1 ᠰᠠᠷ᠎ᠠ ᠶᠢᠨ 28 ᠤ ᠡᠳᠦᠷ᠂ ᠰᠢᠶᠠᠨ ᠤ ᠵᠠᠰᠠᠭ ᠤᠨ ᠣᠷᠳᠣᠨ ᠰᠢᠦ᠋ᠢᠵᠸᠤ ᠶᠢᠨ ᠬᠤᠩ ᠶᠠᠩ ᠰᠢᠨ᠎ᠡ | ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠲᠥᠷᠥᠯ | ᠵᠤᠶᠢᠯ ᠤᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ | ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ᠂ ᠬᠤᠲᠠ ᠶᠢᠨ ᠬᠤᠳᠠᠯᠳᠤᠭᠠᠨ ᠤ | ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠬᠤᠤ ᠹᠧᠩ ᠺᠠᠶ᠂ ᠰᠢᠦ᠋ᠢᠵᠸᠤ ᠶᠢᠨ ᠬᠤᠩ ᠶᠠᠩ ᠰᠢᠨ᠎ᠡ | ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ | ᠮᠡᠳᠡᠭᠴᠢᠳ ᠤᠨ ᠳᠠᠷᠤᠭ᠎ᠠ ᠱᠣᠤ ᠮᠢᠩ ᠶᠠᠩ ᠨᠠᠷ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃ | ᠯᠢ ᠺᠠᠶ ᠳ᠋ᠦᠩ ᠭᠠᠷ ᠤᠨ ᠥᠰᠥᠭ ᠵᠢᠷᠤᠬᠤ ᠶᠣᠰᠣᠯᠠᠯ ᠳᠡᠭᠡᠷ᠎ᠡ ᠢᠯᠡᠷᠬᠡᠶᠢᠯᠡᠬᠦ ᠳᠡᠭᠡᠨ᠂ ᠲᠣᠰ ᠲᠥᠷᠥᠯ | ᠵᠤᠶᠢᠯ ᠪᠣᠯ ᠰᠢᠩ ᠾᠧ ᠰᠢᠶᠠᠨ ᠤ 2024 ᠣᠨ ᠤ ᠠᠩᠬᠠᠳᠠᠭᠴᠢ ᠲᠥᠷᠥᠯ ᠵᠤᠶᠢᠯ ᠮᠥᠨ᠂ ᠴᠢᠬᠤᠯᠠ ᠶᠡᠭᠡ ᠠᠴᠢ | ᠬᠤᠯᠪᠣᠭᠳᠠᠯ ᠲᠠᠢ ᠶᠤᠮ᠂ ᠬᠤᠶᠢᠰᠢᠳᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠲᠥᠷᠥᠯ | ᠵᠤᠶᠢᠯ ᠤᠨ ᠪᠥᠲᠥᠭᠡᠨ ᠪᠠᠶᠢᠭᠤᠯᠤᠯᠲᠠ ᠳᠤ ᠮᠠᠰᠢ ᠶᠡᠭᠡ ᠠᠬᠢᠭᠤᠯᠬᠤ ᠤᠶᠢᠯᠡᠳᠤᠯ ᠲᠠᠢ ᠶᠤᠮ᠂ ᠲᠠᠷᠠᠭᠠᠴᠢ ᠶᠢᠨ | ᠠᠯᠬᠤᠮ ᠳᠤ ᠰᠢᠩ ᠾᠧ ᠰᠢᠶᠠᠨ ᠤ ᠵᠠᠰᠠᠭ ᠤᠨ ᠣᠷᠳᠣᠨ ᠲᠥᠷᠥᠯ ᠵᠤᠶᠢᠯ ᠤᠨ ᠱᠠᠭᠠᠷᠳᠠᠯᠭ᠎ᠠ ᠶᠣᠰᠣᠭᠠᠷ᠂ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ᠂ ᠮᠥᠷᠳᠡᠨ | ᠤᠶᠢᠯᠡᠴᠢᠯᠡᠬᠦ ᠶᠢ ᠰᠠᠶᠢᠲᠤᠷ ᠬᠢᠵᠦ᠂ ᠠᠵᠤ ᠠᠬᠤᠶᠢᠯᠠᠯ ᠳᠤ ᠴᠢᠨᠠᠷ ᠰᠠᠶᠢᠲᠠᠶ ᠤᠶᠢᠯᠡᠴᠢᠯᠡᠭᠡ ᠪᠠ ᠪᠠᠲᠤᠯᠠᠭ᠎ᠠ | ᠬᠠᠩᠭᠠᠨ᠎ᠠ ᠭᠡᠵᠡᠶ᠃ ᠠᠵᠤ ᠠᠬᠤᠶᠢᠯᠠᠯ ᠤᠳ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠪᠦᠳᠦᠭᠡᠨ ᠪᠠᠶᠢᠭᠤᠯᠤᠯᠲᠠ᠂ | ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠲᠦᠷᠦᠯ ᠵᠦᠢᠯ ᠢ ᠠᠯᠢ ᠲᠦᠷᠭᠡᠨ ᠢᠶᠠᠷ | ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠵᠤ᠂ ᠲᠦᠷᠦᠯ ᠵᠦᠢᠯ ᠢ ᠨᠡᠩ ᠡᠷᠲᠡ ᠠᠰᠢᠭᠯᠠᠯᠲᠠ ᠳᠤ ᠣᠷᠣᠭᠤᠯᠬᠤ ᠶᠢ | ᠦᠨᠡᠨ ᠬᠦ ᠪᠠᠲᠤᠯᠠᠬᠤ ᠬᠡᠷᠡᠭᠲᠡᠶ᠃ | ᠰᠢᠦ᠋ᠢᠵᠸᠤ ᠶᠢᠨ ᠬᠤᠩ ᠶᠠᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠱᠤᠤ ᠮᠢᠩ ᠶᠠᠩ᠂ ᠺᠣᠮᠫᠠᠨᠢ ᠲᠤᠰ | ᠪᠡᠶ᠎ᠡ ᠶᠢᠨ ᠮᠡᠷᠭᠡᠵᠢᠯ ᠪᠣᠯᠤᠨ ᠪᠡᠯᠡ ᠮᠥᠩᠭᠦᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠡᠷᠲᠡᠬᠡᠨ ᠠᠰᠢᠭᠯᠠᠯᠲᠠ ᠳᠤ ᠣᠷᠣᠭᠤᠯᠵᠤ ᠦᠷ᠎ᠡ | ᠪᠦᠲᠦᠮᠵᠢ ᠤᠯᠬᠤ ᠪᠠᠷ ᠴᠢᠷᠮᠠᠶᠢᠵᠤ᠂ ᠰᠢᠩ ᠡᡁᠧ ᠰᠢᠶᠠᠨ ᠤ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠳᠤ | ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃ | ᠣᠶᠢᠯᠠᠭᠠᠭᠰᠠᠨ ᠢᠶᠠᠷ᠂ ᠲᠣᠰ ᠲᠥᠷᠥᠯ ᠵᠤᠶᠢᠯ ᠢ ᠤᠯᠠᠭᠠᠨᠴᠠᠪ ᠬᠤᠲᠠ ᠶᠢᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ ᠠᠴᠠ ᠪᠠᠲᠤᠯᠠᠨ ᠲᠠᠨᠢᠯᠴᠠᠭᠤᠯᠵᠤ᠂ ᠰᠢᠩ ᠾᠧ ᠰᠢᠶᠠᠨ ᠳᠤ ᠨᠠᠶᠢᠳᠠᠪᠤᠷᠢᠵᠢᠭᠤᠯᠤᠨ᠂ ᠵᠢᠱᠢᠯᠲᠡ ᠪᠠᠷ | ᠰᠢᠩ ᠾᠧ ᠰᠢᠶᠠᠨ ᠤ ᠠᠵᠤ ᠤᠶᠢᠯᠡᠰ ᠤᠨ ᠬᠦᠷᠢᠶᠡᠯᠡᠩ ᠲᠣᠭᠤᠷᠢᠭ ᠲᠤ ᠵᠢᠯ ᠳᠤ 55.20 ᠲᠦᠮᠡᠨ ᠲᠣᠨ | ᠲᠡᠮᠦᠷ ᠤᠨ ᠬᠠᠶᠢᠯᠤᠰᠢ ᠪᠣᠯᠪᠠᠰᠤᠷᠠᠭᠤᠯᠬᠤ ᠲᠥᠷᠥᠯ ᠵᠤᠶᠢᠯ ᠢ ᠪᠠᠶᠢᠭᠤᠯᠵᠤ᠂ ᠲᠥᠷᠥᠯ ᠵᠤᠶᠢᠯ ᠤᠨ ᠶᠡᠷᠦᠩᠬᠡᠶ ᠪᠠᠯᠠ | ᠣᠷᠣᠭᠤᠯᠤᠯᠲᠠ ᠨᠢ 13 ᠳ᠋ᠦᠩᠰᠢᠭᠤᠷ ᠲᠥᠭᠦᠷᠢᠭ ᠪᠠᠶᠢᠵᠤ᠂ ᠨᠢᠭᠡᠳᠦᠭᠡᠷ ᠬᠤᠭᠤᠴᠠᠭᠠᠨ ᠤ ᠲᠥᠷᠥᠯ ᠵᠤᠶᠢᠯ ᠤᠨ | ᠵᠢᠯ ᠤᠨ ᠪᠣᠷᠣᠯᠠᠭᠤᠯᠤᠯᠲᠠ ᠶᠢᠨ ᠲᠤᠭ᠎ᠠ ᠨᠢ ᠵᠢᠱᠢᠯᠲᠡ ᠪᠠᠷ 31 ᠳ᠋ᠦᠩᠰᠢᠭᠤᠷ ᠲᠥᠭᠦᠷᠢᠭ ᠲᠤ ᠬᠦᠷᠴᠦ᠂ 400 | ᠭᠠᠷᠤᠶ ᠬᠥᠮᠦᠨ ᠤ ᠠᠵᠢᠯ ᠣᠯᠭᠤᠯᠲᠠ ᠶᠢ ᠰᠢᠢᠳᠪᠤᠷᠢᠯᠡᠵᠤ ᠳᠡᠶᠢᠯᠬᠦ ᠪᠣᠯᠤᠨ᠎ᠠ᠃ | ᠰᠢᠶᠠᠨ ᠤ ᠳᠡᠳ᠋ ᠳᠠᠷᠤᠭ᠎ᠠ ᠾᠧᠦ ᠶᠢᠩ ᠪᠣᠯᠤᠨ ᠰᠢᠦ᠋ᠢᠵᠸᠤ ᠶᠢᠨ ᠬᠤᠩ ᠶᠠᠩ ᠰᠢᠨ᠎ᠡ ᠮᠠᠲ᠋ᠧᠷᠢᠶᠠᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠱᠤᠤ ᠮᠢᠩ ᠶᠠᠩ ᠲᠤᠰ | ᠲᠤᠰ ᠬᠤᠶᠠᠷ ᠲᠠᠯ᠎ᠠ ᠶᠢ ᠲᠥᠯᠥᠭᠡᠯᠡᠨ ᠲᠦᠷᠦᠯ ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠳᠤᠬᠢᠷᠠᠯᠴᠠᠵᠠᠢ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |