ᠨᠢᠭᠡ᠂ ᠣᠷᠣᠨ ᠲᠤᠭ᠎ᠠ ᠶᠢᠨ ᠦᠨᠳᠦᠰᠦᠯᠡᠯ ᠪᠠ ᠠᠬᠤᠶ ᠪᠠᠶᠢᠳᠠᠯ | ᠰᠢ ᠶᠢᠨ ᠫᠢᠩ ᠶᠡᠷᠦᠩᠬᠡᠶ ᠱᠦᠵᠢ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠬᠠᠶ | ᠴᠢᠬᠤᠯᠠ ᠥᠭᠦᠯᠡᠯᠲᠡ ᠵᠢᠴᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠦᠬᠦ ᠲᠠᠯ᠎ᠠ ᠶᠢᠨ ᠴᠢᠨᠠᠷᠲᠠᠶ ᠰᠢᠰᠲ᠋ᠧᠮ ᠤᠨ ᠴᠢᠨᠠᠷᠲᠠᠶ | ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠡᠵᠡᠮᠳᠡᠵᠦ᠂ ᠮᠠᠨ ᠤ ᠰᠢᠶᠠᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠪᠠᠶᠢᠭᠤᠯᠤᠯ ᠪᠠ ᠠᠵᠢᠯ ᠤᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ | ᠭᠡᠨᠡᠳᠲᠡ ᠶᠢᠨ ᠬᠡᠷᠡᠭ ᠢ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠪᠠᠷ ᠠᠷᠭᠠᠴᠠᠵᠤ᠂ ᠪᠠᠴᠢᠮ ᠪᠠᠶᠢᠳᠠᠯ ᠢ | ᠠᠷᠭᠠᠴᠠᠨᠰᠢᠢᠳᠪᠦᠷᠢᠯᠡᠬᠦ ᠪᠠ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠬᠥᠮᠦᠨ ᠤ ᠦᠬᠦᠯ ᠰᠢᠷᠬᠠᠲᠤᠯ ᠪᠠ | ᠡᠳ᠋ ᠬᠦᠷᠦᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠷᠠᠳ ᠲᠦᠮᠡᠨ ᠢ ᠳᠡᠭᠡᠳᠦᠯᠡᠬᠦ᠂ | ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠬᠥᠭᠵᠢᠯᠲᠡ ᠶᠢᠨ ᠣᠶᠢᠯᠠᠭᠠᠭᠳᠠᠬᠤᠨ ᠢ ᠭᠦᠢᠴᠡᠳ ᠢᠯᠡᠷᠡᠭᠦᠯᠵᠦ᠂ | ᠠᠷᠠᠳ ᠤᠯᠠᠨ ᠤ ᠠᠮᠢ ᠨᠠᠰᠤ᠂ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠨᠡᠶᠢᠭᠡᠮ ᠤᠨ ᠠᠮᠤᠷ | ᠲᠦᠪᠰᠢᠨ ᠪᠠ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢᠨ | ᠲᠥᠯᠥᠪᠵᠢᠭᠦᠯᠭᠡ︾ ᠵᠢᠴᠢ ︽ᠤᠯᠠᠭᠠᠨᠴᠠᠪ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠠᠴᠢᠮ | ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ︾ ᠶᠢ ᠦᠨᠳᠦᠰᠦᠯᠡᠨ᠂ ᠮᠠᠨ ᠤ | ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠯᠥᠪᠵᠢᠭᠦᠯᠭᠡ ᠶᠢ ᠲᠣᠭᠲᠠᠭᠠᠪᠠ᠃ | ᠬᠤᠶᠠᠷ᠂ ᠭᠤᠣᠯ ᠠᠭᠤᠯᠭ᠎ᠠ | ︽ᠲᠥᠯᠥᠪᠵᠢᠭᠦᠯᠭᠡ︾ ᠳᠤ ᠭᠤᠤᠯᠳᠠᠭᠤ᠄ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ︵2021 — 2025 ᠣᠨ︶ ᠶᠢᠨ ᠬᠤᠭᠤᠴᠠᠭᠠᠨ ᠳᠤ ᠲᠤᠯᠭᠠᠷᠠᠭᠰᠠᠨ ᠪᠠᠶᠢᠳᠠᠯ᠂ | ᠶᠡᠷᠦᠩᠬᠡᠶ ᠱᠠᠭᠠᠷᠳᠠᠯᠭ᠎ᠠ᠂ ᠭᠤᠤᠯ ᠡᠭᠦᠷᠭᠡ᠂ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠪᠠ | ᠲᠥᠷᠥᠯ ᠵᠦᠢᠯ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠵᠢᠷᠭᠤᠭᠠᠨ ᠬᠡᠰᠡᠭ ᠪᠠᠭᠲᠠᠨ᠎ᠠ᠃ | ᠨᠢᠭᠡᠳᠦᠭᠡᠷ ᠬᠡᠰᠡᠭ᠄ ᠭᠤᠤᠯᠳᠠᠭᠤ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠳᠤ ᠣᠯᠤᠭᠰᠠᠨ ᠭᠤᠤᠯ ᠠᠮᠵᠢᠯᠲᠠ ᠪᠦᠲᠦᠮᠵᠢ ᠶᠢ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠪᠠ | ᠬᠦᠷᠦᠯᠴᠡᠬᠦ ᠥᠬᠡᠶ ᠲᠠᠯ᠎ᠠ ᠶᠢ ᠵᠠᠳᠠᠯᠪᠠ᠃ | ᠬᠤᠶᠠᠳᠤᠭᠠᠷ ᠬᠡᠰᠡᠭ᠄ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ | ᠲᠤᠯᠭᠠᠷᠠᠭᠰᠠᠨ ᠪᠠᠶᠢᠳᠠᠯ ᠪᠠ ᠠᠶᠤᠯ ᠲᠦᠭᠰᠢᠭᠦᠷᠢ ᠶᠢᠨ ᠰᠢᠯᠭᠠᠯᠲᠠ ᠶᠢ ᠵᠠᠳᠠᠯᠪᠠ᠃ | ᠭᠤᠷᠪᠠᠳᠤᠭᠠᠷ ᠬᠡᠰᠡᠭ᠄ ᠶᠡᠷᠦᠩᠬᠡᠶ ᠱᠠᠭᠠᠷᠳᠠᠯᠭ᠎ᠠ ᠪᠠ ᠬᠥᠭᠵᠢᠯᠲᠡ ᠶᠢᠨ ᠬᠠᠷᠠᠯᠲᠠ ᠶᠢ ᠲᠣᠳᠣᠷᠬᠠᠶᠢᠯᠠᠪᠠ᠃ | ᠳᠥᠷᠪᠡᠳᠦᠭᠡᠷ ᠬᠡᠰᠡᠭ᠄ ᠭᠤᠣᠯ ᠡᠭᠦᠷᠭᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ | ᠠᠷᠪᠠᠨ ᠳᠥᠷᠪᠡᠳᠦᠭᠡᠷ ᠲᠠᠪᠤᠨ ᠵᠢᠯ﹀ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢᠨ | ᠲᠥᠯᠥᠪᠵᠢᠭᠦᠯᠭᠡ︾ ᠵᠢᠴᠢ ︽ᠤᠯᠠᠭᠠᠨᠴᠠᠪ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠠᠴᠢᠮ | ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ︾ ᠶᠢ ᠦᠨᠳᠦᠰᠦᠯᠡᠨ᠂ ᠮᠠᠨ ᠤ | ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ 5 ᠶᠡᠭᠡ ᠰᠢᠰᠲ᠋ᠧᠮᠵᠢ ᠶᠢ ᠭᠤᠤᠯᠳᠠᠯᠭ᠎ᠠ ᠲᠠᠢ ᠲᠡᠭᠦᠯᠳᠡᠷᠵᠢᠭᠦᠯᠦᠨ᠎ᠡ | ᠃ | ᠲᠠᠪᠤᠳᠤᠭᠠᠷ ᠬᠡᠰᠡᠭ᠄ ᠭᠤᠣᠯᠳᠠᠯᠭ᠎ᠠ ᠲᠠᠢ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠪᠠ ᠵᠦᠢᠯᠡᠰ᠃ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠠᠴᠢᠮ ᠪᠠᠶᠢᠳᠠᠯ ᠢ ᠠᠷᠭᠠᠴᠠᠬᠤ | ᠴᠢᠳᠠᠪᠤᠷᠢ ᠶᠢᠨ 5 ᠵᠦᠢᠯ ᠤᠨ ᠭᠤᠣᠯᠳᠠᠯᠭ᠎ᠠ ᠲᠠᠢ ᠪᠠᠶᠢᠭᠤᠯᠤᠯᠲᠠ ᠶᠢᠨ ᠵᠦᠢᠯᠡᠰ ᠢ ᠭᠤᠤᠯᠳᠠᠯᠭ᠎ᠠ ᠲᠠᠢ | ᠪᠡᠶᠡᠯᠡᠭᠦᠯᠦᠨ᠎ᠡ᠃ | ᠵᠢᠷᠭᠤᠳᠤᠭᠠᠷ ᠬᠡᠰᠡᠭ᠄ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠲᠥᠯᠥᠪᠵᠢᠭᠦᠯᠭᠡ ᠶᠢᠨ ᠬᠠᠷᠠᠯᠲᠠ᠂ ᠭᠤᠣᠯ | ᠡᠭᠦᠷᠭᠡ ᠪᠠ ᠭᠤᠣᠯᠳᠠᠯᠭ᠎ᠠ ᠲᠠᠢ ᠢᠨᠵᠧᠨᠧᠷᠢᠩ ᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ | ᠪᠠᠲᠤᠯᠠᠬᠤ ᠶᠢᠨ ᠲᠥᠯᠥᠭᠡ᠂ ᠲᠦᠷᠪᠡᠨ ᠲᠠᠯ᠎ᠠ ᠶᠢᠨ ᠠᠷᠭ᠎ᠠ ᠬᠡᠮᠵᠢᠶ᠎ᠡ ᠠᠪᠬᠤ ᠪᠠᠷ ᠲᠥᠯᠥᠪᠯᠡᠵᠦ ᠪᠠᠶᠢᠨ᠎ᠠ᠃ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |