠳ ᠬᠤᠶᠢᠰᠢᠳᠠ ᠶᠢᠨ ᠠᠵᠢᠯ ᠢᠶᠠᠨ ᠥᠷᠨᠢᠭᠦᠯᠬᠦ ᠳᠤ ᠶᠠᠮᠠᠷ ᠬᠥᠲᠥᠯᠦᠨ ᠵᠢᠯᠣᠭᠤᠳᠬᠤ ᠦᠢᠯᠡᠳᠦᠯ ᠦᠵᠡᠭᠦᠯᠬᠦ ᠪᠣᠶ︖ ᠭᠡᠵᠦ ᠪᠢ ᠬᠠᠮᠤᠭ ᠰᠡᠭᠦᠯ ᠳᠤ ᠵᠠᠩ ᠲᠣᠪᠴᠢᠶᠠᠨ ᠳᠠᠷᠤᠭ᠎ᠠ ᠠᠴᠠ ᠠᠰᠠᠭᠤᠬᠤ ᠰᠠᠨᠠᠭ᠎ᠠ ᠲᠠᠢ ᠪᠠᠶᠢᠨ᠎ᠠ᠃    【 ᠵᠠᠩ ᠰᠢᠶᠤᠤ ᠬᠤᠩ 】 ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠪᠣᠯ ᠪᠥᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠠᠵᠢᠯ ᠤᠨ ᠨᠢᠭᠡᠨ ᠶᠡᠷᠦᠩᠬᠡᠶ ᠰᠢᠯᠭᠠᠯᠲᠠ ᠮᠥᠨ᠂ ᠪᠢᠳᠡᠨ ᠤ ᠣᠯᠤᠭᠰᠠᠨ ᠡᠨᠡ ᠬᠦ ᠦᠷ᠎ᠡ ᠪᠦᠲᠦᠭᠡᠯ ᠢ ᠳᠡᠭᠡᠳᠦ ᠱᠠᠲᠤᠨ ᠤ ᠡᠯ᠎ᠡ ᠰᠠᠯᠠᠭ᠎ᠠ ᠮᠥᠴᠢᠷ ᠤᠨ ᠮᠠᠨ ᠤ ᠠᠵᠢᠯ ᠢ ᠮᠡᠳᠡᠷᠡᠭᠰᠡᠨ ᠪᠠ ᠨᠤᠲᠠᠯᠠᠭᠰᠠᠨ ᠶᠠᠪᠤᠳᠠᠯ ᠭᠡᠵᠦ ᠬᠡᠯᠡᠵᠦ ᠪᠣᠯᠤᠨ᠎ᠠ᠃ ᠡᠭᠦᠨ ᠤ ᠵᠡᠷᠭᠡᠴᠡᠭᠡᠪᠡᠷ᠂ ᠡᠨᠡ ᠨᠢ ᠪᠠᠰᠠ ᠲᠠᠷᠠᠭᠠᠴᠢ ᠶᠢᠨ ᠠᠵᠢᠯ ᠢᠶᠠᠨ ᠥᠷᠨᠢᠭᠦᠯᠬᠦ ᠳᠤ ᠨᠡᠩ ᠥᠨᠳᠥᠷ ᠬᠠᠷᠠᠯᠲᠠ ᠶᠢ ᠲᠣᠭᠲᠠᠭᠠᠨ ᠥᠭᠴᠡᠶ᠂ ᠲᠤᠬᠠᠶᠢᠯᠠᠪᠠᠯ ᠤᠳᠤ ᠶᠢᠨ ᠪᠠᠶᠢᠭ᠎ᠠ ᠰᠠᠭᠤᠷᠢᠨ ᠳᠡᠭᠡᠷ᠎ᠡ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ ᠶᠢᠨ ᠡᠯ᠎ᠡ ᠵᠦᠢᠯ ᠤᠨ ᠠᠵᠢᠯ ᠳᠤ ᠦᠵᠡᠭᠦᠯᠬᠦ ᠬᠥᠲᠥᠯᠥᠨ ᠵᠢᠯᠣᠭᠤᠳᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠠᠵᠢᠯ ᠤᠨ ᠳᠤᠮᠳᠠ ᠪᠠᠨ ᠬᠠᠤᠯᠢ ᠪᠠᠷ ᠵᠠᠰᠠᠬᠤ ᠰᠡᠳᠬᠢᠬᠦᠶ ᠪᠣᠯᠤᠨ ᠬᠠᠤᠯᠢ ᠪᠠᠷ ᠵᠠᠰᠠᠬᠤ ᠦᠵᠡᠯᠲᠡ ᠶᠢ ᠦᠷᠭᠦᠯᠵᠢᠯᠡᠨ ᠴᠢᠩᠭᠠᠳᠬᠠᠵᠤ᠂ ᠬᠠᠤᠯᠢ ᠴᠠᠭᠠᠵᠠ ᠶᠢᠨ ᠪᠣᠷᠣ ᠲᠥᠯᠥᠪ ᠤᠨ ᠳᠣᠣᠷ᠎ᠠ ᠬᠠᠤᠯᠢ ᠶᠣᠰᠣᠭᠠᠷ ᠵᠠᠰᠠᠭ ᠶᠠᠪᠤᠭᠤᠯᠵᠤ᠂ ᠵᠢᠷᠤᠮᠯᠠᠬᠤ ᠬᠠᠤᠯᠢ ᠲᠠᠢ ᠪᠠᠶᠢᠬᠤ᠂ ᠬᠠᠤᠯᠢ ᠶᠢ ᠵᠠᠪᠠᠯ ᠵᠢᠷᠤᠮᠯᠠᠬᠤ ᠶᠢ ᠦᠨᠡᠨ ᠬᠦ ᠪᠡᠶᠡᠯᠡᠭᠦᠯᠬᠦ ᠶᠠᠪᠤᠳᠠᠯ ᠪᠣᠯᠤᠨ᠎ᠠ᠃ ᠠᠷᠠᠳ ᠤᠯᠠᠨ ᠳᠤ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠨᠡᠶᠢᠭᠡᠮ ᠪᠠ ᠬᠠᠤᠯᠢ ᠪᠠᠷ ᠵᠠᠰᠠᠬᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠳᠤᠮᠳᠠ ᠠᠴᠠ ᠦᠨᠡᠨ ᠬᠦ ᠠᠰᠢᠭ ᠲᠤᠰᠠ ᠬᠦᠷᠲᠡᠭᠡᠨ᠎ᠡ᠃      【 ᠰᠤᠷᠪᠤᠯᠵᠢᠯᠠᠭᠴᠢ 】 ᠵᠠᠩ ᠲᠣᠪᠴᠢᠶᠠᠨ ᠳᠠᠷᠤᠭ᠎ᠠ ᠮᠠᠨ ᠤ ᠥᠨᠥᠳᠦᠷ ᠤᠨ ᠰᠤᠷᠪᠤᠯᠵᠢᠯᠠᠭ᠎ᠠ ᠶᠢ ᠬᠦᠯᠢᠶᠡᠨ ᠠᠪᠤᠭᠰᠠᠨ ᠪᠥᠭᠡᠳ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠠᠯ᠎ᠠ ᠪᠠᠷ ᠬᠢ ᠬᠤᠯᠪᠣᠭᠳᠠᠯ ᠪᠦᠬᠦᠢ ᠮᠡᠳᠡᠯᠭᠡ ᠶᠢ ᠪᠢᠳᠡᠨ ᠳᠤ ᠲᠠᠶᠢᠯᠪᠤᠷᠢᠯᠠᠵᠤ ᠥᠭᠭᠦᠭᠰᠡᠨ ᠳᠤ ᠲᠠᠯᠠᠷᠬᠠᠵᠤ ᠪᠠᠶᠢᠨ᠎ᠠ᠂ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠰᠦᠯᠵᠢᠶᠡᠨ ᠤ ᠨᠠᠶᠢᠵᠠ ᠨᠠᠷ ᠳᠠᠷᠠᠭ᠎ᠠ ᠤᠳᠠᠭ᠎ᠠ ᠳᠠᠬᠢᠨ ᠠᠭᠤᠯᠵᠠᠶ᠎ᠠ︕                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3