︽ᠰᠢᠩ ᠾᠧ ᠰᠢᠶᠠᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ︾ ᠶᠢ ᠳᠠᠷᠤᠮᠠᠯᠯᠠᠨ ᠶᠠᠪᠤᠭᠤᠯᠬᠤ ᠲᠤᠬᠠᠶ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/1/29
ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ︽ᠰᠢᠩ ᠾᠧ ᠰᠢᠶᠠᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ︾ ᠶᠢ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯᠳᠤᠭᠠᠨ ᠢᠶᠠᠷ ᠨᠢᠭᠡᠨᠲᠡ ᠬᠢᠨᠠᠨ ᠶᠠᠷᠢᠯᠴᠠᠵᠤ ᠪᠠᠲᠤᠯᠠᠪᠠ᠂ ᠤᠳᠤ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃                                          ᠰᠢᠩ ᠾᠧ ᠰᠢᠶᠠᠨ ᠤ ᠠᠷᠠᠳ ᠤᠨ ᠵᠠᠰᠠᠭ ᠤᠨ ᠤᠷᠳᠤᠨ                                            2024 ᠣᠨ ᠤ 1 ᠰᠠᠷ᠎ᠠ ᠶᠢᠨ 29 ᠤ  ᠡᠳᠦᠷ      ᠰᠢᠩ ᠾᠧ ᠰᠢᠶᠠᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠲᠤᠬᠠᠶ ᠠᠯᠢ ᠣᠯᠠᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠰᠢᠩ ᠾᠧ ᠰᠢᠶᠠᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠦᠨᠳᠦᠰᠦᠯᠡᠨ᠂ ᠪᠥᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠰ ᠲᠥᠯᠥᠪᠵᠢᠭᠦᠯᠭᠡ ᠶᠢ ᠲᠣᠭᠲᠠᠭᠠᠪᠠ᠃      ᠨᠢᠭᠡᠳᠦᠭᠡᠷ ᠪᠦᠯᠦᠭ    ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ      ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠦᠬᠦ ᠰᠢᠶᠠᠨ ᠤ ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠪᠣᠯᠤᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠵᠦ᠂ ᠬᠠᠷᠠᠯᠲᠠ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠤᠲᠠᠭᠳᠠᠯ ᠢ ᠨᠥᠬᠦᠪᠥᠷᠢᠯᠡᠬᠦ᠂ ᠭᠤᠣᠯᠯᠠᠭᠴᠢ ᠶᠢ ᠴᠢᠩᠭᠠᠳᠬᠠᠬᠤ᠂ ᠬᠠᠮᠵᠢᠯᠴᠠᠬᠤ ᠶᠢ ᠠᠬᠢᠭᠤᠯᠬᠤ ᠪᠠᠷ ᠬᠦᠴᠦᠯᠡᠨ ᠴᠢᠷᠮᠠᠶᠢᠵᠤ᠂ ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠪᠦᠲᠦᠮᠵᠢᠲᠡᠢ ᠠᠬᠢᠴᠠ ᠲᠠᠢ ᠪᠤᠯᠵᠤ ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠴᠢᠳᠠᠪᠤᠷᠢ ᠲᠠᠰᠤᠷᠠᠯᠳᠡ ᠦᠭᠡᠢ ᠴᠢᠩᠭᠠᠷᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠬᠠᠤᠯᠢᠵᠢᠯ᠂ ᠵᠢᠷᠤᠮᠵᠢᠯᠲᠠ᠂ ᠨᠠᠷᠢᠯᠢᠬᠵᠢᠯᠲᠠ᠂ ᠮᠡᠳᠡᠭᠡ ᠵᠠᠩᠭᠢᠵᠢᠯᠲᠠ ᠶᠢᠨ ᠴᠢᠭᠯᠡᠯ ᠢᠶᠠᠷ ᠡᠮᠬᠢ ᠵᠢᠷᠤᠮ ᠲᠠᠢ ᠬᠥᠭᠵᠢᠵᠦ᠂ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠥᠭᠵᠢᠬᠦ ᠳᠤ ᠪᠠᠲᠤ ᠪᠠᠬᠢ ᠠᠮᠤᠷ ᠲᠦᠪᠰᠢᠨ ᠤ ᠪᠠᠲᠤᠯᠠᠭ᠎ᠠ ᠬᠠᠩᠭᠠᠵᠠᠢ᠃      ᠨᠢᠭᠡ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠪᠠ      ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠥᠭᠡᠷᠡᠴᠢᠯᠡᠯᠲᠡ ᠬᠥᠭᠵᠢᠯᠲᠡ ᠶᠢ ᠳᠥᠯᠭᠢᠨ ᠠᠬᠢᠭᠤᠯᠵᠤ᠂ ᠨᠢᠭᠡᠳᠦᠯᠲᠡᠶ ᠤᠳᠤᠷᠢᠳᠤᠭᠰᠠᠨ᠂ ᠡᠷᠬᠡ ᠬᠠᠷᠢᠭᠤᠴᠠᠯᠭ᠎ᠠ ᠨᠢᠭᠡᠳᠦᠯᠲᠡᠶ᠂ ᠡᠷᠬᠡ ᠰᠦᠷ ᠲᠠᠢ ᠥᠨᠳᠥᠷ ᠪᠦᠲᠦᠮᠵᠢᠲᠡᠶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠢ ᠬᠦᠴᠦᠯᠡᠨ ᠪᠠᠶᠢᠭᠤᠯᠬᠤ ᠬᠡᠷᠡᠭᠲᠡᠶ᠃ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢ ᠰᠢᠨ᠎ᠡ ᠪᠠᠷ ᠪᠠᠶᠢᠭᠤᠯᠵᠤ᠂ ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ᠂ ᠭᠠᠮᠰᠢᠭ ᠠᠴᠠ ᠠᠪᠤᠷᠠᠬᠤ᠂ ᠵᠢᠯᠣᠭᠤᠳᠬᠤ᠂ ᠠᠪᠤᠷᠠᠨ ᠲᠤᠰᠠᠯᠠᠬᠤ᠂ ᠬᠢᠨᠠᠨ ᠬᠠᠮᠢᠶᠠᠷᠬᠤ᠂ ᠬᠠᠤᠯᠢ ᠬᠡᠷᠡᠭᠵᠢᠭᠦᠯᠬᠦ᠂ ᠪᠠᠲᠤᠯᠠᠬᠤ ᠵᠡᠷᠭᠡ ᠠᠵᠢᠯ ᠤᠨ ᠬᠤᠪᠢᠶᠠᠷᠢᠯᠠᠯ ᠨᠢ ᠲᠣᠳᠣᠷᠬᠠᠶ᠂ ᠬᠠᠷᠢᠯᠴᠠᠨ ᠵᠣᠯᠭᠠᠯᠳᠤᠭᠰᠠᠨ ᠳᠣᠲᠣᠭᠠᠳᠤ ᠶᠢᠨ ᠡᠭᠦᠷᠭᠡ ᠴᠢᠳᠠᠪᠤᠷᠢ ᠶᠢᠨ ᠰᠢᠰᠲ᠋ᠧᠮ ᠢ ᠠᠩᠬ᠎ᠠ ᠠᠯᠬᠤᠮ ᠪᠡᠶᠡᠯᠡᠭᠦᠯᠪᠡ᠃ ᠰᠢᠶᠠᠨ ᠤ ᠠᠶᠤᠯᠭᠦᠶ ᠦᠢᠯᠡᠳᠪᠦᠷᠢᠯᠡᠯ ᠤᠨ ᠺᠣᠮᠢᠰ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ᠂ ᠤᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠵᠡᠷᠭᠡ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢ ᠲᠣᠬᠢᠷᠠᠭᠤᠯᠤᠨ ᠳᠠᠭᠤᠰᠬᠠᠵᠤ᠂ ᠠᠵᠢᠯ ᠤᠨ ᠲᠦᠷᠢᠮ ᠪᠠ ᠠᠵᠢᠯᠯᠠᠭᠠᠨ ᠤ ᠲᠣᠭᠲᠠᠴᠠ ᠶᠢ ᠲᠣᠭᠲᠠᠭᠠᠵᠤ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠵᠢᠯᠣᠭᠤᠳᠬᠤ ᠪᠠᠶᠢᠭᠤᠯᠤᠯ ᠢ ᠠᠩᠬ᠎ᠠ ᠠᠯᠬᠤᠮ ᠪᠠᠶᠢᠭᠤᠯᠪᠠ᠃ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠤᠢ ᠰᠢᠭᠤᠶ ᠨᠤᠲᠤᠭ ᠪᠡᠯᠴᠢᠭᠡᠷ ᠢ ᠰᠡᠷᠭᠡᠶᠢᠯᠡᠨ ᠭᠠᠯ ᠤᠨᠲᠠᠷᠠᠭᠠᠬᠤ᠂ ᠭᠠᠵᠠᠷ ᠬᠥᠳᠡᠯᠦᠯᠲᠡ᠂ ᠭᠠᠵᠠᠷ ᠤᠨ ᠭᠠᠮᠰᠢᠭ ᠵᠡᠷᠭᠡ ᠪᠠᠴᠢᠮ ᠪᠠᠶᠢᠳᠠᠯ ᠢ ᠠᠷᠭᠠᠴᠠᠬᠤ ᠤᠯᠠᠨ ᠲᠤᠰᠬᠠᠶ ᠲᠥᠰᠦᠯ ᠳᠤ ᠵᠠᠰᠠᠪᠤᠷᠢ ᠣᠷᠣᠭᠤᠯᠪᠠ᠃ ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠨ᠎ᠡ ᠪᠠᠶᠢᠭᠤᠯᠤᠯ ᠢ ᠦᠨᠳᠦᠰᠦᠨ ᠳᠡᠭᠡᠨ ᠲᠣᠳᠣᠷᠬᠠᠶᠢᠯᠠᠵᠤ᠂ ᠰᠢᠨ᠎ᠡ ᠲᠣᠭᠲᠠᠴᠠ ᠶᠢ ᠠᠩᠬ᠎ᠠ ᠠᠯᠬᠤᠮ ᠪᠦᠷᠢᠯᠳᠦᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢᠨ ᠬᠠᠮᠵᠢᠯᠴᠠᠬᠤ ᠴᠢᠨᠠᠷ᠂ ᠪᠦᠬᠦᠯᠢ ᠴᠣᠭᠴᠠᠲᠤ ᠴᠢᠨᠠᠷ᠂ ᠲᠤᠰᠬᠠᠶ ᠮᠡᠷᠭᠡᠵᠢᠯ ᠤᠨ ᠴᠢᠨᠠᠷ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠠᠶᠤᠯᠭᠦᠶ ᠦᠢᠯᠡᠳᠪᠦᠷᠢᠯᠡᠯ ᠤᠨ ᠬᠢᠷᠢ ᠲᠦᠪᠰᠢᠨ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠬᠤᠶᠠᠷ᠂ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠴᠢᠳᠠᠪᠤᠷᠢ ᠲᠠᠰᠤᠷᠠᠯᠲᠠ ᠥᠬᠡᠶ ᠳᠡᠭᠡᠭᠰᠢᠯᠡᠪᠡ      ᠪᠠᠶᠢᠭᠤᠯᠤᠮᠵᠢ ᠶᠢᠨ ᠥᠭᠡᠷᠡᠴᠢᠯᠡᠯᠲᠡ ᠬᠢᠭᠰᠡᠨ ᠠᠴᠠ ᠨᠠᠰᠢ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢ ᠲᠠᠰᠤᠷᠠᠯᠲᠠ ᠥᠬᠡᠶ ᠨᠠᠶᠢᠳᠠᠪᠤᠷᠢᠵᠢᠭᠤᠯᠵᠤ᠂ ᠰᠢᠰᠲ᠋ᠧᠮ ᠢ ᠲᠡᠭᠦᠯᠳᠡᠷᠵᠢᠭᠦᠯᠦᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠳᠡᠯ ᠤᠨ ᠭᠠᠮᠰᠢᠭ ᠢ ︽ᠰᠡᠷᠭᠡᠶᠢᠯᠡᠬᠦ ︾ ᠪᠠ ︽ᠠᠪᠤᠷᠬᠠᠤ︾ ᠡᠭᠦᠷᠭᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠨᠢᠭᠡᠳᠦᠯᠲᠡᠶ ᠲᠥᠯᠥᠪᠯᠡᠨ ᠵᠠᠭᠠᠭᠯᠠᠨ ᠲᠣᠭᠲᠠᠭᠠᠵᠤ᠂ ︽ᠨᠢᠭᠡᠳᠬᠡᠬᠦ︾ ᠪᠠ ︽ᠰᠠᠯᠭᠠᠬᠤ︾ ᠶᠢᠨ ᠬᠠᠮᠵᠢᠯᠴᠠᠬᠤ ᠬᠠᠷᠢᠴᠠᠭ᠎ᠠ ᠶᠢ ᠲᠣᠳᠣᠷᠬᠠᠶᠢᠯᠠᠵᠤ᠂ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠪᠡ᠃ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠪᠦᠷᠢᠯᠳᠦᠬᠦᠨ ᠨᠢᠭᠡᠴᠡ ᠶᠢ ᠲᠡᠭᠦᠯᠳᠡᠷᠵᠢᠭᠦᠯᠦᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠ ᠲᠥᠪᠯᠡᠷᠡᠭᠦᠯᠦᠨ ᠵᠢᠯᠣᠭᠤᠳᠬᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ᠂ ᠰᠣᠨᠢᠨ ᠮᠡᠳᠡᠭᠡ ᠨᠡᠶᠢᠲᠡᠯᠡᠬᠦ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠤᠤᠷᠢᠶᠠᠲᠤᠨ ᠲᠠᠭᠠᠬᠤ᠂ ᠪᠠᠴᠢᠮ ᠪᠠᠶᠢᠳᠠᠯ ᠢ ᠠᠷᠭᠠᠴᠠᠬᠤ ᠶᠢᠨ ᠬᠤᠯᠪᠣᠭᠠᠯᠠᠨ ᠬᠥᠳᠡᠯᠦᠯᠴᠡᠬᠦ ᠵᠡᠷᠭᠡ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠴᠢᠩᠭᠠᠳᠬᠠᠪᠠ᠃ ᠤᠯᠤᠰ  ᠤᠨ ᠶᠡᠷᠦᠩᠬᠡᠶᠢᠯᠡᠭᠰᠡᠨ ᠴᠢᠨᠠᠷᠲᠠᠶ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠪᠠᠷ ᠭᠤᠣᠯ ᠬᠦᠴᠦᠨ ᠪᠣᠯᠭᠠᠭᠰᠠᠨ᠂ ᠲᠤᠰᠬᠠᠶ ᠠᠵᠢᠯ ᠤᠨ ᠠᠪᠤᠷᠠᠨ ᠲᠤᠰᠠᠯᠠᠬᠤ ᠡᠩᠨᠡᠭᠡ ᠪᠠᠷ ᠬᠠᠮᠵᠢᠯᠴᠠᠭᠰᠠᠨ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠪᠠᠷ ᠭᠠᠪᠰᠢᠭᠠᠶᠢᠯᠠᠯ ᠪᠣᠯᠭᠠᠭᠰᠠᠨ᠂ ᠨᠡᠶᠢᠭᠡᠮ ᠤᠨ ᠬᠦᠴᠦᠨ ᠢᠶᠠᠷ ᠬᠠᠪᠰᠤᠷᠤᠮᠵᠢ ᠪᠣᠯᠭᠠᠭᠰᠠᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ  ᠤ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠵᠤ᠂ ᠬᠦᠨᠳᠦ ᠶᠡᠭᠡ ᠣᠨᠴᠠ ᠶᠡᠭᠡ ᠭᠡᠨᠡᠳᠲᠡ  ᠶᠢᠨ ᠬᠡᠷᠡᠭ  ᠢ ᠠᠷᠭᠠᠴᠠᠭ ᠲᠦᠷᠭᠡᠨ ᠲᠤᠰᠬᠠᠬᠤ ᠴᠢᠳᠠᠪᠤᠷᠢ ᠶᠢ ᠮᠡᠳᠡᠭᠳᠡᠬᠦ᠋ᠢᠴᠡ ᠳᠡᠭᠡᠭᠰᠢᠯᠡᠭᠦᠯᠦᠨ᠎ᠡ᠃      ᠭᠤᠷᠪᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢ ᠶᠡᠬᠡᠪᠡᠷ ᠲᠥᠯᠬᠢᠨ ᠠᠬᠢᠭᠤᠯᠬᠤ ᠬᠡᠷᠡᠭᠲᠡᠶ      ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠮᠡᠳᠡᠭᠡ ᠵᠠᠩᠭᠢ ᠶᠢᠨ ᠰᠦᠯᠵᠢᠶ᠎ᠡ ᠯᠦᠭᠡ ᠬᠠᠷᠢᠯᠴᠠᠨ ᠠᠶᠤᠯᠲᠠᠶ ᠬᠢᠮᠢ ᠶᠢᠨ ᠪᠣᠳᠠᠰ ᠤᠨ ᠠᠶᠤᠯᠭᠦᠶ ᠦᠢᠯᠡᠳᠪᠦᠷᠢᠯᠡᠯ ᠤᠨ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠥᠬᠦ ᠲᠠᠯ᠎ᠠ ᠪᠠᠷ ᠬᠡᠷᠡᠭᠯᠡᠵᠦ᠂ ᠨᠢᠭᠡᠳᠦᠭᠡᠷ᠂ ᠭᠤᠷᠪᠠᠳᠤᠭᠠᠷ ᠳᠡᠰ ᠤᠨ ᠠᠶᠤᠯᠲᠠᠶ ᠬᠢᠮᠢ ᠶᠢᠨ ᠪᠣᠳᠠᠰ ᠤᠨ ᠬᠦᠨᠳᠦ ᠶᠡᠭᠡ ᠠᠶᠤᠯ ᠤᠨ ᠡᠬᠢ ᠰᠤᠷᠪᠤᠯᠵᠢ ᠳᠤ ᠬᠤᠯᠪᠣᠭᠳᠠᠭᠰᠠᠨ 1 ᠠᠵᠤ ᠠᠬᠤᠶᠢᠯᠠᠯ ᠢ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠳᠤ ᠣᠷᠣᠭᠤᠯᠪᠠ᠃ ᠦᠨᠳᠦᠰᠦᠨ ᠱᠠᠲᠤᠨ ᠤ ᠰᠦᠯᠵᠢᠶ᠎ᠡ ᠪᠠᠷ ᠭᠠᠮᠰᠢᠭ ᠢ ᠮᠡᠳᠡᠭᠦᠯᠬᠦ ᠰᠠᠭᠤᠷᠢ ᠶᠢ ᠪᠠᠬᠢᠵᠢᠭᠦᠯᠵᠦ᠂ ︽ᠰᠢᠶᠠᠨ ᠨᠢᠭᠡ ᠰᠢᠶᠠᠩ ᠪᠠᠯᠭᠠᠰᠤ ᠨᠢᠭᠡ ᠲᠣᠰᠬᠤᠨ︾ ᠭᠤᠷᠪᠠᠨ ᠱᠠᠲᠤᠨ ᠤ ᠭᠠᠮᠰᠢᠭ ᠤᠨ ᠪᠠᠶᠢᠳᠠᠯ ᠢ ᠪᠦᠷᠢᠳᠬᠡᠨ ᠬᠠᠮᠢᠶᠠᠷᠤᠭᠴᠢ ᠶᠢᠨ ᠡᠩᠨᠡᠭᠡ ᠶᠢ ᠪᠠᠶᠢᠭᠤᠯᠵᠤ᠂ ᠭᠠᠮᠰᠢᠭ ᠤᠨ ᠪᠠᠶᠢᠳᠠᠯ ᠢ ᠬᠠᠮᠢᠶᠠᠷᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠦᠬᠦ ᠶᠠᠪᠤᠴᠠ ᠶᠢᠨ ᠬᠠᠮᠢᠶᠠᠷᠤᠯᠲᠠ ᠶᠢ ᠵᠢᠷᠤᠮᠵᠢᠭᠤᠯᠪᠠ᠃ ︽ᠨᠠᠮ ᠤᠨ ᠬᠤᠷᠢᠶ᠎ᠠ ᠵᠠᠰᠠᠭ ᠤᠨ ᠣᠷᠳᠣᠨ ᠨᠢᠭᠡᠳᠦᠯᠲᠡᠶ ᠤᠳᠤᠷᠢᠳᠬᠤ᠂ ᠰᠠᠯᠠᠭ᠎ᠠ ᠮᠥᠴᠢᠷ ᠬᠠᠮᠵᠢᠯᠴᠠᠨ ᠬᠠᠮᠵᠢᠯᠴᠠᠬᠤ᠂ ᠰᠣᠨᠢᠨ ᠮᠡᠳᠡᠭᠡᠨ ᠤ ᠵᠠᠭᠤᠴᠢᠯᠠᠭᠤᠷ ᠥᠷᠭᠡᠨ ᠢᠶᠠᠷ ᠣᠷᠣᠯᠴᠠᠬᠤ︾ ᠤᠬᠠᠭᠤᠯᠭ᠎ᠠ ᠬᠥᠮᠦᠵᠢᠯ ᠤᠨ ᠠᠵᠢᠯ ᠤᠨ ᠰᠢᠰᠲ᠋ᠧᠮ ᠢ ᠪᠠᠶᠢᠭᠤᠯᠬᠤ ᠶᠢ ᠲᠦᠯᠬᠢᠨ ᠠᠬᠢᠭᠤᠯᠪᠠ᠃ ︽ᠠᠶᠤᠯᠭᠦᠶ ᠦᠢᠯᠡᠳᠪᠦᠷᠢᠯᠡᠯ ᠤᠨ ᠰᠠᠷ᠎ᠠ︾᠂ ︽ᠪᠦᠬᠦ ᠤᠯᠤᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ︾ ᠵᠡᠷᠭᠡ ᠭᠤᠣᠯ ᠰᠡᠳᠦᠪᠲᠦ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠠᠷᠠᠳ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠦᠵᠡᠯ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃      ᠲᠦᠷᠪᠡ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ      ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠬᠡᠳᠦ᠋ᠢᠪᠡᠷ ᠨᠡᠯᠢᠶᠡᠳ ᠶᠡᠭᠡ ᠠᠬᠢᠴᠠ ᠲᠠᠢ ᠪᠣᠯᠤᠭᠰᠠᠨ ᠪᠣᠯᠪᠠᠴᠤ ᠭᠡᠪᠡᠴᠦ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠵᠢᠴᠢ ᠨᠡᠶᠢᠭᠡᠮ ᠨᠡᠶᠢᠲᠡ ᠶᠢᠨ ᠣᠯᠠᠨ ᠨᠡᠶᠢᠲᠡ ᠶᠢᠨ ᠠᠮᠤᠷ ᠲᠦᠪᠰᠢᠨ ᠤ ᠬᠡᠷᠡᠭᠴᠡᠭᠡ ᠱᠠᠭᠠᠷᠳᠠᠯᠭ᠎ᠠ ᠠᠴᠠ ᠪᠠᠰᠠ ᠵᠣᠬᠢᠬᠤ ᠵᠥᠷᠢᠶ᠎ᠡ ᠲᠠᠢ ᠪᠠᠶᠢᠭᠰᠠᠭᠠᠷ᠂ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠬᠦᠷᠦᠯᠴᠡᠬᠦ ᠥᠬᠡᠶ᠂ ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠰᠢᠯᠤᠭᠤᠨ ᠪᠤᠰᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠠᠤᠯᠢ ᠪᠠᠷ ᠵᠠᠰᠠᠬᠤ ᠬᠢᠷᠢ ᠬᠡᠮᠵᠢᠶ᠎ᠡ ᠥᠨᠳᠥᠷ ᠪᠤᠰᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠲᠡᠭᠦᠯᠳᠡᠷ ᠪᠤᠰᠤ᠂ ᠣᠯᠠᠨ ᠨᠡᠶᠢᠲᠡ ᠶᠢᠨ ᠭᠠᠮᠰᠢᠭ ᠢ ᠰᠡᠷᠭᠡᠶᠢᠯᠡᠬᠦ ᠦᠵᠡᠯ ᠤᠬᠠᠮᠰᠠᠷ ᠪᠠ ᠴᠢᠳᠠᠪᠤᠷᠢ ᠬᠦᠷᠦᠯᠴᠡᠬᠦ ᠥᠬᠡᠶ ᠵᠡᠷᠭᠡ ᠪᠠᠭᠤᠷᠠᠶ ᠭᠤᠭᠴᠤᠭ᠎ᠠ ᠪᠠ ᠠᠰᠠᠭᠤᠳᠠᠯ ᠮᠥᠨ ᠬᠦ ᠣᠷᠣᠰᠢᠵᠤ ᠪᠠᠶᠢᠨ᠎ᠠ᠃      ᠨᠢᠭᠡ ᠳᠤ᠂ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠬᠤ ᠴᠢᠬᠤᠯᠠᠲᠠᠶ ᠪᠠᠶᠢᠨ᠎ᠠ᠃ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠨᠢ ᠪᠠᠶᠢᠭᠠᠯᠢ ᠶᠢᠨ ᠭᠠᠮᠰᠢᠭ ᠪᠠ ᠠᠳᠡᠯ ᠤᠨ ᠭᠠᠶ ᠭᠠᠮᠰᠢᠭ ᠢ ᠰᠢᠢᠳᠪᠦᠷᠢᠯᠡᠬᠦ ᠬᠡᠷᠡᠭᠴᠡᠭᠡ ᠶᠢ ᠪᠦᠷᠢᠮᠦᠰᠦᠨ ᠬᠠᠩᠭᠠᠵᠤ ᠳᠡᠶᠢᠯᠬᠦ ᠥᠬᠡᠶ ᠪᠠᠶᠢᠵᠤ᠂ ᠪᠥᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠡᠩᠨᠡᠭᠡᠨ ᠤ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠨᠢ ᠮᠥᠨ ᠬᠦ ᠵᠦᠶ ᠵᠣᠬᠢᠰ ᠥᠬᠡᠶ ᠪᠠᠶᠢᠵᠤ᠂ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠪᠠ ᠪᠣᠳᠠᠲᠤ ᠪᠠᠶᠢᠯᠳᠤᠭᠠᠨ ᠤ ᠰᠣᠷᠢᠯᠲᠠ ᠪᠠᠷ ᠬᠦᠷᠦᠯᠴᠡᠬᠦ ᠥᠬᠡᠶ ᠪᠠᠶᠢᠨ᠎ᠠ︔ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠯᠲᠡ ᠶᠢ ᠶᠡᠷᠦᠩᠬᠡᠶ ᠳᠤᠨᠢ ᠨᠢᠭᠡᠳᠦᠯᠲᠡᠶ ᠲᠥᠯᠥᠪᠵᠢᠭᠦᠯᠬᠦ ᠪᠠᠷ ᠳᠤᠲᠠᠮᠠᠭ ᠪᠠᠶᠢᠵᠤ᠂ ᠡᠳ᠋ ᠪᠣᠳᠠᠰ ᠢ ᠰᠢᠯᠵᠢᠭᠦᠯᠦᠨ ᠬᠡᠷᠡᠭᠯᠡᠬᠦ᠂ ᠵᠠᠷᠤᠳᠠᠯ ᠢ ᠪᠠᠲᠤᠯᠠᠬᠤ ᠪᠠ ᠡᠳ᠋ ᠤᠨ ᠵᠠᠰᠠᠭ ᠤᠨ ᠳᠡᠮᠵᠢᠯᠭᠡ ᠦᠵᠡᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠴᠢᠬᠤᠯᠠᠲᠠᠶ ᠪᠠᠶᠢᠨ᠎ᠠ︔ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠲᠠᠯᠠᠪᠤᠷ ᠭᠠᠵᠠᠷ ᠢ ᠲᠥᠯᠥᠪᠵᠢᠭᠦᠯᠦᠨ ᠪᠠᠶᠢᠭᠤᠯᠬᠤ ᠪᠠ ᠡᠳᠦᠷ ᠲᠤᠲᠤᠮ ᠤᠨ ᠠᠵᠢᠯᠯᠠᠭᠠᠨ ᠤ ᠬᠠᠮᠠᠭᠠᠯᠠᠯᠲᠠ ᠶᠢ ᠴᠢᠩᠭᠠᠳᠬᠠᠬᠤ ᠴᠢᠬᠤᠯᠠᠲᠠᠶ ᠪᠠᠶᠢᠨ᠎ᠠ︔ ᠪᠠᠴᠢᠮ ᠪᠠᠶᠢᠳᠠᠯ ᠢ ᠠᠷᠭᠠᠴᠠᠬᠤ ᠨᠡᠶᠢᠳᠡᠮ ᠬᠡᠷᠡᠭᠯᠡᠬᠦ ᠲᠣᠭᠲᠠᠴᠠ ᠶᠢ ᠪᠠᠰᠠ ᠤᠯᠠᠮ ᠨᠢᠭᠡ ᠠᠯᠬᠤᠮ ᠪᠦᠷᠢᠨᠰᠢᠬᠦᠯᠬᠦ ᠴᠢᠬᠤᠯᠠᠲᠠᠶ ᠪᠠᠶᠢᠵᠤ᠂ ᠲᠤᠬᠠᠶ ᠶᠢᠨ ᠲᠠᠯᠠᠪᠤᠷ ᠲᠤ ᠵᠢᠯᠣᠭᠤᠳᠬᠤ ᠪᠠ ᠬᠠᠮᠵᠢᠯᠴᠠᠬᠤ ᠲᠣᠭᠲᠠᠴᠠ ᠶᠢ ᠪᠠᠰᠠ ᠲᠡᠭᠦᠯᠳᠡᠷᠵᠢᠭᠦᠯᠬᠦ ᠴᠢᠬᠤᠯᠠᠲᠠᠶ ᠪᠠᠶᠢᠨ᠎ᠠ︔ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠡᠵᠡᠮᠰᠢᠬᠦ ᠪᠠ ᠬᠥᠲᠥᠯᠥᠨ ᠵᠢᠯᠣᠭᠤᠳᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃      ᠬᠤᠶᠠᠷ ᠲᠤ᠂ ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠶ ᠪᠠᠶᠢᠨ᠎ᠠ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ᠂ ᠡᠯ᠎ᠡ ᠲᠤᠰᠬᠠᠶ ᠮᠡᠷᠭᠡᠵᠢᠯ ᠤᠨ ᠬᠦᠷᠢᠶᠡᠨ ᠳᠠᠬᠢ ᠪᠠᠴᠢᠮ ᠪᠠᠶᠢᠳᠠᠯ ᠢ ᠠᠷᠭᠠᠴᠠᠬᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠪᠠᠶᠢᠭᠠᠯᠢ ᠶᠢᠨ ᠭᠠᠮᠰᠢᠭ ᠪᠠ ᠡ᠊ᠨᠳᠡᠯ ᠤᠨ ᠭᠠᠶ ᠭᠠᠮᠰᠢᠭ ᠢ ᠬᠠᠮᠲᠤ ᠪᠠᠷ ᠠᠷᠭᠠᠴᠠᠬᠤ ᠬᠠᠮᠲᠤᠷᠠᠯᠴᠠᠭᠠᠨ ᠤ ᠲᠣᠭᠲᠠᠴᠠ ᠶᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠶ ᠪᠠᠶᠢᠨ᠎ᠠ︔ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠯᠤᠭ᠎ᠠ ᠶᠢᠨ ᠵᠣᠬᠢᠴᠠᠯᠳᠤᠨ ᠬᠥᠳᠡᠯᠦᠯᠴᠡᠬᠦ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠨ ᠲᠡᠭᠦᠯᠳᠡᠷᠵᠢᠭᠦᠯᠬᠦ ᠴᠢᠬᠤᠯᠠᠲᠠᠶ ᠪᠠᠶᠢᠨ᠎ᠠ᠃      ᠭᠤᠷᠪᠠ ᠳᠤ᠂ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠬᠦ ᠢᠵᠢ ᠪᠦᠷᠢᠳᠦᠭᠦᠯᠬᠦ ᠲᠦᠷᠦ ᠶᠢᠨ ᠪᠤᠳᠤᠯᠭ᠎ᠠ ᠬᠠᠷᠠᠬᠠᠨ ᠲᠡᠭᠦᠯᠳᠡᠷᠵᠢᠭᠡᠳᠦᠶ ᠪᠠᠶᠢᠵᠤ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠪᠠᠶᠢᠭᠠᠯᠢ ᠶᠢᠨ ᠭᠠᠮᠰᠢᠭ ᠪᠠ ᠡ᠊ᠨᠳᠡᠯ ᠤᠨ ᠭᠠᠶ ᠭᠠᠮᠰᠢᠭ ᠢ ᠠᠷᠭᠠᠴᠠᠬᠤ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ︔ ᠪᠠᠴᠢᠮ ᠪᠠᠶᠢᠳᠠᠯ ᠢ ᠠᠷᠭᠠᠴᠠᠬᠤ ᠪᠠᠷᠢᠮᠵᠢᠶ᠎ᠠ ᠶᠢᠨ ᠰᠢᠰᠲ᠋ᠧᠮᠵᠢ ᠶᠢ ᠬᠠᠷᠠᠬᠠᠨ ᠪᠠᠶᠢᠭᠤᠯᠤᠭᠠᠳᠤᠶ ᠪᠠᠶᠢᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠪᠣᠳᠠᠲᠠᠶ ᠬᠡᠷᠡᠭᠴᠡᠭᠡ ᠯᠦᠭᠡ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠭᠰᠠᠭᠠᠷ᠃      ᠲᠦᠷᠪᠡ ᠳᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲᠧᠮ ᠢ ᠴᠢᠨᠠᠭᠰᠢᠳᠠ ᠴᠢᠩᠭᠠᠳᠬᠠᠬᠤ ᠴᠢᠬᠤᠯᠠᠲᠠᠢ ᠪᠠᠶᠢᠨ᠎ᠠ᠃ ᠲᠦᠭᠰᠢᠭᠦᠷᠢ ᠶᠢ ᠬᠢᠨᠠᠨ ᠬᠡᠮᠵᠢᠬᠦ᠂ ᠦᠨᠡᠯᠡᠨ ᠵᠢᠱᠢᠬᠦ ᠰᠢᠰᠲ᠋ᠧᠮ ᠪᠠ ᠱᠠᠳᠤ ᠬᠤᠪᠢᠶᠠᠨ ᠲᠦᠷᠦᠯ ᠬᠤᠪᠢᠶᠠᠭᠰᠠᠨ ᠲᠦᠭᠰᠢᠭᠦᠷᠢ ᠶᠢ ᠵᠠᠰᠠᠬᠤ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠶ ᠪᠠᠶᠢᠨ᠎ᠠ᠃ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠰᠢᠰᠲ᠋ᠧᠮ ᠪᠠ ᠲᠦᠭᠰᠢᠭᠦᠷᠢ ᠶᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠰᠢᠰᠲ᠋ᠧᠮ ᠤᠨ ᠪᠠᠶᠢᠭᠤᠯᠤᠯᠲᠠ ᠬᠤᠴᠣᠷᠴᠤ᠂ ᠮᠡᠳᠡᠭᠡ ᠵᠠᠩᠭᠢᠵᠢᠯᠲᠠ ᠶᠢᠨ ᠰᠠᠭᠤᠷᠢ ᠪᠠᠭᠤᠷᠠᠶ ᠪᠠᠶᠢᠨ᠎ᠠ᠃      ᠲᠠᠪᠤ ᠳᠤ᠂ ᠨᠡᠶᠢᠭᠡᠮ ᠤᠨ ᠳᠠᠶᠢᠴᠢᠯᠠᠯᠲᠠ ᠵᠢᠴᠢ ᠣᠯᠠᠨ ᠨᠡᠶᠢᠲᠡ ᠶᠢᠨ ᠭᠠᠮᠰᠢᠭ ᠢ ᠰᠡᠷᠭᠡᠶᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠡᠷᠴᠢᠮ ᠢ ᠪᠠᠴᠢᠮ ᠴᠢᠩᠭᠠᠳᠬᠠᠬᠤ ᠴᠢᠬᠤᠯᠠᠲᠠᠶ ᠪᠠᠶᠢᠵᠤ᠂ ᠡᠯ᠎ᠡ ᠵᠦᠢᠯ ᠤᠨ ᠠᠷᠠᠳ ᠤᠨ ᠳᠤᠮᠳᠠᠬᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠪᠠ ᠪᠠᠴᠢᠮ ᠪᠠᠶᠢᠳᠠᠯ ᠢ ᠠᠷᠭᠠᠴᠠᠬᠤ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠯᠢ ᠶᠢᠨ ᠭᠠᠮᠰᠢᠭ ᠵᠢᠴᠢ ᠠᠳᠡᠯ ᠤᠨ ᠭᠠᠶ ᠭᠠᠮᠰᠢᠭ ᠢ  ᠰᠢᠢᠳᠪᠦᠷᠢᠯᠡᠬᠦ ᠳᠤ ᠣᠷᠣᠯᠴᠠᠭᠤᠯᠬᠤ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠣᠯᠠᠨ ᠨᠡᠶᠢᠲᠡ ᠳᠤ ᠬᠠᠨᠳᠤᠭᠤᠯᠤᠨ ᠪᠠᠴᠢᠮ ᠪᠠᠶᠢᠳᠠᠯ ᠢ ᠠᠷᠭᠠᠴᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠪᠠ ᠪᠣᠯᠪᠠᠰᠤᠷᠠᠭᠤᠯᠤᠯ ᠰᠣᠷᠢᠯᠲᠠ ᠶᠢ ᠥᠷᠨᠢᠭᠦᠯᠬᠦ ᠲᠠᠯᠠᠪᠤᠷ ᠭᠠᠵᠠᠷ ᠬᠦᠷᠦᠯᠴᠡᠬᠦ ᠥᠬᠡᠶ ᠪᠠᠶᠢᠵᠤ᠂ ᠣᠯᠠᠨ ᠨᠡᠶᠢᠲᠡ ᠶᠢᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠦᠵᠡᠯ ᠤᠬᠠᠮᠰᠠᠷ᠂ ᠥᠪᠡᠷ ᠢ ᠪᠠᠨ ᠠᠪᠤᠷᠬᠠᠤ ᠬᠠᠷᠢᠯᠴᠠᠨ ᠠᠪᠤᠷᠬᠠᠤ ᠴᠢᠳᠠᠪᠤᠷᠢ ᠪᠠ ᠲᠣᠰ ᠪᠡᠶ᠎ᠡ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠮᠥᠨ ᠬᠦ ᠴᠢᠩᠭᠠᠳᠬᠠᠬᠤ ᠴᠢᠬᠤᠯᠠᠲᠠᠶ ᠪᠠᠶᠢᠨ᠎ᠠ︔ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠬᠡᠯᠪᠡᠷᠢ ᠪᠠᠷ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠪᠠ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠬᠥᠭᠵᠢᠯᠲᠡ ᠶᠢᠨ ᠠᠵᠢᠯ ᠢ ᠴᠢᠩᠭᠠᠳᠬᠠᠬᠤ ᠴᠢᠬᠤᠯᠠᠲᠠᠶ ᠪᠠᠶᠢᠨ᠎ᠠ ᠃ ᠡᠭᠦᠨ ᠤ ᠬᠠᠮᠲᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2023 — 2025 ᠣᠨ︶ ᠲᠠᠢ ᠤᠶᠠᠯᠳᠤᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠴᠢᠳᠠᠪᠤᠷᠢ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃      ᠬᠤᠶᠠᠳᠤᠭᠠᠷ ᠪᠦᠯᠦᠭ   ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ︵2021 - 2025 ᠣᠨ︶ ᠶᠢᠨ ᠬᠤᠭᠤᠴᠠᠭᠠᠨ ᠳᠤ ᠲᠤᠯᠭᠠᠷᠠᠭᠰᠠᠨ ᠪᠠᠶᠢᠳᠠᠯ      ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ︵2021 — 2025 ᠣᠨ︶ ᠪᠣᠯ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠪᠠᠶᠢᠭᠤᠯᠤᠭᠰᠠᠨ ᠤ ᠳᠠᠷᠠᠭ᠎ᠠ᠂ ᠨᠢᠭᠡᠳᠦᠯᠲᠡᠶ ᠤᠳᠤᠷᠢᠳᠤᠭᠰᠠᠨ᠂ ᠡᠷᠬᠡ ᠬᠠᠷᠢᠭᠤᠴᠠᠯᠭ᠎ᠠ ᠨᠢᠭᠡᠳᠦᠯᠲᠡᠶ᠂ ᠡᠷᠬᠡ ᠰᠦᠷ ᠲᠠᠢ ᠥᠨᠳᠥᠷ ᠪᠦᠲᠦᠮᠵᠢᠲᠡᠶ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠯ ᠢ ᠪᠣᠶ ᠪᠣᠯᠭᠠᠬᠤ ᠶᠢ ᠳᠥᠯᠭᠢᠨ ᠠᠬᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠳᠤ ᠬᠦᠨᠳᠦ ᠬᠡᠴᠡᠭᠦᠤ ᠥᠷᠢᠰᠥᠯᠳᠦᠭᠡᠨ ᠲᠤᠯᠭᠠᠷᠠᠵᠤ ᠪᠠᠶᠢᠬᠤ ᠮᠥᠷᠲᠡᠭᠡᠨ ᠪᠠᠰᠠ ᠲᠡᠤᠬᠡ ᠶᠢᠨ ᠬᠥᠭᠵᠢᠯᠲᠡ ᠶᠢᠨ ᠰᠢᠨ᠎ᠡ ᠠᠵᠠ ᠲᠣᠬᠢᠶᠠᠯ ᠲᠤᠯᠭᠠᠷᠠᠵᠤ ᠪᠠᠶᠢᠨ᠎ᠠ᠃      ᠨᠢᠭᠡ᠂ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢᠨ ᠦᠨᠳᠦᠰᠦᠨ ᠪᠠᠲᠤᠯᠠᠭ᠎ᠠ ᠪᠠ ᠤᠯᠤᠰ ᠲᠥᠷᠥ ᠶᠢᠨ ᠠᠵᠠ ᠲᠣᠬᠢᠶᠠᠯ      ᠨᠠᠮ ᠪᠠ ᠵᠠᠰᠠᠭ ᠤᠨ ᠣᠷᠳᠣᠨ ᠠᠴᠠ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠪᠠ ᠠᠶᠤᠯᠭᠦᠶ ᠦᠢᠯᠡᠳᠪᠦᠷᠢᠯᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠭ᠎ᠠ ᠶᠠᠪᠤᠳᠠᠯ ᠪᠣᠯ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠶᠢᠨ ᠦᠨᠳᠦᠰᠦᠨ ᠪᠠᠲᠤᠯᠠᠭ᠎ᠠ ᠪᠠ ᠤᠯᠤᠰ ᠲᠦᠷᠦ ᠶᠢᠨ ᠠᠵᠠ ᠲᠣᠬᠢᠶᠠᠯ ᠮᠥᠨ᠃ ᠨᠠᠮ ᠪᠠ ᠵᠠᠰᠠᠭ ᠤᠨ ᠣᠷᠳᠣᠨ ᠠᠴᠠ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠣᠯ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠡᠯ᠎ᠡ ᠵᠦᠢᠯ ᠤᠨ ᠭᠠᠶ ᠭᠠᠮᠰᠢᠭ ᠤᠨ ᠡ᠊ᠨᠳᠡᠯ ᠢ ᠴᠠᠭ ᠲᠤᠬᠠᠶ ᠳᠤᠨᠢ ᠠᠷᠭᠠᠴᠠᠨ ᠰᠢᠢᠳᠪᠦᠷᠢᠯᠡᠬᠦ ᠴᠢᠬᠤᠯᠠ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠬᠤ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠴᠢᠬᠤᠯᠠ ᠡᠭᠦᠷᠭᠡ ᠶᠢ ᠡᠭᠦᠷᠭᠡᠯᠡᠨ᠎ᠡ᠃ ᠮᠠᠨ ᠤ ᠤᠯᠤᠰ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠤᠨ ᠣᠨᠴᠠᠯᠢᠭ ᠪᠠ ᠳᠠᠪᠠᠭᠤᠯᠢᠭ ᠢ ᠪᠠᠳᠠᠷᠠᠭᠤᠯᠵᠤ᠂ ᠭᠠᠳᠠᠭᠠᠳᠤ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠰᠢᠭᠲᠠᠶ ᠠᠷᠭ᠎ᠠ ᠬᠢᠳᠡᠯ ᠢᠶᠠᠷ ᠯᠠᠪᠯᠠᠯᠲᠠ ᠪᠣᠯᠭᠠᠵᠤ᠂ ᠮᠠᠨ ᠤ ᠤᠯᠤᠰ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠪᠠ ᠴᠢᠳᠠᠪᠤᠷᠢ ᠶᠢᠨ ᠣᠳᠣᠬᠢᠴᠢᠯᠠᠯᠲᠠ ᠶᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠪᠠ ᠠᠶᠤᠯᠭᠦᠶ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠪᠠᠨ ᠲᠦᠷᠭᠡᠬᠡᠨ ᠰᠢᠯᠢᠳᠡᠭᠵᠢᠭᠦᠯᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠠᠶᠤᠯᠭᠦᠶ ᠶᠢᠨ ᠬᠦᠨᠳᠦ ᠶᠡᠭᠡ ᠣᠨᠴᠠ ᠶᠡᠭᠡ ᠡ᠊ᠨᠳᠡᠯ ᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠶ ᠭᠡᠵᠦ ᠱᠠᠭᠠᠷᠳᠠᠪᠠ᠃ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠠᠴᠠ ᠨᠠᠰᠢ᠂ ᠮᠠᠨ ᠤ ᠰᠢᠶᠠᠨ ᠠᠵᠤ ᠠᠬᠤᠶ ᠪᠠᠨ ᠲᠠᠰᠤᠷᠠᠯᠲᠠ ᠥᠬᠡᠶ ᠬᠥᠭᠵᠢᠭᠦᠯᠬᠦ ᠶᠢᠨ ᠵᠡᠷᠭᠡ ᠳᠤ ᠪᠠᠴᠢᠮ ᠪᠠᠶᠢᠳᠠᠯ ᠢ ᠠᠷᠭᠠᠴᠠᠬᠤ ᠣᠷᠣᠭᠤᠯᠤᠯᠲᠠ ᠪᠠᠨ ᠲᠠᠰᠤᠷᠠᠯᠲᠠ ᠥᠬᠡᠶ ᠨᠡᠮᠡᠭᠳᠡᠭᠦᠯᠵᠦ᠂ ᠠᠳᠡᠯ ᠤᠨ ᠭᠠᠶ ᠭᠠᠮᠰᠢᠭ ᠪᠠ ᠪᠠᠶᠢᠭᠠᠯᠢ ᠶᠢᠨ ᠭᠠᠶ ᠭᠠᠮᠰᠢᠭ ᠢ ᠰᠡᠷᠭᠡᠶᠢᠯᠡᠬᠦ ᠳᠤ ᠴᠢᠬᠤᠯᠠ ᠦᠢᠯᠡᠳᠦᠯ ᠦᠵᠡᠭᠦᠯᠦᠭᠰᠡᠨ ᠪᠥᠭᠡᠳ ᠬᠤᠶᠢᠰᠢᠳᠠ ᠶᠢᠨ ᠲᠠᠪᠤᠨ ᠵᠢᠯ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠳᠤ ᠰᠠᠶᠢᠨ ᠰᠠᠶᠢᠬᠠᠨ ᠬᠥᠭᠵᠢᠯᠲᠡ ᠶᠢᠨ ᠠᠵᠠ ᠲᠣᠬᠢᠶᠠᠯ ᠬᠠᠩᠭᠠᠭᠰᠠᠨ ᠪᠠᠶᠢᠨ᠎ᠠ᠃      ᠬᠤᠶᠠᠷ᠂ ᠮᠠᠨ ᠤ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠳᠤ ᠰᠢᠨ᠎ᠡ ᠥᠷᠢᠰᠥᠯᠳᠦᠭᠡᠨ ᠲᠤᠯᠭᠠᠷᠠᠵᠤ ᠪᠠᠶᠢᠨ᠎ᠠ      ᠮᠠᠨ ᠤ ᠰᠢᠶᠠᠨ ᠤ ᠭᠠᠮᠰᠢᠭ ᠤᠨ ᠲᠦᠷᠦᠯ ᠵᠦᠢᠯ ᠤᠯᠠᠨ ᠶᠠᠩᠵᠤ ᠶᠢᠨ ᠪᠠᠶᠢᠵᠤ᠂ ᠭᠠᠩ ᠭᠠᠮᠰᠢᠭ᠂ ᠦᠶᠡᠷ ᠤᠰᠤᠲᠤᠯ᠂ ᠰᠠᠯᠬᠢᠨ ᠮᠥᠨᠳᠥᠷ᠂ ᠬᠦᠢᠳᠡᠨ ᠬᠥᠯᠳᠡᠭᠡᠬᠦ ᠪᠠ ᠴᠠᠰᠤᠨ ᠤ ᠭᠠᠮᠰᠢᠭ᠂ ᠤᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠵᠡᠷᠭᠡ ᠪᠠᠶᠢᠭᠠᠯᠢ ᠶᠢᠨ ᠭᠠᠮᠰᠢᠭ ᠪᠠᠶᠢᠨ ᠪᠠᠶᠢᠨ ᠭᠠᠷᠴᠤ᠂ ᠭᠠᠯ ᠤᠨ ᠠᠶᠤᠯ ᠵᠡᠷᠭᠡ ᠬᠦᠨᠳᠦ ᠣᠨᠴᠠ ᠶᠡᠭᠡ ᠪᠠᠶᠢᠭᠠᠯᠢ ᠶᠢᠨ ᠭᠠᠮᠰᠢᠭ ᠪᠠᠶᠢᠨ ᠪᠠᠶᠢᠨ ᠭᠠᠷᠴᠤ᠂ ᠬᠦᠨᠳᠦ ᠨᠣᠴᠢᠲᠠᠶ ᠬᠤᠬᠢᠷᠠᠯ ᠤᠴᠠᠷᠠᠭᠤᠯᠵᠤ᠂ ᠭᠠᠮᠰᠢᠭ ᠠᠴᠠ ᠠᠪᠤᠷᠠᠬᠤ ᠳᠤ ᠶᠡᠭᠡ ᠬᠦᠴᠢᠷ ᠲᠠᠢ ᠪᠠᠶᠢᠨ᠎ᠠ᠃ ᠮᠠᠨ ᠤ ᠰᠢᠶᠠᠨ ᠤ ᠠᠶᠤᠯᠲᠠᠢ ᠬᠢᠮᠢ ᠶᠢᠨ ᠪᠣᠳᠠᠰ᠂ ᠨᠡᠭᠦᠷᠡᠰᠦᠨ ᠠᠭᠤᠷᠬᠠᠢ ᠶᠢᠨ ᠪᠤᠰᠤ ᠠᠭᠤᠷᠬᠠᠢ᠂ ᠲᠡᠮᠦᠷᠯᠢᠭ ᠪᠣᠯᠪᠠᠰᠤᠷᠠᠭᠤᠯᠬᠤ ᠵᠡᠷᠭᠡ ᠠᠵᠢᠯ ᠲᠦᠷᠦᠯ ᠤᠨ ᠬᠦᠷᠢᠶᠡᠨ ᠤ ᠠᠶᠤᠯ ᠶᠡᠬᠡᠲᠡᠢ ᠠᠵᠤ ᠠᠬᠤᠶᠢᠯᠠᠯ ᠤᠨ ᠬᠡᠪᠴᠢᠶ᠎ᠡ ᠨᠢ ᠨᠡᠯᠢᠶᠡᠳ ᠪᠠᠭ᠎ᠠ᠂ ᠰᠠᠭᠤᠷᠢ ᠨᠢ ᠨᠡᠯᠢᠶᠡᠳ ᠠᠨᠠᠢ ᠪᠠᠶᠢᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠠᠶᠤᠯ ᠲᠦᠭᠰᠢᠭᠦᠷᠢ ᠶᠢᠨ ᠳᠠᠯᠳᠠ ᠭᠡᠮ ᠮᠥᠨ ᠯᠡ ᠶᠡᠭᠡ ᠪᠠᠶᠢᠵᠤ᠂ ᠠᠶᠤᠯᠭᠦᠢ ᠦᠢᠯᠡᠳᠪᠦᠷᠢᠯᠡᠯ ᠳᠤ ᠲᠤᠯᠭᠠᠷᠠᠵᠤ ᠪᠠᠶᠢᠭ᠎ᠠ ᠳᠠᠷᠤᠯᠲᠠ ᠨᠡᠯᠢᠶᠡᠳ ᠶᠡᠭᠡ ᠪᠠᠶᠢᠨ᠎ᠠ᠃ ᠮᠠᠨ ᠤ ᠰᠢᠶᠠᠨ ᠪᠣᠯ ᠥᠪᠥᠷ ᠮᠣᠩᠭᠤᠯ ᠱᠠᠨ ᠰᠢ ᠾᠤᠪᠸᠢ ᠭᠤᠷᠪᠠᠨ ᠮᠤᠵᠢ ᠣᠷᠣᠨ ᠤ ᠠᠭᠤᠯᠵᠠᠷ ᠭᠠᠵᠠᠷ ᠲᠤ ᠣᠷᠣᠰᠢᠵᠤ᠂ ᠪᠡᠭᠡᠵᠢᠩ ᠲᠢᠶᠠᠨᠵᠢᠨ ᠡᡁᠧᠪᠸᠢ᠂ ᠬᠥᠬᠡᠬᠤᠲᠠ ᠪᠤᠭᠤᠲᠤ ᠤᠷᠳᠤᠰ  ᠦᠬᠠᠢ ᠬᠤᠶᠠᠷ ᠶᠡᠭᠡ ᠠᠵᠤ ᠠᠬᠤᠢ ᠶᠢᠨ ᠲᠣᠭᠤᠷᠢᠭ ᠤᠨ ᠴᠢᠬᠤᠯᠠ ᠵᠠᠩᠭᠢᠯᠠᠭ᠎ᠠ ᠶᠢᠨ ᠴᠡᠭ ᠪᠣᠯᠤᠨ᠎ᠠ᠂ ᠬᠢᠯᠢ ᠶᠢᠨ ᠳᠣᠲᠣᠷᠠᠬᠢ ᠵᠢᠨᠢᠩ ᠠᠴᠠ ᠴᠢᠭᠤᠯᠤᠯᠲᠤ ᠬᠠᠭᠠᠯᠭ᠎ᠠ ᠬᠦᠷᠬᠦ ᠳᠡᠮᠤᠷ ᠵᠠᠮ᠂ ᠪᠡᠭᠡᠵᠢᠩ ᠠᠴᠠ ᠬᠥᠬᠡᠬᠤᠲᠠ ᠬᠦᠷᠬᠦ ᠲᠦᠷᠭᠡᠨ ᠤ ᠳᠡᠮᠤᠷ ᠵᠠᠮ ᠤᠨ 2 ᠵᠤᠷᠪᠤᠰ ᠳᠡᠮᠤᠷ ᠵᠠᠮ᠂ 110 ᠤᠯᠤᠰ ᠤᠨ ᠳᠡᠮᠤᠷ ᠵᠠᠮ᠂ 335 ᠤᠯᠤᠰ ᠤᠨ ᠳᠡᠮᠤᠷ ᠵᠠᠮ᠂ ᠮᠤᠵᠢ ᠶᠢᠨ ᠵᠠᠮ ᠤᠨ 223 ᠱᠤᠭᠤᠮ ᠤᠨ 3 ᠵᠤᠷᠪᠤᠰ ᠤᠯᠤᠰ ᠮᠤᠵᠢ ᠶᠢᠨ ᠭᠤᠣᠯ ᠵᠠᠮ᠂ G6᠂ G7᠂ ᠬᠥᠬᠡᠬᠤᠲᠠ ᠠᠴᠠ ᠰᠢᠩ ᠾᠧ᠂ ᠵᠡᠭᠦᠨᠭᠠᠷ ᠠᠴᠠ ᠰᠢᠩ  ᠾᠧ ᠬᠦᠷᠬᠦ 4 ᠵᠤᠷᠪᠤᠰ ᠲᠦᠷᠭᠡᠨ ᠤ ᠵᠠᠰᠠᠮᠠᠯ ᠵᠠᠮ ᠬᠥᠨᠳᠡᠯᠡᠨ ᠭᠤᠯᠳᠤ ᠰᠦᠯᠵᠢᠯᠳᠦᠵᠦ᠂ ᠨᠠᠢᠮᠠᠨ ᠵᠣᠪᠬᠢᠰ ᠢ ᠰᠠᠭᠠᠳ ᠦᠬᠡᠢ ᠨᠡᠪᠲᠡᠷᠡᠭᠦᠯᠵᠦ᠂ ᠣᠷᠣᠨ ᠪᠠᠶᠢᠷᠢ ᠶᠢᠨ ᠳᠠᠪᠠᠭᠤᠯᠢᠭ ᠢᠶᠠᠨ ᠠᠰᠢᠭᠯᠠᠨ ᠠᠵᠤ ᠠᠬᠤᠢ ᠨᠡᠶᠢᠭᠡᠮ ᠢ ᠳᠥᠭᠦᠮ ᠳᠥᠲᠡ ᠬᠥᠭᠵᠢᠭᠦᠯᠬᠦ ᠶᠢᠨ ᠬᠠᠮᠲᠤ᠂ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠨᠡᠩ ᠢᠯᠡᠭᠦᠦ ᠰᠡᠷᠭᠡᠶᠢᠯᠡᠬᠦ ᠴᠢᠬᠤᠯᠠᠲᠠᠢ᠃ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠠᠴᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠳᠠᠰᠢ ᠤᠷᠤᠭᠰᠢᠯᠠᠬᠤ ᠶᠠᠪᠤᠴᠠ ᠳᠤ᠂ ᠣᠯᠠᠨ ᠨᠡᠶᠢᠲᠡ ᠪᠠᠷ ᠢᠶᠠᠨ ᠵᠠᠰᠠᠭ ᠤᠨ ᠣᠷᠳᠣᠨ ᠤ ᠪᠠᠶᠢᠭᠠᠯᠢ ᠶᠢᠨ ᠭᠠᠮᠰᠢᠭ ᠪᠠ ᠠᠳᠡᠯ ᠤᠨ ᠭᠠᠶ ᠭᠠᠮᠰᠢᠭ ᠢ ᠴᠠᠭ ᠲᠤᠬᠠᠶ ᠳᠤᠨᠢ  ᠰᠢᠢᠳᠪᠦᠷᠢᠯᠡᠬᠦ᠂ ᠣᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ ᠨᠠᠩ ᠥᠨᠳᠥᠷ ᠱᠠᠭᠠᠷᠳᠠᠯᠭ᠎ᠠ ᠳᠤᠷᠠᠳᠴᠤ᠂ ᠰᠢᠨ᠎ᠡ ᠪᠠᠶᠢᠳᠠᠯ ᠤᠨ ᠳᠣᠤᠷᠠᠬᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠳᠤ ᠡᠭᠦᠷᠭᠡ ᠬᠦᠨᠳᠦ ᠵᠠᠮ ᠬᠤᠯᠠ ᠪᠠᠶᠢᠨ᠎ᠠ᠃ ᠢᠯᠠᠩᠭᠤᠶ᠎ᠠ ᠮᠠᠨ ᠤ ᠰᠢᠶᠠᠨ ᠪᠣᠯ ᠠᠵᠤ ᠠᠬᠤᠶ ᠶᠢᠨ ᠬᠥᠭᠵᠢᠯᠲᠡ ᠪᠠᠷ ᠠᠨᠠᠶ ᠭᠠᠵᠠᠷ ᠣᠷᠣᠨ ᠮᠥᠨ ᠪᠣᠯᠬᠤᠷ ᠶᠡᠷᠦᠩᠬᠡᠶᠢᠯᠡᠭᠰᠡᠨ ᠠᠵᠤ ᠠᠬᠤᠶ ᠶᠢᠨ ᠪᠣᠳᠠᠲᠤ ᠬᠦᠴᠦᠨ ᠴᠢᠩᠭ᠎ᠠ ᠪᠢᠰᠢ᠂ ᠬᠤᠳᠠ ᠬᠥᠳᠡᠭᠡ᠂ ᠣᠷᠣᠨ ᠪᠦᠰᠡ᠂ ᠠᠵᠤ ᠠᠬᠤᠶ ᠨᠡᠶᠢᠭᠡᠮ ᠤᠨ ᠬᠥᠭᠵᠢᠯᠲᠡ ᠵᠣᠬᠢᠴᠠᠩᠭᠤᠶ ᠪᠤᠰᠤ ᠪᠠᠶᠢᠨ᠎ᠠ︔ ᠠᠵᠤ ᠦᠢᠯᠡᠰ ᠤᠨ ᠪᠦᠲᠦᠴᠡ ᠨᠡᠯᠢᠶᠡᠳ ᠳᠠᠩ ᠴᠤᠯᠭᠤᠶ ᠪᠠᠶᠢᠵᠤ᠂ ᠠᠵᠤ ᠠᠬᠤᠶ ᠶᠢᠨ ᠨᠡᠮᠡᠭᠳᠡᠯ ᠤᠨ ᠬᠥᠳᠡᠯᠭᠡᠬᠦ ᠬᠦᠴᠦᠨ ᠵᠣᠬᠢᠴᠠᠩᠭᠤᠶ ᠪᠤᠰᠤ ᠪᠠᠶᠢᠵᠤ᠂ ᠴᠥᠭᠡᠨ ᠪᠤᠰᠤ ᠠᠵᠤ ᠠᠬᠤᠶᠢᠯᠠᠯ ᠤᠨ ᠡᠵᠡᠩᠨᠡᠯᠲᠡ ᠨᠢ ᠬᠦᠴᠢᠷᠳᠡᠯᠲᠡᠶ᠂ ᠠᠵᠤ ᠠᠬᠤᠶ ᠶᠢᠨ ᠦᠷ᠎ᠡ ᠠᠰᠢᠭ ᠨᠢ ᠠᠨᠠᠶ ᠪᠠᠶᠢᠵᠤ᠂ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠪᠠ ᠠᠶᠤᠯᠭᠦᠶ ᠦᠢᠯᠡᠳᠪᠦᠷᠢᠯᠡᠯ ᠳᠤ ᠣᠷᠣᠭᠤᠯᠬᠤ ᠣᠷᠣᠭᠤᠯᠤᠯᠲᠠ ᠶᠢᠨ ᠡᠷᠴᠢᠮ ᠬᠢᠵᠠᠭᠠᠷᠯᠠᠭᠳᠠᠵᠤ᠂ ᠪᠣᠳᠠᠲᠠᠶ ᠬᠡᠷᠡᠭᠴᠡᠭᠡ ᠶᠢ ᠪᠠᠰᠠ ᠪᠦᠷᠢᠮᠦᠰᠦᠨ ᠬᠠᠩᠭᠠᠵᠤ ᠳᠡᠶᠢᠯᠬᠦ ᠦᠭᠡᠢ ᠪᠠᠶᠢᠨ᠎ᠠ᠃      ᠭᠤᠷᠪᠠᠳᠤᠭᠠᠷ ᠪᠦᠯᠦᠭ ᠵᠡᠷᠦᠩᠬᠡᠶ ᠱᠠᠭᠠᠷᠳᠠᠯᠭ᠎ᠠ      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠶ ᠦᠢᠯᠡᠳᠪᠦᠷᠢᠯᠡᠯ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠤᠱᠯᠠᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠮᠤᠷ ᠲᠦᠪᠰᠢᠨ ᠢᠶᠠᠷ ᠬᠥᠭᠵᠢᠭᠦᠯᠬᠦ ᠪᠠ ᠭᠠᠮᠰᠢᠭ ᠢ ᠶᠡᠷᠦᠩᠬᠡᠶᠢᠯᠡᠨ ᠰᠡᠷᠭᠡᠶᠢᠯᠡᠵᠦ ᠭᠠᠮᠰᠢᠭ ᠢ ᠪᠠᠭᠠᠰᠬᠠᠬᠤ ᠣᠨᠣᠯᠵᠢᠬᠤᠨ ᠢ ᠪᠠᠷᠢᠮᠲᠠᠯᠠᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ ᠪᠠ ᠴᠢᠳᠠᠪᠤᠷᠢ ᠶᠢᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠡᠷᠡᠰ ᠭᠤᠶᠢᠪᠢᠰᠢ ᠥᠬᠡᠶ ᠪᠠᠷ ᠲᠦᠷᠭᠡᠳᠬᠡᠨ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠪᠠᠶᠢᠩᠭᠤ ᠶᠢᠨ ᠪᠠᠶᠢᠳᠠᠯ ᠪᠠ ᠬᠡᠪ ᠤᠨ ᠪᠤᠰᠤ ᠪᠠᠶᠢᠳᠠᠯ ᠳᠣᠤᠷᠠᠬᠢ ᠪᠠᠴᠢᠮ ᠪᠠᠶᠢᠳᠠᠯ ᠢ ᠠᠷᠭᠠᠴᠠᠬᠤ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠪᠠᠶᠢᠭᠠᠯᠢ ᠶᠢᠨ ᠭᠠᠮᠰᠢᠭ ᠪᠣᠯᠤᠨ ᠠᠳᠡᠯ ᠤᠨ ᠭᠠᠮᠰᠢᠭ ᠤᠨ ᠰᠢᠨ᠎ᠡ ᠪᠠᠶᠢᠳᠠᠯ᠂ ᠰᠢᠨ᠎ᠡ ᠠᠰᠠᠭᠤᠳᠠᠯ᠂ ᠰᠢᠨ᠎ᠡ ᠱᠠᠭᠠᠷᠳᠠᠯᠭ᠎ᠠ ᠶᠢ ᠢᠳᠡᠪᠬᠢᠲᠡᠶ ᠠᠷᠭᠠᠴᠠᠵᠤ᠂ ᠨᠢᠭᠡᠳᠦᠯᠲᠡᠶ ᠵᠢᠯᠣᠭᠤᠳᠬᠤ᠂ ᠲᠤᠰᠬᠠᠶ ᠪᠠ ᠪᠠᠶᠢᠩᠭᠤ ᠶᠢ ᠬᠤᠣᠰᠯᠠᠭᠤᠯᠤᠭᠰᠠᠨ᠂ ᠬᠤᠷᠴᠠ ᠰᠡᠷᠭᠡᠭ ᠲᠤᠰᠬᠠᠯ ᠲᠠᠢ᠂ ᠳᠡᠭᠡᠳᠦ ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠭᠰᠡᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ ᠬᠠᠮᠢᠶᠠᠷᠤᠨ ᠡᠵᠡᠮᠳᠡᠵᠦ᠂ ᠪᠠᠴᠢᠮ ᠬᠦᠴᠢᠷᠲᠡᠢ ᠠᠶᠤᠯᠲᠠᠢ ᠬᠦᠨᠳᠦ ᠡᠭᠦᠷᠭᠡ ᠶᠢ ᠰᠢᠢᠳᠪᠦᠷᠢᠯᠡᠬᠦ ᠴᠢᠳᠠᠪᠤᠷᠢ ᠪᠠᠨ ᠶᠡᠬᠡᠪᠡᠷ ᠳᠡᠭᠡᠭᠰᠢᠯᠡᠭᠦᠯᠵᠦ᠂ ᠬᠦᠨᠳᠦ ᠶᠡᠭᠡ ᠣᠨᠴᠠ ᠶᠡᠭᠡ ᠠᠳᠡᠯ ᠢ ᠡᠷᠡᠰ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠪᠦᠲᠦᠮᠵᠢᠲᠡᠢ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠵᠦ᠂ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠥᠭᠵᠢᠬᠦ ᠳᠤ ᠨᠡᠩ ᠪᠠᠲᠤ ᠪᠠᠬᠢ ᠠᠮᠤᠷ ᠲᠦᠪᠰᠢᠨ ᠤ ᠪᠠᠲᠤᠯᠠᠭ᠎ᠠ ᠬᠠᠩᠭᠠᠨ᠎ᠠ᠃      ᠬᠤᠶᠠᠷ᠂ ᠦᠨᠳᠦᠰᠦᠨ ᠵᠠᠷᠴᠢᠮ      ︵ᠨᠢᠭᠡ︶ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠨᠠᠮ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠳᠠᠬᠢ ᠬᠠᠷᠢᠴᠠᠯᠠᠰᠢ ᠥᠬᠡᠶ ᠤᠳᠤᠷᠢᠳᠤᠯᠭ᠎ᠠ ᠶᠢ ᠪᠠᠷᠢᠮᠲᠠᠯᠠᠨ᠂ ᠨᠠᠮ ᠤᠨ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠪᠣᠳᠣᠯᠬᠢᠯᠠᠬᠤ᠂ ᠲᠥᠷᠥ ᠶᠢᠨ ᠪᠣᠳᠣᠯᠭ᠎ᠠ ᠲᠣᠭᠲᠠᠭᠠᠬᠤ᠂ ᠥᠭᠡᠷᠡᠴᠢᠯᠡᠯᠲᠡ ᠶᠢ ᠠᠬᠢᠭᠤᠯᠬᠤ ᠴᠢᠳᠠᠪᠤᠷᠢ ᠪᠠ ᠲᠣᠭᠲᠠᠯ ᠬᠦᠴᠦᠨ ᠢ ᠳᠡᠭᠡᠭᠰᠢᠯᠡᠭᠦᠯᠵᠦ᠂ ᠨᠠᠮ ᠤᠨ ᠤᠯᠤᠰ ᠲᠥᠷᠥ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠠ ᠲᠦᠷᠢᠮ ᠤᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ ᠪᠠ ᠴᠢᠳᠠᠪᠤᠷᠢ ᠶᠢᠨ ᠪᠠᠶᠢᠭᠤᠯᠤᠯᠲᠠ ᠳᠤ ᠬᠦᠴᠦᠨ ᠴᠢᠳᠠᠯ ᠢ ᠨᠢᠭᠲᠠᠷᠠᠭᠤᠯᠤᠨ᠂ ᠪᠠᠲᠤᠯᠠᠭ᠎ᠠ ᠬᠠᠩᠭᠠᠬᠤ ᠬᠡᠷᠡᠭᠲᠡᠶ᠃      ︵ᠬᠤᠶᠠᠷ︶ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠨ᠎ᠠ᠃ ᠠᠶᠤᠯᠭᠦᠶ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠲᠡᠭᠦᠯᠳᠡᠷᠵᠢᠭᠦᠯᠦᠨ᠂ ᠠᠮᠢ ᠨᠠᠰᠤᠨ ᠤ ᠤᠯᠠᠭᠠᠨ ᠱᠤᠭᠤᠮ ᠢ ᠪᠠᠲᠤ ᠰᠠᠬᠢᠵᠤ᠂ ᠠᠶᠤᠯᠭᠦᠶ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠶᠡᠭᠡ ᠪᠠᠷ ᠬᠡᠷᠡᠭᠵᠢᠭᠦᠯᠵᠦ᠂ ᠬᠦᠨᠳᠦ ᠶᠡᠭᠡ ᠣᠨᠴᠠ ᠶᠡᠭᠡ ᠠᠶᠤᠯᠭᠦᠶ ᠶᠢᠨ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃      ︵ᠭᠤᠷᠪᠠ︶ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠨ᠎ᠠ᠃ ᠰᠢ ᠶᠢᠨ ᠫᠢᠩ ᠶᠡᠷᠦᠩᠬᠡᠶ ᠱᠦᠵᠢ ᠶᠢᠨ ︽ᠬᠤᠶᠠᠷ ᠢ ᠪᠠᠷᠢᠮᠲᠠᠯᠠᠵᠤ᠂ ᠭᠤᠷᠪᠠ ᠶᠢ ᠬᠤᠪᠢᠷᠠᠭᠤᠯᠬᠤ︾ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠰᠢᠨ᠎ᠡ ᠣᠶᠢᠯᠠᠭᠠᠭᠳᠠᠬᠤᠨ ᠢᠶᠠᠷ ᠦᠨᠳᠦᠰᠦᠨ ᠵᠢᠷᠤᠮᠯᠠᠯ ᠪᠣᠯᠭᠠᠵᠤ᠂ ᠡᠬᠢ ᠡᠭᠦᠰᠦᠯ ᠠᠴᠠ ᠨᠢ ᠵᠠᠰᠠᠬᠤ᠂ ᠪᠣᠭᠤᠮᠲᠠ ᠶᠢ ᠤᠷᠤᠭᠰᠢ ᠰᠢᠯᠵᠢᠭᠦᠯᠬᠦ ᠶᠢ ᠪᠠᠷᠢᠮᠲᠠᠯᠠᠵᠤ᠂ ᠭᠠᠮᠰᠢᠭ ᠢ ᠰᠡᠷᠭᠡᠶᠢᠯᠡᠬᠦ ᠰᠠᠭᠤᠷᠢ ᠲᠥᠬᠦᠭᠡᠷᠦᠮᠵᠢ ᠶᠢ ᠪᠠᠲᠤ ᠪᠠᠬᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠭᠠᠶ ᠭᠠᠮᠰᠢᠭ ᠤᠨ ᠡ᠊ᠨᠳᠡᠯ ᠢ ᠴᠠᠭ ᠲᠤᠬᠠᠶ ᠳᠤᠨᠢ ᠪᠦᠲᠦᠮᠵᠢᠲᠡᠶ ᠪᠠᠷ ᠠᠷᠭᠠᠴᠠᠵᠤ᠂ ᠬᠥᠮᠦᠨ ᠭᠠᠮᠰᠢᠭᠳᠠᠭᠰᠠᠨ ᠠᠷᠠᠳ ᠤᠨ ᠠᠮᠢ ᠨᠠᠰᠤ ᠡᠳ᠋ ᠬᠦᠷᠦᠩᠭᠡ ᠶᠢᠨ ᠬᠤᠬᠢᠷᠠᠯ ᠢ ᠪᠠᠭᠠᠰᠬᠠᠪᠠ᠃      ︵ᠳᠥᠷᠪᠡ︶ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠪᠠᠷᠢᠮᠲᠠᠯᠠᠨ᠎ᠠ᠃ ᠨᠢᠭᠡᠨᠲᠡ ᠪᠠᠶᠢᠭ᠎ᠠ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠪᠠ ᠪᠠᠲᠤᠯᠠᠬᠤ ᠴᠢᠳᠠᠪᠤᠷᠢ ᠪᠠᠨ ᠭᠦᠢᠴᠡᠳ ᠠᠰᠢᠭᠯᠠᠭᠰᠠᠨ ᠰᠠᠭᠤᠷᠢᠨ ᠳᠡᠭᠡᠷ᠎ᠡ᠂ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤ ᠶᠢᠨ ᠬᠡᠷᠡᠭᠴᠡᠭᠡ ᠱᠠᠭᠠᠷᠳᠠᠯᠭ᠎ᠠ ᠶᠢ ᠡᠮᠬᠢᠯᠡᠨ ᠳᠢᠭᠯᠡᠵᠦ᠂ ᠦᠨᠳᠦᠰᠦᠨ ᠱᠠᠲᠤᠨ ᠤ ᠳᠣᠲᠣᠭᠠᠳᠤ ᠶᠢ ᠬᠠᠮᠠᠭᠠᠯᠠᠬᠤ᠂ ᠲᠣᠮᠢᠯᠠᠭᠰᠠᠨ ᠰᠠᠯᠪᠤᠷᠢ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠬᠠᠤᠯᠢ ᠴᠠᠭᠠᠵᠠ ᠶᠢᠨ ᠭᠠᠵᠠᠷ ᠵᠡᠷᠭᠡ ᠰᠠᠯᠠᠭ᠎ᠠ ᠮᠥᠴᠢᠷ ᠤᠨ ᠪᠥᠲᠥᠭᠡᠨ ᠪᠠᠶᠢᠭᠤᠯᠤᠯᠲᠠ ᠯᠤᠭ᠎ᠠ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠬᠡᠷᠡᠭᠴᠡᠭᠡ ᠶᠢ ᠵᠦᠶ ᠵᠣᠬᠢᠰᠲᠠᠶ ᠲᠥᠯᠥᠪᠵᠢᠭᠦᠯᠦᠨ᠂ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠶᠢ ᠨᠥᠬᠦᠪᠥᠷᠢᠯᠡᠬᠦ᠂ ᠲᠡᠭᠦᠯᠳᠡᠷᠵᠢᠭᠦᠯᠬᠦ ᠪᠠ ᠴᠢᠩᠭᠠᠷᠠᠭᠤᠯᠵᠤ᠂ ᠮᠡᠳᠡᠭᠡ ᠵᠠᠩᠭᠢ ᠪᠣᠯᠤᠨ ᠡᠬᠢ ᠪᠠᠶᠠᠯᠢᠭ ᠢ ᠬᠠᠮᠲᠤᠪᠠᠷ ᠭᠥᠷᠳᠡᠬᠦ ᠲᠣᠭᠲᠠᠴᠠ ᠶᠢ ᠭᠤᠤᠯᠳᠠᠯᠭ᠎ᠠ ᠲᠠᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠭᠤᠤᠯ ᠴᠢᠳᠠᠪᠤᠷᠢ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠪᠣᠯᠤᠨ ᠪᠠᠴᠢᠮ ᠪᠠᠶᠢᠳᠠᠯ ᠢ ᠠᠷᠭᠠᠴᠠᠬᠤ ᠰᠠᠭᠤᠷᠢ ᠴᠢᠳᠠᠪᠤᠷᠢ ᠶᠢ ᠳᠡᠭᠡᠭᠰᠢᠯᠡᠭᠦᠯᠦᠨ᠎ᠡ᠃      ︵ᠲᠠᠪᠤ︶ ᠨᠡᠶᠢᠭᠡᠮ ᠢᠶᠠᠷ ᠢᠶᠠᠨ ᠬᠠᠮᠲᠤᠪᠠᠷ ᠵᠠᠰᠠᠬᠤ ᠶᠢ ᠪᠠᠷᠢᠮᠲᠠᠯᠠᠨ᠎ᠠ᠃ ᠵᠠᠰᠠᠭ ᠤᠨ ᠣᠷᠳᠣᠨ ᠤ ᠵᠠᠰᠠᠯᠲᠠ ᠶᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠣᠯᠠᠨ ᠲᠦᠮᠡᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ  ᠭᠦᠢᠴᠡᠳ ᠳᠠᠶᠢᠴᠢᠯᠠᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠳᠤ ᠠᠷᠠᠳ ᠣᠯᠠᠨ ᠤ ᠣᠷᠣᠯᠴᠠᠬᠤ ᠪᠦᠲᠦᠮᠵᠢᠲᠡᠶ ᠠᠷᠭ᠎ᠠ ᠵᠠᠮ ᠢ ᠥᠷᠭᠡᠳᠬᠡᠵᠦ᠂ ᠡᠯ᠎ᠡ ᠲᠠᠯ᠎ᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠬᠦ ᠳᠤ ᠨᠡᠶᠢᠭᠡᠮ ᠤᠨ ᠣᠷᠣᠯᠴᠠᠬᠤ ᠶᠢ ᠴᠢᠩᠭᠠᠷᠠᠭᠤᠯᠤᠨ᠂ ᠬᠤᠲᠠ ᠬᠥᠳᠡᠭᠡ ᠬᠠᠮᠵᠢᠯᠴᠠᠬᠤ᠂ ᠠᠵᠢᠯ ᠲᠥᠷᠥᠯ ᠬᠦᠷᠢᠶ᠎ᠡ ᠴᠠᠷᠠᠭ᠎ᠠ ᠬᠠᠮᠵᠢᠯᠴᠠᠬᠤ᠂ ᠴᠡᠷᠢᠭ ᠠᠩᠭᠢ ᠪᠠ ᠣᠷᠣᠨ ᠨᠤᠲᠤᠭ ᠬᠠᠮᠵᠢᠯᠴᠠᠬᠤ ᠶᠢ ᠴᠢᠩᠭᠠᠳᠬᠠᠵᠤ᠂ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃      ᠭᠤᠷᠪᠠ᠂ ᠬᠥᠭᠵᠢᠯᠲᠡ ᠶᠢᠨ ᠬᠠᠷᠠᠯᠲᠠ      ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ᠂ ᠨᠡᠶᠢᠭᠡᠮ ᠤᠨ ᠠᠮᠤᠷ ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠪᠦᠬᠦ ᠲᠠᠯ᠎ᠠ ᠶᠢᠨ᠂ ᠪᠣᠰᠤᠭ᠎ᠠ ᠴᠣᠭᠴᠠᠲᠤ ᠤᠯᠠᠨ ᠨᠡᠶᠢᠲᠡ ᠶᠢᠨ ᠠᠮᠤᠷ ᠲᠦᠪᠰᠢᠨ ᠤ ᠲᠣᠣᠷ ᠢ ᠪᠠᠶᠢᠭᠤᠯᠬᠤ ᠶᠢ ᠪᠣᠳᠣᠯᠬᠢᠯᠠᠨ᠎ᠠ᠃ 2025 ᠣᠨ ᠪᠣᠯᠬᠤ ᠳᠤ᠂ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠶᠢᠨ ᠬᠠᠤᠯᠢ ᠳᠦᠷᠢᠮᠵᠢᠭᠦᠯᠬᠦ᠂ ᠵᠢᠷᠤᠮᠵᠢᠭᠤᠯᠬᠤ᠂ ᠨᠠᠷᠢᠯᠢᠬᠵᠢᠭᠤᠯᠬᠤ᠂ ᠮᠡᠳᠡᠭᠡ ᠵᠠᠩᠭᠢᠵᠢᠭᠤᠯᠬᠤ᠂ ᠨᠡᠶᠢᠭᠡᠮᠴᠢᠯᠡᠬᠦ ᠵᠡᠷᠭᠡ ︽ᠲᠠᠪᠤᠨ ᠲᠠᠯ᠎ᠠ︾ ᠶᠢᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠠᠤᠯᠢ ᠲᠣᠭᠲᠠᠭᠠᠯ ᠢ ᠦᠨᠳᠦᠰᠦᠨ ᠳᠡᠭᠡᠨ ᠪᠦᠷᠢᠨᠰᠢᠬᠦᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠦᠷᠢᠮ ᠤᠨ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠤᠨ ᠪᠦᠲᠦᠭᠡᠵᠦ᠂ ᠢᠨᠲ᠋ᠧᠷ ᠰᠦᠯᠵᠢᠶᠡᠨ ᠤ ᠮᠡᠷᠭᠡᠵᠢᠯ ᠵᠡᠷᠭᠡ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠬᠢᠭᠡᠳ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢ ᠤᠯᠠᠮ ᠨᠢᠭᠡ ᠠᠯᠬᠤᠮ ᠠᠭᠤᠰᠤᠯᠴᠠᠭᠤᠯᠤᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠡᠯ᠎ᠡ ᠭᠤᠭᠴᠤᠭ᠎ᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠨᠡᠶᠢᠭᠡᠮ ᠤᠨ ᠬᠦᠴᠦᠨ ᠤ ᠲᠦᠭᠰᠢᠭᠦᠷᠢ ᠶᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠳᠤ ᠣᠷᠣᠯᠴᠠᠬᠤ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠎ᠡ᠃      ︵ᠨᠢᠭᠡ︶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠭᠤᠷᠢ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠤᠳᠠ ᠬᠥᠳᠡᠭᠡ ᠶᠢᠨ ᠦᠢᠯᠡᠳᠪᠦᠷᠢᠯᠡᠯ ᠠᠮᠢᠳᠤᠷᠠᠯ ᠤᠨ ᠲᠥᠬᠦᠭᠡᠷᠦᠮᠵᠢ ᠶᠢᠨ ᠭᠠᠮᠰᠢᠭ ᠢ ᠡᠰᠡᠷᠭᠦᠴᠡᠬᠦ ᠴᠢᠳᠠᠪᠤᠷᠢ ᠪᠠ ᠭᠡᠨᠡᠳᠲᠡ ᠶᠢᠨ ᠬᠡᠷᠡᠭ ᠢ ᠠᠷᠭᠠᠴᠠᠬᠤ ᠰᠠᠭᠤᠷᠢ ᠴᠢᠳᠠᠪᠤᠷᠢ ᠢᠯᠡᠳᠲᠡ ᠴᠢᠩᠭᠠᠷᠠᠪᠠ᠃ ᠪᠥᠬᠦ ᠰᠢᠶᠠᠨ ᠤ ᠭᠠᠵᠠᠷ ᠬᠥᠳᠡᠯᠦᠯᠲᠡ ᠶᠢ ᠳᠠᠭᠠᠭᠠᠬᠤ ᠰᠡᠷᠭᠡᠶᠢᠯᠡᠯᠲᠡ ᠶᠢᠨ ᠬᠢᠷᠢ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠵᠦ᠂ ᠭᠠᠵᠠᠷ ᠬᠥᠳᠡᠯᠦᠯᠲᠡ ᠶᠢ ᠡᠰᠡᠷᠭᠦᠴᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠪᠠᠶᠢᠭᠠᠯᠢ ᠶᠢᠨ ᠭᠠᠶ ᠭᠠᠮᠰᠢᠭ ᠤᠨ ᠬᠤᠬᠢᠷᠠᠯ ᠢ ᠮᠡᠳᠡᠭᠳᠡᠬᠦ᠋ᠢᠴᠡ ᠪᠠᠭᠤᠷᠠᠭᠤᠯᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠵᠤ᠂ ᠪᠦᠬᠦ ᠠᠷᠠᠳ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠦᠵᠡᠯ ᠤᠬᠠᠮᠰᠠᠷ ᠢ ᠴᠢᠩᠭᠠᠷᠠᠭᠤᠯᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠮᠡᠳᠡᠯᠭᠡ ᠶᠢ ᠳᠤᠮᠳᠠᠳᠤ ᠪᠠᠭ᠎ᠠ ᠰᠤᠷᠭᠠᠭᠤᠯᠢ ᠵᠢᠴᠢ ᠤᠯᠠᠨ ᠨᠡᠶᠢᠲᠡ ᠶᠢᠨ ᠳᠤᠮᠳᠠ ᠲᠦᠭᠡᠮᠡᠯᠵᠢᠭᠦᠯᠦᠭᠰᠡᠨ ᠨᠤᠷᠮ᠎ᠠ ᠶᠢ ᠮᠡᠳᠡᠭᠳᠡᠬᠦ᠋ᠢᠴᠡ ᠳᠡᠭᠡᠭᠰᠢᠯᠡᠭᠦᠯᠦᠨ᠎ᠡ᠃ ᠳᠤᠮᠳᠠ ᠵᠢᠵᠢᠭ ᠭᠤᠣᠯ ᠮᠥᠷᠡᠨ ᠤ ᠴᠢᠬᠤᠯᠠ ᠭᠤᠣᠯ ᠤᠨ ᠬᠡᠰᠡᠭ ᠢ ᠵᠠᠰᠠᠬᠤ᠂ ᠡᠮᠵᠡᠭ ᠠᠶᠤᠯᠲᠠᠶ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠭᠤᠯᠠᠨ ᠦᠶᠡᠷ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠣᠷᠣᠨ ᠤ ᠰᠠᠭᠤᠭᠠᠯᠢ ᠠᠷᠠᠳ ᠢ ᠨᠡᠭᠦᠯᠭᠡᠵᠦ ᠵᠠᠶᠢᠯᠠᠭᠤᠯᠬᠤ ᠪᠠ ᠭᠤᠣᠯᠳᠠᠯᠭ᠎ᠠ ᠲᠠᠢ ᠵᠠᠰᠠᠬᠤ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠪᠠ᠃ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠰᠠᠭᠤᠷᠢ ᠢᠯᠡᠳᠲᠡ ᠰᠠᠶᠢᠵᠢᠷᠠᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠪᠰᠢᠨ ᠢᠯᠡᠳᠲᠡ ᠳᠡᠭᠡᠭᠰᠢᠯᠡᠵᠦ᠂ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠪᠠᠲᠤᠯᠠᠪᠤᠷᠢ ᠶᠢᠨ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠵᠤ᠂ ᠡᠯ᠎ᠡ ᠲᠦᠷᠦᠯ ᠤᠨ ᠦᠢᠯᠡᠳᠪᠦᠷᠢᠯᠡᠯ ᠤᠨ ᠠᠳᠡᠯ ᠤᠨ ᠭᠦᠢᠴᠡᠳᠬᠡᠬᠦ ᠲᠤᠭ᠎ᠠ ᠤᠯᠠᠮ ᠨᠢᠭᠡ ᠠᠯᠬᠤᠮ ᠪᠠᠭᠤᠷᠠᠵᠤ᠂ ᠬᠦᠨᠳᠦ ᠶᠡᠭᠡ ᠣᠨᠴᠠ ᠶᠡᠭᠡ ᠠᠳᠡᠯ ᠢ ᠡᠷᠡᠰ ᠬᠤᠷᠢᠭᠯᠠᠨ᠎ᠠ᠃      ︵ᠬᠤᠶᠠᠷ︶ ᠬᠢᠨᠠᠨ ᠬᠡᠮᠵᠢᠵᠦ ᠰᠡᠷᠡᠮᠵᠢᠯᠡᠭᠦᠯᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠠᠮᠢᠶ᠎ᠠ ᠪᠥᠬᠦᠢ ᠡᠬᠢ ᠪᠠᠶᠠᠯᠢᠭ ᠲᠤ ᠲᠦᠰᠢᠭᠯᠡᠨ᠂ ᠬᠢᠨᠠᠨ ᠬᠡᠮᠵᠢᠬᠦ ᠲᠣᠣᠷ ᠰᠦᠯᠵᠢᠶ᠎ᠡ ᠪᠣᠯᠤᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ  ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ᠃ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠲᠥᠪ  ᠤᠨ ᠪᠠᠶᠢᠭᠤᠯᠤᠯᠲᠠ ᠶᠢ ᠴᠢᠩᠭᠠᠳᠬᠠᠨ᠂ ᠴᠢᠮᠡᠭᠡ ᠬᠤᠯᠪᠣᠭᠠᠨ  ᠤ ᠡᠵᠡᠩᠨᠡᠯᠲᠡ ᠶᠢᠨ ᠬᠤᠳᠠᠯᠳᠤᠭᠠᠴᠢᠨ ᠪᠣᠯᠤᠨ ᠷᠠᠳᠢᠣ᠋ ᠨᠡᠪᠲᠡᠷᠡᠭᠦᠯᠭᠡ ᠲᠧᠯᠸᠢᠰ ᠤᠨ ᠴᠢᠮᠡᠭᠡ ᠬᠤᠯᠪᠣᠭᠠᠨ ᠤ ᠰᠠᠭᠤᠷᠢ ᠪᠡᠯᠡᠳᠬᠡᠮᠵᠢ ᠪᠣᠯᠤᠨ ᠲᠣᠣᠷ ᠰᠦᠯᠵᠢᠶ᠎ᠡ ᠶᠢ ᠭᠦᠢᠴᠡᠳ ᠠᠰᠢᠭᠯᠠᠨ᠂ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠡᠯ᠎ᠡ ᠲᠥᠷᠥᠯ ᠤᠨ ᠠᠷᠭ᠎ᠠ ᠪᠠᠷᠢᠯ ᠢ ᠲᠡᠭᠦᠯᠳᠡᠷᠵᠢᠭᠦᠯᠦᠨ᠂ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠶᠢᠨ ᠴᠠᠭ ᠬᠤᠭᠤᠴᠠᠭᠠᠲᠤ ᠴᠢᠨᠠᠷ᠂ ᠣᠨᠣᠪᠴᠢᠲᠤ ᠴᠢᠨᠠᠷ ᠪᠣᠯᠤᠨ ᠬᠠᠮᠤᠷᠬᠤ ᠬᠡᠪᠴᠢᠶ᠎ᠡ ᠶᠢ ᠢᠯᠡᠷᠬᠡᠶ ᠳᠡᠭᠡᠭᠰᠢᠯᠡᠭᠦᠯᠦᠨ᠎ᠡ᠃ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠰᠢᠶᠠᠨ ᠤ ᠴᠠᠭ ᠠᠭᠤᠷ ᠤᠨ ᠲᠣᠪᠴᠢᠶ᠎ᠠ ᠬᠢᠭᠡᠳ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠬᠤᠯᠪᠣᠭᠳᠠᠯ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠬᠠᠮᠵᠢᠯᠴᠠᠨ ᠬᠠᠮᠲᠤᠷᠠᠯᠴᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠭᠠᠵᠠᠷ ᠤᠨ ᠭᠠᠶ ᠭᠠᠮᠰᠢᠭ ᠤᠨ ᠴᠠᠭ ᠠᠭᠤᠷ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠬᠢᠷᠢ ᠬᠡᠮᠵᠢᠶ᠎ᠡ ᠪᠠ ᠰᠡᠷᠭᠡᠶᠢᠯᠡᠨ ᠠᠷᠭᠠᠴᠠᠬᠤ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠣᠯᠠᠨ ᠭᠠᠮᠰᠢᠭ ᠤᠨ ᠲᠥᠷᠥᠯ ᠢ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠨᠡᠶᠢᠲᠡᠯᠡᠬᠦ ᠲᠠᠪᠴᠠᠩ ᠢ ᠪᠠᠶᠢᠭᠤᠯᠵᠤ᠂ ᠠᠵᠤ ᠠᠬᠤᠶᠢᠯᠠᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠵᠢᠴᠢ ᠪᠦᠬᠦ ᠠᠵᠢᠯᠲᠠᠨ ᠳᠤ ᠮᠡᠳᠡᠭᠳᠡᠬᠦ ᠳᠦᠷᠢᠮ ᠢ ᠪᠠᠶᠢᠭᠤᠯᠵᠤ᠂ ᠢᠯᠠᠩᠭᠤᠶ᠎ᠠ ᠠᠶᠤᠯ ᠶᠡᠬᠡᠲᠡᠶ ᠠᠵᠢᠯ ᠲᠥᠷᠥᠯ ᠪᠣᠯᠤᠨ ᠬᠦᠷᠢᠶᠡᠨ ᠤ ᠠᠵᠤ ᠠᠬᠤᠶᠢᠯᠠᠯ᠂ ᠠᠶᠤᠯ ᠤᠨ ᠡᠬᠢ ᠰᠤᠷᠪᠤᠯᠵᠢ᠂ ᠭᠤᠤᠯᠳᠠᠯᠭ᠎ᠠ ᠲᠠᠢ ᠠᠵᠢᠯ ᠤᠨ ᠪᠠᠶᠢᠷᠢ᠂ ᠭᠤᠤᠯᠳᠠᠯᠭ᠎ᠠ ᠲᠠᠢ ᠬᠡᠰᠡᠭ ᠤᠨ ᠲᠤᠬᠠᠶ ᠶᠢᠨ ᠲᠠᠯᠠᠪᠤᠷ ᠤᠨ ᠰᠢᠢᠳᠪᠦᠷᠢᠯᠡᠬᠦ ᠲᠥᠰᠦᠯ ᠢ ᠤᠯᠠᠮ ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠶᠤᠯ ᠶᠡᠬᠡᠲᠡᠶ ᠠᠵᠤ ᠠᠬᠤᠶᠢᠯᠠᠯ ᠢ ᠳᠦᠷᠢᠮᠵᠢᠭᠦᠯᠬᠦ᠂ ᠪᠥᠬᠦ ᠠᠵᠢᠯᠲᠠᠨ ᠤ ᠪᠣᠯᠭᠠᠬᠤ᠂ ᠣᠯᠠᠨ ᠬᠡᠯᠪᠡᠷᠢ ᠶᠢᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠨ᠂ ᠠᠳᠡᠯ ᠤᠨ ᠤᠷᠢᠳᠠᠪᠠᠷ ᠥᠪᠡᠷ ᠢ ᠪᠠᠨ ᠠᠪᠤᠷᠬᠠᠤ ᠬᠠᠷᠢᠯᠴᠠᠨ ᠠᠪᠤᠷᠬᠠᠤ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠵᠦ᠂ ᠬᠡᠪᠴᠢᠶ᠎ᠡ ᠠᠴᠠ ᠳᠡᠭᠡᠭᠰᠢᠬᠢ ᠠᠶᠤᠯ ᠶᠡᠬᠡᠲᠡᠶ ᠠᠵᠢᠯ ᠲᠥᠷᠥᠯ ᠤᠨ ᠬᠦᠷᠢᠶᠡᠨ ᠳᠠᠬᠢ ᠠᠵᠤ ᠠᠬᠤᠶᠢᠯᠠᠯ ᠤᠨ ᠲᠤᠰᠬᠠᠶ ᠪᠠ ᠲᠤᠰᠢᠶᠠᠯ ᠬᠠᠪᠰᠤᠷᠭᠠᠭᠰᠠᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠵᠢᠴᠢ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠳᠥᠯᠭᠢᠨ ᠠᠬᠢᠭᠤᠯᠤᠨ᠎ᠠ᠃ ᠠᠵᠤ ᠠᠬᠤᠶᠢᠯᠠᠯ ᠤᠳ ᠳᠣᠲᠣᠭᠠᠳᠤ ᠶᠢᠨ ᠬᠢᠨᠠᠨ ᠬᠡᠮᠵᠢᠵᠦ ᠰᠡᠷᠡᠮᠵᠢᠯᠡᠭᠦᠯᠬᠦ᠂ ᠪᠠᠶᠢᠳᠠᠯ ᠢ ᠰᠤᠳᠤᠯᠤᠨ ᠮᠠᠭᠠᠳᠯᠠᠬᠤ ᠵᠢᠴᠢ ᠡᠷᠬᠢᠨ ᠲᠣᠭᠤᠷᠢᠨ ᠤ ᠠᠵᠤ ᠠᠬᠤᠶᠢᠯᠠᠯ᠂ ᠵᠠᠰᠠᠭ ᠤᠨ ᠣᠷᠳᠣᠨ ᠯᠤᠭ᠎ᠠ ᠶᠢᠨ ᠮᠡᠳᠡᠭᠡ ᠵᠠᠩᠭᠢ ᠶᠢ ᠮᠡᠳᠡᠭᠡᠯᠡᠬᠦ᠂ ᠪᠠᠴᠢᠮ ᠪᠠᠶᠢᠳᠠᠯ ᠢ ᠠᠷᠭᠠᠴᠠᠬᠤ ᠡᠬᠢ ᠪᠠᠶᠠᠯᠢᠭ ᠤᠨ ᠬᠠᠷᠢᠯᠴᠠᠨ ᠬᠠᠪᠰᠤᠷᠤᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃      ︵ᠭᠤᠷᠪᠠ︶ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠢᠯᠡᠳᠲᠡ ᠴᠢᠩᠭᠠᠷᠠᠭᠤᠯᠤᠨ᠎ᠠ᠃ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠦᠨᠳᠦ ᠶᠡᠭᠡ ᠭᠡᠨᠡᠳᠲᠡ ᠶᠢᠨ ᠬᠡᠷᠡᠭ ᠢ ᠠᠷᠭᠠᠴᠠᠬᠤ ᠲᠦᠷᠭᠡᠨ ᠲᠤᠰᠬᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠰᠢᠶᠠᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠶ ᠡᠩᠨᠡᠭᠡᠨ ᠤ ᠲᠣᠨᠣᠭᠯᠠᠯ ᠤᠨ ᠲᠤᠬᠢᠷᠠᠭᠤᠯᠤᠯᠳᠠ ᠶᠢᠨ ᠪᠠᠷᠢᠮᠵᠢᠶ᠎ᠠ ᠳᠤ ᠬᠦᠷᠦᠭᠰᠡᠨ ᠨᠤᠷᠮ᠎ᠠ ᠶᠢ 95% ᠠᠴᠠ ᠳᠡᠭᠡᠭᠰᠢ ᠪᠠᠶᠢᠯᠭᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠤ ᠰᠢᠨᠵᠢᠯᠡᠬᠦ ᠤᠬᠠᠭᠠᠨ ᠤ ᠰᠤᠳᠤᠯᠭᠠᠨ᠂ ᠰᠣᠷᠢᠯᠲᠠ᠂ ᠡᠳ᠋ ᠪᠣᠳᠠᠰ ᠤᠨ ᠨᠥᠭᠡᠴᠡᠯᠡᠯ᠂ ᠤᠬᠠᠭᠤᠯᠭ᠎ᠠ ᠶᠢ ᠨᠢᠭᠡ ᠴᠤᠭᠴᠠᠵᠢᠭᠤᠯᠤᠭᠰᠠᠨ ᠰᠢᠶᠠᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ ᠂ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠠᠪᠤᠷᠠᠨ ᠲᠤᠰᠠᠯᠠᠵᠤ ᠵᠢᠯᠣᠭᠤᠳᠬᠤ ᠲᠤᠰᠬᠠᠶ ᠮᠡᠷᠭᠡᠵᠢᠯ ᠤᠨ ᠠᠵᠢᠯᠳᠠᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠪᠠ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠤᠯᠠᠮ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠲᠤᠰ ᠬᠦᠷᠢᠶᠡᠯᠡᠩ ᠲᠣᠭᠤᠷᠢᠭ ᠤᠨ ᠢᠶᠠᠨ ᠭᠡᠨᠡᠳᠲᠡ ᠡᠭᠦᠰᠬᠦ ᠦᠢᠯᠡᠳᠪᠦᠷᠢᠯᠡᠯ ᠤᠨ ᠠᠶᠤᠯ ᠥᠭᠡᠢ ᠶᠢᠨ ᠡ᠊ᠨᠳᠡᠯ ᠢ ᠠᠷᠭᠠᠴᠠᠵᠤ ᠳᠡᠶᠢᠯᠬᠦ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠶ ᠡᠩᠨᠡᠭᠡ ᠪᠠᠶᠢᠭᠤᠯᠬᠤ ᠶᠢᠨ ᠬᠠᠮᠲᠤ ᠪᠠᠴᠢᠮ ᠪᠠᠶᠢᠳᠠᠯ  ᠢ ᠠᠷᠭᠠᠴᠠᠵᠤ ᠠᠪᠤᠷᠠᠨ ᠲᠤᠰᠠᠯᠠᠬᠤ ᠵᠣᠬᠢᠴᠠᠩᠭᠤᠶ  ᠪᠠᠷᠠᠭ᠎ᠠ ᠶᠢ ᠨᠥᠭᠡᠴᠡᠯᠡᠬᠦ ᠬᠡᠷᠡᠭᠲᠡᠶ᠃ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ᠂ ᠲᠤᠰᠬᠠᠶ ᠠᠵᠢᠯ  ᠤᠨ ᠪᠠᠴᠢᠮ ᠪᠠᠶᠢᠳᠠᠯ  ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠪᠠᠷ ᠭᠤᠣᠯ ᠪᠣᠯᠭᠠᠭᠰᠠᠨ᠂ ᠠᠯᠪᠠᠨ ᠵᠢᠷᠤᠮ ᠤᠨ ᠪᠠᠴᠢᠮ ᠪᠠᠶᠢᠳᠠᠯ  ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ᠂ ᠰᠠᠶᠢᠨ ᠳᠤᠷ᠎ᠠ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠪᠠᠷ ᠬᠠᠪᠰᠤᠷᠤᠮᠵᠢ ᠪᠣᠯᠭᠠᠭᠰᠠᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠬᠠᠮᠲᠤᠪᠠᠷ ᠣᠷᠣᠯᠴᠠᠭᠰᠠᠨ ᠪᠠᠴᠢᠮ ᠪᠠᠶᠢᠳᠠᠯ  ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠬᠡᠷᠡᠭᠴᠡᠭᠡ ᠱᠠᠭᠠᠷᠳᠠᠯᠭ᠎ᠠ ᠶᠢ ᠦᠨᠡᠯᠡᠨ ᠵᠢᠱᠢᠬᠦ ᠶᠢ ᠥᠷᠨᠢᠭᠦᠯᠵᠦ᠂ ᠨᠡᠭᠦᠷᠡᠰᠦᠨ ᠤ ᠪᠤᠰᠤ ᠠᠭᠤᠷᠬᠠᠶ᠂ ᠠᠶᠤᠯᠲᠠᠶ ᠬᠢᠮᠢ ᠶᠢᠨ ᠪᠣᠳᠠᠰ᠂ ᠲᠡᠮᠦᠷᠯᠢᠭ ᠬᠠᠶᠢᠯᠤᠭᠤᠯᠬᠤ᠂ ᠵᠠᠮ ᠬᠠᠷᠢᠯᠴᠠᠭ᠎ᠠ ᠵᠡᠷᠭᠡ ᠠᠵᠢᠯ ᠲᠥᠷᠥᠯ ᠤᠨ ᠬᠦᠷᠢᠶᠡᠨ ᠳᠠᠬᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢ ᠵᠦᠶ ᠵᠣᠬᠢᠰᠲᠠᠶ ᠲᠥᠯᠥᠪᠵᠢᠭᠦᠯᠦᠨ ᠪᠠᠶᠢᠷᠢᠯᠠᠭᠤᠯᠤᠨ᠎ᠠ᠃      ︵ᠳᠥᠷᠪᠡ︶ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠶᠡᠷᠦᠩᠬᠡᠶᠢᠯᠡᠭᠰᠡᠨ ᠪᠠ ᠲᠤᠰᠬᠠᠶ ᠮᠡᠷᠭᠡᠵᠢᠯ ᠢ ᠬᠠᠷᠢᠯᠴᠠᠨ ᠤᠶᠠᠯᠳᠤᠭᠤᠯᠤᠭᠰᠠᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠯᠲᠡ᠂ ᠪᠠᠴᠢᠮ ᠲᠡᠭᠡᠭᠡᠪᠦᠷᠢ᠂ ᠴᠢᠮᠡᠭᠡ ᠬᠤᠯᠪᠣᠭ᠎ᠠ ᠶᠢᠨ ᠪᠠᠲᠤᠯᠠᠭ᠎ᠠ ᠪᠠ ᠪᠠᠴᠢᠮ ᠪᠠᠶᠢᠳᠠᠯ ᠢ ᠠᠷᠭᠠᠴᠠᠬᠤ ᠲᠠᠪᠴᠠᠩ ᠤᠨ ᠰᠢᠰᠲ᠋ᠧᠮᠵᠢ ᠶᠢ ᠪᠠᠶᠢᠭᠤᠯᠬᠤ ᠬᠡᠷᠡᠭᠲᠡᠶ᠃ ᠭᠠᠮᠰᠢᠭ ᠤᠨ ᠳᠠᠷᠠᠭᠠᠬᠢ 12 ᠴᠠᠭ ᠤᠨ ᠳᠣᠲᠣᠷ᠎ᠠ ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠢ ᠠᠩᠬ᠎ᠠ ᠠᠯᠬᠤᠮ ᠠᠪᠤᠷᠠᠨ ᠲᠤᠰᠠᠯᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠪᠣᠯᠤᠨ ᠳᠣᠲᠣᠭᠠᠳᠤ ᠶᠢ ᠬᠠᠮᠠᠭᠠᠯᠠᠬᠤ᠂ ᠵᠡᠪᠰᠡᠭᠲᠦ ᠴᠠᠭᠳᠠᠭ᠎ᠠ ᠵᠡᠷᠭᠡ ᠪᠠᠴᠢᠮ ᠪᠠᠶᠢᠳᠠᠯ ᠢ ᠠᠷᠭᠠᠴᠠᠬᠤ ᠬᠦᠴᠦᠨ ᠣᠨᠳᠣᠣ ᠭᠠᠵᠠᠷ ᠲᠤ 72 ᠴᠠᠭ ᠤᠨ ᠥᠪᠡᠷ ᠢ ᠪᠠᠨ ᠪᠠᠲᠤᠯᠠᠬᠤ ᠴᠢᠳᠠᠪᠤᠷᠢ ᠲᠠᠢ ᠪᠣᠯᠪᠠ︔ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠣᠭᠠᠨ ᠤ ᠲᠤᠤᠷ ᠰᠦᠯᠵᠢᠶ᠎ᠡ ᠶᠢ ᠰᠤᠮᠤ ᠰᠢᠶᠠᠩ ᠪᠠᠯᠭᠠᠰᠤ ᠠᠴᠠ ᠳᠡᠭᠡᠭᠰᠢ ᠳᠤ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ︔ ᠰᠢᠶᠠᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠪᠠᠶᠢᠭᠤᠯᠤᠮᠵᠢ ᠳᠤ ᠪᠠᠴᠢᠮ ᠪᠠᠶᠢᠳᠠᠯ ᠢ ᠠᠷᠭᠠᠴᠠᠬᠤ ᠳᠤ ᠳᠥᠭᠦᠮ ᠨᠢᠭᠡ ᠵᠦᠢᠯ ᠤᠨ ᠵᠢᠵᠢᠭ ᠬᠡᠯᠪᠡᠷᠢ ᠶᠢᠨ ᠴᠢᠮᠡᠭᠡ ᠬᠤᠯᠪᠣᠭᠠᠨ ᠤ ᠦᠵᠦᠭᠦᠷ ᠢ ᠠᠳᠠᠭ ᠲᠠᠭᠠᠨ ᠲᠣᠬᠢᠷᠠᠭᠤᠯᠬᠤ ᠬᠡᠷᠡᠭᠲᠡᠶ᠃      ᠳᠥᠷᠪᠡᠳᠦᠭᠡᠷ ᠪᠦᠯᠦᠭ   ᠭᠤᠣᠯ ᠡᠭᠦᠷᠭᠡ      ᠨᠢᠭᠡ᠂ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ ᠶᠢᠨ  ᠰᠢᠰᠲ᠋ᠧᠮᠵᠢ ᠶᠢᠨ ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠪᠠᠴᠢᠮ ᠪᠠᠶᠢᠳᠠᠯ  ᠢ ᠠᠷᠭᠠᠴᠠᠬᠤ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠦᠨ᠎ᠡ      ︵ᠨᠢᠭᠡ︶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ᠃ 2025 ᠣᠨ ᠪᠣᠯᠬᠤ ᠳᠤ᠂ ᠨᠢᠭᠡᠳᠦᠯᠲᠡᠶ ᠤᠳᠤᠷᠢᠳᠤᠭᠰᠠᠨ᠂ ᠡᠷᠬᠡ ᠬᠠᠷᠢᠭᠤᠴᠠᠯᠭ᠎ᠠ ᠨᠢᠭᠡᠳᠦᠯᠲᠡᠶ᠂ ᠡᠷᠬᠡ ᠰᠦᠷ ᠲᠠᠢ ᠥᠨᠳᠥᠷ ᠪᠦᠲᠦᠮᠵᠢᠲᠡᠶ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠦᠷᠢᠯᠳᠦᠭᠦᠯᠦᠨ ᠪᠠᠶᠢᠭᠤᠯᠬᠤ ᠪᠠᠷ ᠴᠢᠷᠮᠠᠶᠢᠨ᠎ᠠ᠃ ᠵᠠᠷᠯᠢᠭ ᠵᠢᠭᠠᠪᠤᠷᠢ ᠨᠢ ᠰᠢᠭᠤᠳ ᠰᠢᠯᠤᠭᠤᠨ᠂ ᠰᠢᠰᠲ᠋ᠧᠮ ᠨᠢ ᠡᠮᠬᠢ ᠵᠢᠷᠤᠮ ᠲᠠᠢ᠂ ᠰᠢᠰᠲ᠋ᠧᠮ ᠬᠡᠰᠡᠭ ᠨᠢ ᠲᠣᠳᠣᠷᠬᠠᠶ᠂ ᠬᠡᠷᠡᠭᠵᠢᠭᠦᠯᠬᠦ ᠨᠢ ᠬᠦᠴᠦᠨ ᠲᠠᠢ ᠪᠠᠶᠢᠬᠤ ᠵᠠᠷᠴᠢᠮ ᠶᠣᠰᠣᠭᠠᠷ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠥᠪᠯᠡᠷᠡᠩᠭᠦᠶ ᠨᠢᠭᠡᠳᠦᠯᠲᠡᠶ ᠥᠨᠳᠥᠷ ᠦᠷ᠎ᠡ ᠪᠦᠲᠦᠮᠵᠢᠲᠡᠶ ᠵᠢᠯᠣᠭᠤᠳᠬᠤ ᠰᠢᠰᠲ᠋ᠧᠮᠵᠢ ᠶᠢ ᠪᠠᠶᠢᠭᠤᠯᠬᠤ ᠬᠡᠷᠡᠭᠲᠡᠶ᠃ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠳᠡᠭᠡᠳᠦ ᠳᠣᠤᠷᠠᠳᠤ ᠱᠠᠲᠤᠨ ᠤ ᠬᠤᠭᠤᠷᠣᠨᠳᠣᠬᠢ ᠡᠭᠦᠷᠭᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠲᠣᠳᠣᠷᠬᠠᠶᠢᠯᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠣᠳᠣᠷᠬᠠᠶ ᠰᠢᠰᠲ᠋ᠧᠮᠵᠢ ᠶᠢ ᠪᠠᠶᠢᠭᠤᠯᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠶᠡᠷᠦᠩᠬᠡᠶᠢᠯᠡᠭᠰᠡᠨ ᠳᠠᠪᠠᠭᠤᠯᠢᠭ ᠪᠣᠯᠤᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠲᠤᠰᠬᠠᠶ ᠮᠡᠷᠭᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠴᠤᠭᠭᠠᠷ ᠠᠳᠬᠤᠨ ᠬᠠᠮᠲᠤᠪᠠᠷ ᠬᠠᠮᠢᠶᠠᠷᠴᠤ ᠪᠠᠶᠢᠭᠠᠳ ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠪᠦᠷᠢᠨ ᠲᠥᠬᠦᠷ ᠲᠦᠷᠢᠮ ᠢ ᠪᠦᠷᠢᠯᠳᠦᠭᠦᠯᠦᠨ᠂ ᠪᠠᠴᠢᠮ ᠪᠠᠶᠢᠳᠠᠯ ᠢ ᠠᠷᠭᠠᠴᠠᠬᠤ ᠶᠢᠨ ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠠᠮᠤᠷ ᠲᠦᠪᠰᠢᠨ ᠤ ᠬᠡᠷᠡᠭᠴᠡᠭᠡ ᠶᠢ ᠬᠠᠩᠭᠠᠬᠤ ᠳᠤ ᠬᠦᠴᠦᠲᠡᠶ ᠪᠠᠲᠤᠯᠠᠭ᠎ᠠ ᠬᠠᠩᠭᠠᠨ᠎ᠠ᠃      ︵ᠬᠤᠶᠠᠷ︶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠠᠤᠯᠢ ᠳᠦᠷᠢᠮᠵᠢᠯᠲᠡ ᠶᠢᠨ ᠠᠬᠢᠴᠠ ᠶᠢ ᠠᠬᠢᠭᠤᠯᠤᠨ᠎ᠠ᠃ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠠᠤᠯᠢᠵᠢᠯᠲᠠ᠂ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠮᠠᠨ ᠤ ᠰᠢᠶᠠᠨ ᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠦᠨᠳᠦᠰᠦᠯᠡᠯ ᠪᠣᠯᠭᠠᠬᠤ ᠶᠢ ᠤᠯᠠᠮ ᠨᠢᠭᠡ ᠠᠯᠬᠤᠮ ᠲᠦᠷᠭᠡᠳᠬᠡᠵᠦ᠂ ᠳᠡᠭᠡᠳᠦ ᠪᠠᠶᠢᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠯᠤᠭ᠎ᠠ ᠢᠵᠢ ᠪᠥᠷᠢᠳᠦᠭᠰᠡᠨ ᠲᠦᠷᠢᠮ ᠲᠣᠭᠲᠠᠭᠠᠯ ᠪᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠤᠯᠠᠮ ᠨᠢᠭᠡ ᠠᠯᠬᠤᠮ ᠲᠣᠭᠲᠠᠭᠠᠨ ᠲᠡᠭᠦᠯᠳᠡᠷᠵᠢᠭᠦᠯᠵᠦ᠂ ᠨᠡᠯᠢᠶᠡᠳ ᠪᠦᠷᠢᠨ ᠲᠡᠭᠦᠯᠳᠡᠷ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠠᠤᠯᠢ ᠲᠦᠷᠢᠮ ᠤᠨ ᠪᠣᠷᠣ ᠲᠥᠯᠥᠪ ᠤᠨ ᠰᠢᠰᠲ᠋ᠧᠮᠵᠢ ᠶᠢ ᠪᠠᠶᠢᠭᠤᠯᠤᠨ᠂ ᠲᠣᠭᠲᠠᠭᠠᠭᠰᠠᠨ ᠲᠦᠷᠢᠮ ᠲᠣᠭᠲᠠᠭᠠᠯ ᠪᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠠᠤᠯᠢ ᠴᠠᠭᠠᠵᠠ ᠬᠠᠤᠯᠢ ᠲᠣᠭᠲᠠᠭᠠᠯ ᠯᠤᠭ᠎ᠠ ᠪᠦᠲᠦᠮᠵᠢᠲᠡᠶ ᠵᠣᠯᠭᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ︵ᠭᠤᠷᠪᠠ︶ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠦᠨᠳᠦᠰᠦᠨ ᠱᠠᠲᠤᠨ ᠤ ᠪᠠᠴᠢᠮ ᠪᠠᠶᠢᠳᠠᠯ  ᠢ ᠠᠷᠭᠠᠴᠠᠬᠤ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠲᠥᠯᠬᠢᠨ ᠠᠬᠢᠭᠤᠯᠤᠨ᠎ᠠ᠃ ᠴᠢᠮᠡᠭᠡ ᠨᠡᠪᠲᠡᠷᠡᠯᠭᠡ ᠵᠡᠷᠭᠡ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠪᠠ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠶᠡᠷᠦᠩᠬᠡᠶᠢᠯᠡᠭᠰᠡᠨ ᠰᠢᠨ᠎ᠡ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠨᠢᠭᠡ ᠭᠡᠰᠢᠭᠦᠨ ᠳᠤ ᠣᠯᠠᠨ ᠲᠤᠰᠢᠶᠠᠯ ᠲᠠᠢ ᠪᠠᠶᠢᠬᠤ ᠶᠢ ᠵᠣᠷᠢᠭᠵᠢᠭᠤᠯᠤᠨ᠎ᠠ᠃ ᠤᠳᠤᠷᠢᠳᠬᠤ ᠪᠠᠭ ᠲᠠᠢ᠂ ᠲᠣᠭᠲᠠᠴᠠ ᠲᠠᠢ᠂ ᠪᠡᠯᠡᠳᠬᠡᠯ ᠲᠥᠰᠦᠯ ᠲᠠᠢ᠂ ᠡᠩᠨᠡᠭᠡ ᠲᠠᠢ᠂ ᠡᠳ᠋ ᠪᠣᠳᠠᠰ ᠲᠠᠢ᠂ ᠪᠣᠯᠪᠠᠰᠤᠷᠠᠯ ᠰᠣᠷᠢᠯᠲᠠ ᠲᠠᠢ ᠵᠡᠷᠭᠡ ᠪᠠᠷ ᠭᠤᠣᠯ ᠠᠭᠤᠯᠭ᠎ᠠ ᠪᠣᠯᠭᠠᠭᠰᠠᠨ ᠰᠢᠶᠠᠩ ᠪᠠᠯᠭᠠᠰᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠥᠷᠨᠢᠭᠦᠯᠦᠨ᠎ᠡ᠃ ᠲᠠᠯᠠᠪᠤᠷ ᠭᠠᠵᠠᠷ ᠲᠠᠢ ᠪᠡᠯᠡᠳᠬᠡᠮᠵᠢ ᠲᠠᠢ᠂ ᠲᠣᠨᠤᠭ ᠲᠥᠬᠦᠭᠡᠷᠦᠮᠵᠢ ᠲᠠᠢ ᠡᠳ᠋ ᠪᠠᠷᠠᠭ᠎ᠠ ᠲᠠᠢ᠂ ᠠᠵᠢᠯ ᠤᠨ ᠲᠦᠷᠢᠮ ᠲᠠᠢ ᠵᠡᠷᠭᠡ ᠪᠠᠷ ᠭᠤᠤᠯ ᠠᠭᠤᠯᠭ᠎ᠠ ᠪᠣᠯᠭᠠᠭᠰᠠᠨ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ ᠪᠠᠴᠢᠮ ᠪᠠᠶᠢᠳᠠᠯ ᠢ ᠠᠷᠭᠠᠴᠠᠬᠤ  ᠦᠢᠯᠡᠴᠢᠯᠡᠭᠡᠨ ᠤ ᠥᠷᠲᠡᠭᠡ ᠴᠢᠬ ᠤᠨ ᠪᠠᠶᠢᠭᠤᠯᠤᠯᠲᠠ ᠶᠢ ᠠᠬᠢᠭᠤᠯᠤᠨ᠎ᠠ᠃ ᠣᠯᠠᠨ ᠨᠡᠶᠢᠲᠡ ᠪᠠ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠠᠵᠢᠯᠲᠠᠨ ᠳᠤ ᠬᠠᠨᠳᠤᠭᠤᠯᠤᠭᠰᠠᠨ ᠰᠢᠯᠵᠢᠮᠡᠯ ᠬᠡᠷᠡᠭᠯᠡᠭᠴᠢ ᠶᠢᠨ ᠦᠵᠦᠭᠦᠷ ᠤᠨ ᠵᠥᠭᠡᠯᠡᠨ ᠲᠣᠨᠤᠭ ᠢ ᠨᠡᠭᠡᠭᠡᠨ ᠬᠥᠭᠵᠢᠭᠦᠯᠬᠦ ᠪᠠ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠵᠤ᠂ ᠦᠨᠳᠦᠰᠦᠨ ᠱᠠᠲᠤᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠳᠠᠮᠵᠢᠭᠤᠯᠬᠤ᠂ ᠮᠡᠳᠡᠭᠡ ᠵᠠᠩᠭᠢ ᠶᠢ ᠮᠡᠳᠡᠭᠦᠯᠬᠦ ᠪᠠ ᠤᠷᠢᠳᠠᠪᠠᠷ ᠰᠢᠢᠳᠪᠦᠷᠢᠯᠡᠬᠦ ᠴᠢᠳᠠᠪᠤᠷᠢ ᠶᠢ ᠴᠢᠩᠭᠠᠷᠠᠭᠤᠯᠤᠨ᠎ᠠ᠃ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠢ ᠵᠢᠷᠤᠮᠵᠢᠭᠤᠯᠵᠤ᠂ ᠬᠤᠯᠪᠣᠭᠳᠠᠯ ᠪᠦᠬᠦᠢ ᠡᠭᠦᠳᠦᠨ ᠪᠠᠶᠢᠭᠤᠯᠬᠤ ᠪᠠᠷᠢᠮᠵᠢᠶ᠎ᠠ ᠶᠢᠨ ᠵᠢᠷᠤᠮᠵᠢᠯ ᠢ ᠲᠡᠭᠦᠯᠳᠡᠷᠵᠢᠭᠦᠯᠦᠨ᠂ ᠨᠡᠶᠢᠭᠡᠮ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠷᠤᠮᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ︵ᠳᠥᠷᠪᠡ︶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠬᠠᠮᠢᠶᠠᠷᠤᠯᠲᠠ ᠶᠢ ᠴᠢᠩᠭᠠᠳᠬᠠᠵᠤ ᠂ ᠵᠠᠰᠠᠭ ᠤᠨ ᠣᠷᠳᠣᠨ ᠤ ᠳᠡᠭᠡᠳᠦ ᠳᠣᠤᠷᠠᠳᠤ ᠱᠠᠲᠤ ᠶᠢ ᠵᠣᠯᠭᠠᠭᠤᠯᠤᠭᠰᠠᠨ᠂ ᠰᠠᠯᠠᠭ᠎ᠠ ᠮᠥᠴᠢᠷ ᠤᠳ ᠬᠠᠷᠢᠯᠴᠠᠨ ᠠᠭᠤᠰᠤᠯᠴᠠᠭᠰᠠᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠵᠠᠩᠭᠢᠯᠠᠭ᠎ᠠ ᠶᠢᠨ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ︽ᠪᠠᠷᠢᠮᠵᠢᠶ᠎ᠠ ᠨᠢ ᠨᠢᠭᠡᠳᠦᠯᠲᠡᠶ᠂ ᠠᠷᠭ᠎ᠠ ᠬᠡᠮᠵᠢᠶ᠎ᠡ ᠨᠢ ᠬᠦᠴᠦᠲᠡᠶ᠂ ᠵᠣᠯᠭᠠᠭᠤᠯᠬᠤ ᠨᠢ ᠢᠯᠭᠤᠮ︾ ᠨᠠᠶᠢᠷᠠᠭᠤᠯᠤᠨ ᠵᠣᠬᠢᠶᠠᠬᠤ ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ᠂ ᠰᠢᠶᠠᠨ ᠤ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠲᠥᠰᠦᠯ᠂ ᠪᠠᠴᠢᠮ ᠪᠠᠶᠢᠳᠠᠯ ᠢ ᠠᠷᠭᠠᠴᠠᠬᠤ ᠲᠤᠰᠬᠠᠶ ᠲᠥᠰᠦᠯ᠂ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠪᠠᠶᠢᠭᠤᠯᠤᠨ ᠲᠡᠭᠦᠯᠳᠡᠷᠵᠢᠭᠦᠯᠵᠦ᠂ ᠰᠢᠶᠠᠩ ᠪᠠᠯᠭᠠᠰᠤ ︵ᠰᠤᠮᠤ︶ ᠴᠢᠨᠠᠭᠰᠢᠯᠠᠪᠠᠯ ᠵᠠᠰᠠᠭ ᠵᠠᠬᠢᠷᠭᠠᠨ ᠤ ᠲᠣᠰᠬᠤᠨ ︵ᠨᠡᠶᠢᠭᠡᠮ ᠲᠣᠭᠤᠷᠢᠭ᠂ ᠭᠠᠴᠠᠭ᠎ᠠ︶ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠢᠰᠲ᠋ᠧᠮᠵᠢ ᠶᠢ ᠪᠠᠶᠢᠭᠤᠯᠬᠤ ᠶᠢ ᠵᠢᠯᠣᠭᠤᠳᠴᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠨᠠᠶᠢᠷᠠᠭᠤᠯᠤᠨ ᠵᠣᠬᠢᠶᠠᠬᠤ ᠬᠡᠷᠡᠭᠲᠡᠶ᠃ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠭᠠᠮᠰᠢᠭ ᠢ ᠰᠡᠷᠭᠡᠶᠢᠯᠡᠨ ᠵᠠᠰᠠᠬᠤ ᠨᠢᠭᠡᠴᠡ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠭᠡᠨᠡᠳᠲᠡ ᠶᠢᠨ ᠬᠡᠷᠡᠭ ᠢ ᠱᠠᠳᠤ ᠬᠤᠪᠢᠶᠠᠨ ᠤᠷᠢᠳᠴᠢᠯᠠᠨ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠢᠯᠣᠭᠤᠳᠤᠨ ᠵᠣᠬᠢᠴᠠᠭᠤᠯᠬᠤ ᠮᠡᠳᠡᠭᠡ ᠵᠠᠩᠭᠢ ᠶᠢ ᠨᠡᠶᠢᠲᠡᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠦᠨᠡᠯᠡᠨ ᠵᠢᠱᠢᠬᠦ ᠵᠡᠷᠭᠡ ᠪᠣᠳᠠᠲᠠᠶ ᠲᠦᠷᠢᠮ ᠢ ᠲᠡᠭᠦᠯᠳᠡᠷᠵᠢᠭᠦᠯᠦᠨ᠎ᠡ᠃ ᠪᠡᠯᠡᠳᠬᠡᠯ ᠲᠥᠰᠦᠯ ᠤᠨ ᠬᠤᠭᠤᠷᠣᠨᠳᠣᠬᠢ ᠵᠣᠯᠭᠠᠭᠤᠯᠤᠨ ᠵᠣᠬᠢᠴᠠᠭᠤᠯᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠶᠡᠷᠦᠩᠬᠡᠶᠢᠯᠡᠭᠰᠡᠨ ᠴᠢᠨᠠᠷᠲᠠᠶ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ ᠪᠠᠶᠢᠭᠤᠯᠵᠤ᠂ ᠰᠠᠯᠠᠭ᠎ᠠ ᠮᠥᠴᠢᠷ ᠠᠯᠤᠰᠯᠠᠭᠰᠠᠨ᠂ ᠰᠢᠰᠲ᠋ᠧᠮ ᠠᠯᠤᠰᠯᠠᠭᠰᠠᠨ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠭᠤᠤᠯᠳᠠᠯᠭ᠎ᠠ ᠲᠠᠢ ᠥᠷᠨᠢᠭᠦᠯᠦᠨ᠎ᠡ︔ ᠵᠠᠰᠠᠭ ᠤᠨ ᠣᠷᠳᠣᠨ ᠤ ᠲᠤᠰᠬᠠᠶ ᠪᠡᠯᠡᠳᠬᠡᠯ ᠲᠥᠰᠦᠯ᠂ ᠰᠠᠯᠠᠭ᠎ᠠ ᠮᠥᠴᠢᠷ ᠤᠨ ᠪᠡᠯᠡᠳᠬᠡᠯ ᠲᠥᠰᠦᠯ ᠳᠤ ᠨᠠᠭᠠᠳᠤ ᠵᠠᠬ᠎ᠠ ᠳᠠᠭᠠᠨ ᠵᠢᠯ ᠪᠦᠷᠢ ᠨᠢᠭᠡ ᠤᠳᠠᠭ᠎ᠠ ᠰᠣᠷᠢᠯᠲᠠ ᠬᠢᠬᠦ ᠬᠡᠷᠡᠭᠲᠡᠶ  ᠪᠤᠰᠤᠳ ᠠᠵᠢᠯ ᠲᠥᠷᠥᠯ ᠤᠨ ᠬᠦᠷᠢᠶᠡᠨ ᠳᠠᠬᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠥᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠢᠯ ᠪᠦᠷᠢ ᠠᠳᠠᠭ ᠲᠠᠭᠠᠨ ᠨᠢᠭᠡ ᠢᠯᠠᠩᠭᠤᠶ᠎ᠠ ᠪᠠᠶᠢᠭᠠᠯᠢ ᠶᠢᠨ ᠭᠠᠮᠰᠢᠭ ᠠᠮᠠᠷᠬᠠᠨ ᠡᠭᠦᠰᠳᠡᠭ ᠣᠷᠣᠨ ᠪᠦᠰᠡ᠂ ᠠᠶᠤᠯ ᠶᠡᠬᠡᠲᠡᠶ ᠠᠵᠢᠯ ᠲᠥᠷᠥᠯ ᠤᠨ ᠠᠵᠤ ᠠᠬᠤᠶᠢᠯᠠᠯ᠂ ᠠᠮᠢ ᠨᠠᠰᠤᠨ ᠤ ᠱᠤᠭᠤᠮ ᠤᠨ ᠢᠨᠵᠧᠨᠧᠷᠢᠩ ᠵᠢᠴᠢ ᠬᠥᠮᠦᠨ ᠣᠯᠠᠨ ᠴᠤᠭᠯᠠᠷᠠᠳᠠᠭ ᠭᠠᠵᠠᠷ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ᠂ ᠴᠢᠭᠯᠡᠭᠦᠯᠬᠦ ᠴᠢᠨᠠᠷᠲᠠᠶ ᠲᠤᠰᠬᠠᠶ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠦᠷᠭᠦᠯᠵᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠡᠯᠡᠳᠬᠡᠯ ᠲᠥᠰᠦᠯ ᠤᠨ ᠬᠠᠨᠳᠤᠯᠭᠠᠲᠤ ᠴᠢᠨᠠᠷ᠂ ᠬᠡᠷᠡᠭᠯᠡᠭᠡᠨ ᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠠᠯᠬᠤᠮ ᠠᠯᠬᠤᠮ ᠢᠶᠠᠷ ᠴᠢᠩᠭᠠᠷᠠᠭᠤᠯᠤᠨ᠎ᠠ᠃      ᠬᠤᠶᠠᠷ᠂ ᠲᠦᠭᠰᠢᠭᠦᠷᠢ ᠶᠢᠨ ᠬᠠᠮᠢᠶᠠᠷᠤᠯᠲᠠ ᠪᠠ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠶᠡᠷᠦᠩᠬᠡᠶᠢᠯᠡᠨ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ      ︵ᠨᠢᠭᠡ︶ ᠬᠦᠨᠳᠦ ᠶᠡᠭᠡ ᠠᠮᠤᠷ ᠲᠦᠪᠰᠢᠨ ᠤ ᠲᠦᠭᠰᠢᠭᠦᠷᠢ ᠶᠢ ᠤᠯᠠᠮ ᠨᠢᠭᠡ ᠠᠯᠬᠤᠮ ᠰᠡᠷᠭᠡᠶᠢᠯᠡᠨ ᠠᠷᠢᠯᠭᠠᠨ᠎ᠠ᠃ ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ ᠡᠷᠢᠬᠦ ᠰᠡᠳᠬᠢᠴᠡ᠂ ᠬᠤᠷᠢᠭ᠎ᠠ ᠱᠤᠭᠤᠮ ᠢ ᠪᠠᠲᠤ ᠰᠠᠬᠢᠬᠤ ᠰᠡᠳᠬᠢᠬᠦᠢ ᠶᠢ ᠡᠷᠡᠰ ᠲᠡᠪᠴᠢᠵᠦ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ ᠃ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠪᠣᠯᠤᠨ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠰᠢᠰᠲᠧᠮ ᠢ ᠪᠦᠷᠢᠨᠰᠢᠬᠦᠯᠵᠦ᠂ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠡ᠊ᠨᠳᠡᠯ ᠠᠮᠠᠷᠬᠠᠨ ᠭᠠᠷᠴᠤ ᠤᠯᠠᠨ ᠭᠠᠷᠳᠠᠭ ᠠᠵᠢᠯ ᠲᠦᠷᠦᠯ ᠤᠨ ᠬᠦᠷᠢᠶ᠎ᠡ ᠶᠢ ᠲᠤᠪᠤᠶᠢᠯᠭᠠᠨ᠂ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠠᠷᠢᠯᠭᠠᠨ᠂ ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠪᠠᠶᠢᠭᠠᠯᠢ ᠶᠢᠨ ᠭᠠᠶ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠬᠢᠨᠠᠨ ᠬᠡᠮᠵᠢᠬᠦ ᠶᠢ ᠴᠢᠩᠭᠠᠳᠬᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠶᠢᠨ ᠨᠠᠷᠢᠯᠢᠭ ᠣᠨᠣᠪᠴᠢᠲᠤ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃      ︵ᠬᠤᠶᠠᠷ︶ ᠲᠦᠭᠰᠢᠭᠦᠷᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ᠎ᠡ᠃ ᠰᠢᠨᠵᠢᠯᠡᠬᠦ ᠤᠬᠠᠭᠠᠨᠴᠢ᠂ ᠵᠢᠷᠤᠮᠵᠢᠭᠰᠠᠨ᠂ ᠰᠢᠰᠲ᠋ᠧᠮ ᠲᠠᠢ᠂ ᠬᠥᠳᠡᠯᠦᠩᠭᠦᠶ ᠣᠯᠠᠨ ᠨᠡᠶᠢᠲᠡ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠠᠮᠢᠶᠠᠷᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ ᠭᠤᠤᠯᠳᠠᠯᠭ᠎ᠠ ᠲᠠᠢ ᠭᠠᠵᠠᠷ ᠣᠷᠣᠨ᠂ ᠭᠤᠤᠯᠳᠠᠯᠭ᠎ᠠ ᠲᠠᠢ ᠰᠠᠯᠠᠭ᠎ᠠ ᠮᠥᠴᠢᠷ᠂ ᠴᠢᠬᠤᠯᠠ ᠶᠡᠭᠡ ᠲᠥᠷᠥᠯ ᠵᠦᠢᠯ ᠤᠨ ᠲᠦᠭᠰᠢᠭᠦᠷᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠪᠡᠶᠡᠯᠡᠭᠦᠯᠵᠦ᠂ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠶᠢᠨ ᠲᠦᠭᠰᠢᠭᠦᠷᠢ ᠶᠢ ᠦᠨᠡᠯᠡᠨ ᠵᠢᠱᠢᠬᠦ ᠲᠦᠷᠢᠮ ᠤᠨ ᠪᠠᠶᠢᠭᠤᠯᠤᠯᠲᠠ ᠶᠢ ᠠᠬᠢᠭᠤᠯᠤᠨ᠂ ᠠᠵᠢᠯᠲᠠᠨ᠂ ᠪᠠᠯᠠ ᠮᠥᠩᠭᠦ᠂ ᠡᠳ᠋ ᠪᠣᠳᠠᠰ᠂ ᠮᠡᠷᠭᠡᠵᠢᠯ ᠤᠨ ᠵᠢᠷᠤᠮᠵᠢᠯ ᠵᠡᠷᠭᠡ ᠲᠥᠬᠦᠷ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠠᠮᠤᠷ ᠲᠦᠪᠰᠢᠨ ᠤ ᠬᠦᠷᠢᠶᠡᠨ ᠳᠤ ᠣᠷᠣᠰᠢᠵᠤ ᠪᠠᠶᠢᠭ᠎ᠠ ᠰᠠᠭᠤᠷᠢ ᠴᠢᠨᠠᠷᠲᠠᠶ᠂ ᠡᠬᠢ ᠡᠭᠦᠰᠦᠯ ᠤᠨ ᠴᠢᠨᠠᠷᠲᠠᠶ᠂ ᠦᠨᠳᠦᠰᠦᠨ ᠴᠢᠨᠠᠷᠲᠠᠶ ᠠᠰᠠᠭᠤᠳᠠᠯ ᠢ ᠬᠦᠴᠦᠯᠡᠨ  ᠰᠢᠢᠳᠪᠦᠷᠢᠯᠡᠨ᠎ᠡ᠃ ᠪᠠᠶᠢᠭᠠᠯᠢ ᠶᠢᠨ ᠭᠠᠶ ᠭᠠᠮᠰᠢᠭ᠂ ᠡ᠊ᠨᠳᠡᠯ ᠤᠨ ᠭᠠᠶ ᠭᠠᠮᠰᠢᠭ ᠵᠡᠷᠭᠡ ᠭᠡᠨᠡᠳᠲᠡ ᠶᠢᠨ ᠬᠡᠷᠡᠭ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠪᠠᠷᠢᠮᠵᠢᠶᠠᠨ ᠤ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠤ ᠰᠢᠰᠲ᠋ᠧᠮ ᠢ ᠪᠠᠶᠢᠭᠤᠯᠵᠤ᠂ ᠠᠮᠤᠷ ᠲᠦᠪᠰᠢᠨ ᠤ ᠬᠠᠮᠢᠶ᠎ᠠ ᠪᠥᠬᠦᠶ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ᠂ ᠲᠤᠰᠬᠠᠶ ᠮᠡᠷᠭᠡᠵᠢᠯᠲᠡᠨ ᠤ ᠪᠦᠯᠬᠦᠮ ᠪᠠ ᠠᠵᠤ ᠠᠬᠤᠶᠢᠯᠠᠯ ᠳᠤ ᠲᠦᠰᠢᠭᠯᠡᠨ ᠭᠤᠷᠪᠠᠳᠠᠬᠢ ᠡᠲᠡᠭᠡᠳ ᠤᠨ ᠲᠤᠰᠬᠠᠶ ᠮᠡᠷᠭᠡᠵᠢᠯ ᠤᠨ ᠲᠦᠭᠰᠢᠭᠦᠷᠢ ᠶᠢ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠵᠤ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ ᠪᠠ ᠨᠡᠶᠢᠭᠡᠮ ᠤᠨ ᠣᠷᠣᠯᠴᠠᠬᠤ ᠶᠢ ᠬᠠᠷᠢᠯᠴᠠᠨ ᠤᠶᠠᠯᠳᠤᠭᠤᠯᠤᠭᠰᠠᠨ ᠲᠦᠭᠰᠢᠭᠦᠷᠢ ᠶᠢᠨ ᠬᠠᠮᠢᠶᠠᠷᠤᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠶᠢ ᠠᠬᠢᠭᠤᠯᠤᠨ᠎ᠠ᠃      ︵ᠭᠤᠷᠪᠠ︶ ᠶᠡᠷᠦᠩᠬᠡᠶᠢᠯᠡᠭᠰᠡᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠶ᠃ ᠰᠢᠶᠠᠨ ᠤ ᠱᠠᠲᠤᠨ ᠤ ᠭᠡᠨᠡᠳᠲᠡ ᠶᠢᠨ ᠬᠡᠷᠡᠭ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠲᠥᠪ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠂ ᠡᠯ᠎ᠡ ᠲᠦᠷᠦᠯ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠠᠷᠭ᠎ᠠ ᠪᠠᠷᠢᠯ ᠢ ᠲᠡᠭᠦᠯᠳᠡᠷᠵᠢᠭᠦᠯᠵᠦ᠂ ᠨᠡᠭᠡᠭᠡᠯᠳᠡ ᠲᠠᠢ ᠪᠥᠭᠡᠳ ᠬᠠᠮᠲᠤ ᠪᠠᠷ ᠡᠳ᠋ᠯᠡᠬᠦ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠲᠦᠷᠭᠡᠨ ᠨᠡᠶᠢᠲᠡᠯᠡᠬᠦ ᠰᠢᠰᠲ᠋ᠧᠮ ᠢ ᠪᠠᠶᠢᠭᠤᠯᠤᠨ᠎ᠠ᠃ 2025 ᠣᠨ ᠪᠣᠯᠬᠤ ᠳᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠤᠨ ᠤᠶᠤᠨᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠭᠡᠨᠡᠳᠲᠡ ᠶᠢᠨ ᠬᠡᠷᠡᠭ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠤᠭᠯᠠᠭᠤᠯᠬᠤ᠂ ᠨᠡᠶᠢᠲᠡᠯᠡᠬᠦ ᠰᠢᠰᠲ᠋ᠧᠮ ᠤᠨ ᠭᠡᠨᠡᠳᠲᠡ ᠶᠢᠨ ᠬᠡᠷᠡᠭ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠳᠤᠮᠳᠠ ᠨᠡᠩ ᠴᠢᠬᠤᠯᠠ ᠦᠢᠯᠡᠳᠦᠯ ᠪᠠᠳᠠᠷᠠᠭᠤᠯᠬᠤ ᠶᠢ ᠪᠡᠶᠡᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠤᠲᠠᠰᠤ ᠲᠠᠢ᠂ ᠤᠲᠠᠰᠤ ᠦᠭᠡᠢ ︵ᠰᠡᠯᠭᠦᠭᠡ ᠳᠠᠪᠲᠠᠮᠵᠢ᠂ ᠳᠤᠮᠳᠠ ᠣᠬᠤᠷ ᠳᠣᠯᠭᠢᠶᠠᠨ᠂ ᠭᠠᠵᠠᠷ ᠳᠡᠭᠡᠷᠡᠬᠢ ᠲᠤᠭᠠᠴᠠᠯᠠᠭᠰᠠᠨ ᠲᠧᠯᠸᠢᠰ᠂ ᠲᠤᠭᠠᠴᠠᠯᠠᠭᠰᠠᠨ ᠲᠠᠭᠤᠨ ᠳᠠᠪᠲᠠᠮᠵᠢ ᠶᠢᠨ ᠷᠠᠳᠢᠣ᠋ ᠨᠡᠪᠲᠡᠷᠡᠭᠦᠯᠭᠡ︶᠂ ᠰᠢᠯᠵᠢᠮᠡᠯ ᠤᠯᠠᠨ ᠵᠠᠭᠤᠴᠢᠳᠤ ᠷᠠᠳᠢᠣ᠋ ᠨᠡᠪᠲᠡᠷᠡᠭᠦᠯᠭᠡ ᠲᠧᠯᠸᠢᠰ᠂ ᠳᠠᠭᠠᠭᠤᠯᠢ ᠤᠳᠤ ᠪᠠ ᠬᠥᠳᠡᠭᠡ ᠲᠣᠰᠬᠤᠨ ᠤ ᠲᠤᠮᠤ ᠪᠦᠷᠢᠶ᠎ᠡ ᠵᠡᠷᠭᠡ ᠤᠯᠠᠨ ᠵᠦᠢᠯ ᠤᠨ ᠠᠷᠭ᠎ᠠ ᠪᠠᠷᠢᠯ ᠢ ᠨᠢᠭᠡᠳᠦᠯᠲᠡᠶ ᠲᠥᠯᠥᠪᠯᠡᠨ ᠠᠰᠢᠭᠯᠠᠨ ᠷᠠᠳᠢᠣ᠋ ᠨᠡᠪᠲᠡᠷᠡᠭᠦᠯᠭᠡ ᠨᠡᠶᠢᠲᠡᠯᠡᠵᠦ᠂ ᠪᠦᠬᠦ ᠰᠢᠶᠠᠨ ᠢ ᠶᠡᠷᠦᠩᠬᠡᠶᠢᠯᠡᠨ ᠬᠠᠮᠤᠷᠤᠭᠰᠠᠨ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠢ ᠪᠤᠢ ᠪᠣᠯᠭᠠᠵᠤ᠂ ᠠᠵᠢᠯᠯᠠᠭᠠᠨ ᠢ ᠪᠠᠲᠤᠯᠠᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃      ᠭᠤᠷᠪᠠ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠦᠷᠭᠡᠨ ᠲᠤᠰᠬᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ      ︵ᠨᠢᠭᠡ︶ ᠪᠠᠴᠢᠮ ᠪᠠᠶᠢᠳᠠᠯ ᠢ ᠠᠷᠭᠠᠴᠠᠬᠤ ᠰᠢᠢᠳᠪᠦᠷᠢᠳᠦ ᠪᠣᠳᠣᠯᠭ᠎ᠠ ᠲᠣᠭᠲᠠᠭᠠᠬᠤ ᠪᠠ ᠲᠥᠪᠯᠡᠷᠡᠭᠦᠯᠦᠨ ᠵᠢᠯᠣᠭᠤᠳᠬᠤ ᠲᠣᠭᠲᠠᠴᠠ ᠶᠢ ᠴᠢᠩᠭᠠᠷᠠᠭᠤᠯᠤᠨ᠎ᠠ᠃ ᠰᠢᠢᠳᠪᠦᠷᠢᠳᠦ ᠪᠣᠳᠣᠯᠭ᠎ᠠ ᠲᠣᠭᠲᠠᠭᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠤᠰᠬᠠᠶ ᠮᠡᠷᠭᠡᠵᠢᠯᠲᠡᠨ ᠵᠥᠪᠯᠡᠭᠴᠢ ᠶᠢᠨ ᠬᠠᠪᠰᠤᠷᠤᠨ  ᠰᠢᠢᠳᠪᠦᠷᠢᠳᠦ ᠪᠣᠳᠣᠯᠭ᠎ᠠ ᠲᠣᠭᠲᠠᠭᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠬᠤᠰᠢᠭᠤᠷᠠᠯ ᠮᠡᠷᠭᠡᠵᠢᠯ ᠪᠠ ᠣᠨᠣᠯ ᠢ ᠢᠳᠡᠪᠬᠢᠲᠡᠶ ᠪᠠᠷ ᠠᠰᠢᠭᠯᠠᠨ ᠰᠢᠢᠳᠪᠦᠷᠢᠳᠦ ᠪᠣᠳᠣᠯᠭ᠎ᠠ ᠶᠢᠨ ᠲᠤᠯᠭᠠᠭᠤᠷᠢᠯᠠᠬᠤ ᠡᠷᠴᠢᠮ ᠢ ᠴᠢᠩᠭᠠᠷᠠᠭᠤᠯᠤᠨ᠎ᠠ᠃ ᠡᠯ᠎ᠡ ᠱᠠᠲᠤᠨ ᠤ ᠲᠤᠰᠬᠠᠶ ᠵᠢᠯᠣᠭᠤᠳᠬᠤ ᠭᠠᠵᠠᠷ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠ ᠡᠭᠦᠷᠭᠡ ᠴᠢᠳᠠᠪᠤᠷᠢ ᠶᠢ ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠬᠦ ᠪᠠ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠨᠢᠭᠡᠳᠦᠯᠲᠡᠶ ᠲᠥᠯᠥᠪᠯᠡᠨ ᠳᠣᠭᠢᠷᠠᠭᠤᠯᠬᠤ ᠡᠭᠦᠷᠭᠡ ᠴᠢᠳᠠᠪᠤᠷᠢ ᠶᠢ ᠴᠢᠩᠭᠠᠷᠠᠭᠤᠯᠵᠤ᠂ ᠨᠢᠭᠡᠳᠦᠯᠲᠡᠶ ᠵᠢᠯᠣᠭᠤᠳᠬᠤ ᠪᠠ ᠵᠣᠬᠢᠴᠠᠭᠤᠯᠤᠨ ᠰᠢᠢᠳᠪᠦᠷᠢᠳᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠱᠠᠲᠤ ᠲᠥᠷᠥᠯ ᠬᠤᠪᠢᠶᠠᠨ ᠭᠡᠨᠡᠳᠲᠡ ᠶᠢᠨ ᠬᠡᠷᠡᠭ ᠤᠨ ᠲᠤᠬᠠᠶ ᠶᠢᠨ ᠲᠠᠯᠠᠪᠤᠷ ᠤᠨ ᠵᠢᠯᠣᠭᠤᠳᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ ᠪᠠ ᠲᠠᠰ ᠳᠡᠪᠰᠢᠭᠦᠯᠬᠦ ᠲᠣᠭᠲᠠᠴᠠ ᠶᠢ ᠪᠠᠶᠢᠭᠤᠯᠵᠤ᠂ ᠡᠯ᠎ᠡ ᠨᠢᠭᠡᠴᠡ ᠶᠢᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠪᠠ ᠠᠵᠢᠯ ᠤᠨ ᠴᠤᠪᠤᠷᠠᠯ ᠢ ᠨᠠᠷᠢᠯᠢᠬᠵᠢᠭᠤᠯᠤᠨ᠂ ᠲᠤᠬᠠᠶ ᠶᠢᠨ ᠲᠠᠯᠠᠪᠤᠷ ᠤᠨ ᠵᠢᠯᠣᠭᠤᠳᠬᠤ ᠡᠷᠬᠡ᠂ ᠵᠠᠰᠠᠭ ᠵᠠᠬᠢᠷᠭᠠᠨ ᠤ ᠵᠣᠬᠢᠴᠠᠭᠤᠯᠬᠤ ᠡᠷᠬᠡ ᠶᠢᠨ ᠬᠤᠪᠢᠶᠠᠷᠢᠯᠠᠯ ᠵᠢᠴᠢ ᠵᠢᠯᠣᠭᠤᠳᠬᠤ ᠡᠷᠬᠡ ᠶᠢ ᠲᠤᠰᠢᠶᠠᠬᠤ ᠪᠠ ᠭᠥᠯᠢᠶᠡᠨ ᠠᠪᠬᠤ ᠠᠷᠭ᠎ᠠ ᠮᠠᠶ᠋ᠢᠭ ᠪᠠ ᠲᠠᠰ ᠳᠠᠷᠠᠭᠠᠯᠠᠯ ᠢ ᠤᠯᠠᠮ ᠨᠢᠭᠡ ᠠᠯᠬᠤᠮ ᠲᠣᠳᠣᠷᠬᠠᠶᠢᠯᠠᠨ᠎ᠠ᠃ ᠲᠤᠬᠠᠶ ᠶᠢᠨ ᠲᠠᠯᠠᠪᠤᠷ ᠤᠨ ᠵᠢᠯᠣᠭᠤᠳᠤᠭᠴᠢ ᠶᠢᠨ ᠪᠣᠯᠪᠠᠰᠤᠷᠠᠭᠤᠯᠤᠯ ᠢ ᠴᠢᠩᠭᠠᠳᠬᠠᠬᠤ ᠬᠡᠷᠡᠭᠲᠡᠶ᠃ ᠭᠡᠨᠡᠳᠲᠡ ᠶᠢᠨ ᠬᠡᠷᠡᠭ ᠤᠨ ᠲᠤᠬᠠᠶ ᠶᠢᠨ ᠲᠠᠯᠠᠪᠤᠷ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠡᠨᠡᠳᠲᠡ ᠶᠢᠨ ᠬᠡᠷᠡᠭ ᠤᠨ ᠲᠤᠬᠠᠶ ᠶᠢᠨ ᠲᠠᠯᠠᠪᠤᠷ ᠤᠨ ᠢᠯᠡᠳᠬᠡᠭᠴᠢ ᠳᠡᠮᠳᠡᠭ ᠤᠨ ᠬᠡᠷᠡᠭᠯᠡᠯᠲᠡ ᠶᠢ ᠲᠡᠭᠦᠯᠳᠡᠷᠵᠢᠭᠦᠯᠦᠨ ᠳᠡᠯᠭᠡᠷᠡᠭᠦᠯᠵᠦ᠂ ᠲᠤᠬᠠᠶ ᠶᠢᠨ ᠲᠠᠯᠠᠪᠤᠷ ᠤᠨ ᠰᠢᠢᠳᠪᠦᠷᠢᠯᠡᠯᠲᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂  ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠬᠠᠮᠵᠢᠯᠴᠠᠨ  ᠰᠢᠢᠳᠪᠦᠷᠢᠯᠡᠬᠦ ᠶᠢ ᠪᠡᠶᠡᠯᠡᠭᠦᠯᠦᠨ᠎ᠡ᠃      ︵ᠬᠤᠶᠠᠷ︶ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠤᠨ ᠲᠣᠭᠲᠠᠴᠠ ᠶᠢ ᠴᠢᠩᠭᠠᠷᠠᠭᠤᠯᠤᠨ᠎ᠠ᠃ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢᠨ ᠴᠠᠭ ᠬᠤᠭᠤᠴᠠᠭᠠᠲᠤ ᠴᠢᠨᠠᠷ᠂ ᠵᠢᠷᠤᠮᠵᠢᠯᠳᠤ ᠴᠢᠨᠠᠷ ᠢ ᠴᠢᠩᠭᠠᠷᠠᠭᠤᠯᠵᠤ᠂ ᠠᠩᠬ᠎ᠠ ᠮᠡᠳᠡᠭᠦᠯᠬᠦ᠂ ᠦᠷᠭᠦᠯᠵᠢᠯᠡᠨ ᠮᠡᠳᠡᠭᠦᠯᠬᠦ᠂ ᠬᠠᠷᠭᠤᠭᠤᠯᠤᠨ ᠮᠡᠳᠡᠭᠦᠯᠬᠦ ᠪᠠ ᠡᠴᠦᠰ ᠤᠨ ᠮᠡᠳᠡᠭᠦᠯᠬᠦ ᠪᠥᠬᠦ ᠶᠠᠪᠤᠴᠠ ᠶᠢᠨ ᠮᠡᠳᠡᠭᠦᠯᠦᠨ ᠬᠦᠷᠭᠡᠬᠦ ᠠᠵᠢᠯ ᠢ ᠴᠢᠩᠭᠠᠳᠬᠠᠨ᠂ ᠰᠠᠯᠠᠭ᠎ᠠ ᠮᠥᠴᠢᠷ ᠪᠣᠯᠤᠨ ᠵᠠᠰᠠᠭ ᠤᠨ ᠣᠷᠳᠣᠨ ᠤ ᠬᠤᠭᠤᠷᠣᠨᠳᠣᠬᠢ ᠮᠡᠳᠡᠭᠡ ᠵᠠᠩᠭᠢ ᠶᠢ ᠮᠡᠳᠡᠭᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠳᠤ ᠮᠡᠳᠡᠭᠡ ᠵᠠᠩᠭᠢ ᠶᠢᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ᠃ ᠦᠨᠳᠦᠰᠦᠨ ᠱᠠᠲᠤᠨ ᠤ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠲᠣᠤᠷ ᠰᠦᠯᠵᠢᠶ᠎ᠡ ᠶᠢ ᠪᠦᠷᠢᠨᠰᠢᠬᠦᠯᠵᠦ᠂ ᠭᠠᠮᠰᠢᠭ ᠤᠨ ᠮᠡᠳᠡᠭᠡ ᠵᠠᠩᠭᠢ ᠶᠢᠨ ᠠᠵᠢᠯᠲᠠᠨ ᠤ ᠡᠩᠨᠡᠭᠡ ᠲᠠᠢ ᠤᠶᠠᠯᠳᠤᠭᠤᠯᠤᠨ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠮᠡᠳᠡᠭᠡ ᠵᠠᠩᠭᠢ ᠶᠢᠨ ᠮᠡᠳᠡᠭᠦᠯᠦᠭᠴᠢ ᠶᠢᠨ ᠲᠦᠷᠢᠮ ᠢ ᠲᠡᠭᠦᠯᠳᠡᠷᠵᠢᠭᠦᠯᠵᠦ᠂ ᠨᠡᠶᠢᠭᠡᠮ ᠤᠨ ᠨᠡᠶᠢᠲᠡ ᠣᠯᠠᠨ ᠳᠤ ᠮᠡᠳᠡᠭᠦᠯᠬᠦ᠂ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠳᠦᠷᠢᠮ ᠢ ᠪᠠᠶᠢᠭᠤᠯᠬᠤ ᠬᠡᠷᠡᠭᠲᠡᠶ᠃      ︵ᠭᠤᠷᠪᠠ︶ ᠰᠣᠨᠢᠨ ᠮᠡᠳᠡᠭᠡ ᠨᠡᠶᠢᠲᠡᠯᠡᠬᠦ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠳᠠᠭᠠᠬᠤ ᠲᠣᠭᠲᠠᠴᠠ ᠶᠢ ᠴᠢᠩᠭᠠᠷᠠᠭᠤᠯᠤᠨ᠎ᠠ᠃ ᠭᠡᠨᠡᠳᠲᠡ ᠶᠢᠨ ᠬᠡᠷᠡᠭ ᠤᠨ ᠰᠣᠨᠢᠨ ᠮᠡᠳᠡᠭᠡ ᠨᠡᠶᠢᠲᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠬᠦᠨᠳᠦ ᠶᠡᠭᠡ ᠭᠡᠨᠡᠳᠲᠡ ᠶᠢᠨ ᠬᠡᠷᠡᠭ ᠢ ᠠᠷᠭᠠᠴᠠᠭᠰᠠᠨ ᠪᠠᠶᠢᠳᠠᠯ ᠢ ᠴᠠᠭ ᠲᠤᠬᠠᠶ ᠳᠤᠨᠢ ᠣᠨᠣᠪᠴᠢᠲᠠᠶ ᠮᠡᠳᠡᠭᠡᠯᠡᠨ᠎ᠡ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠴᠢᠬᠤᠯᠠ ᠠᠵᠢᠯ ᠢ ᠭᠦᠨᠵᠡᠭᠡᠶ ᠮᠡᠳᠡᠭᠡᠯᠡᠬᠦ ᠪᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠶᠢ ᠴᠢᠩᠭᠠᠳᠬᠠᠵᠤ᠂ ᠭᠡᠨᠡᠳᠲᠡ ᠶᠢᠨ ᠬᠡᠷᠡᠭ ᠢ ᠠᠷᠭᠠᠴᠠᠬᠤ ᠰᠣᠨᠢᠨ ᠮᠡᠳᠡᠭᠡᠨ ᠤ ᠥᠭᠦᠯᠡᠭᠴᠢ ᠶᠢᠨ ᠪᠣᠯᠪᠠᠰᠤᠷᠠᠭᠤᠯᠤᠯ ᠢ ᠢᠳᠡᠪᠬᠢᠲᠡᠶ ᠥᠷᠨᠢᠭᠦᠯᠦᠨ᠎ᠡ᠃ ᠵᠠᠭᠤᠴᠢᠯᠠᠭᠤᠷ ᠯᠤᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠨᠡᠶᠢᠭᠡᠮ ᠤᠨ ᠶᠠᠷᠢᠶ᠎ᠠ ᠬᠡᠯᠡᠯᠴᠡᠭᠡ᠂ ᠵᠠᠭᠤᠴᠢᠯᠠᠭᠤᠷ ᠤᠨ ᠮᠡᠳᠡᠭᠡᠯᠡᠯ ᠵᠢᠴᠢ ᠪᠢᠴᠢᠯ ᠪᠦᠷᠭᠡ᠂ ᠪᠢᠴᠢᠯ ᠵᠠᠬᠢᠳᠠᠯ ᠵᠡᠷᠭᠡ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠤᠭᠯᠠᠭᠤᠯᠬᠤ᠂ ᠬᠢᠨᠠᠨ ᠬᠡᠮᠵᠢᠬᠦ᠂ ᠰᠤᠳᠤᠯᠤᠨ ᠮᠠᠭᠠᠳᠯᠠᠬᠤ ᠪᠠ ᠠᠷᠭᠠᠴᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠭᠡᠨᠡᠳᠲᠡ ᠶᠢᠨ ᠬᠡᠷᠡᠭ ᠤᠨ ᠰᠦᠯᠵᠢᠶᠡᠨ ᠤ ᠮᠡᠳᠡᠭᠡ ᠵᠠᠩᠭᠢ ᠶᠢ ᠬᠢᠨᠠᠨ ᠬᠡᠮᠵᠢᠬᠦ ᠰᠢᠰᠲ᠋ᠧᠮ ᠢ ᠲᠡᠭᠦᠯᠳᠡᠷᠵᠢᠭᠦᠯᠵᠦ᠂ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠤᠯᠬᠤ᠂ ᠰᠣᠨᠢᠨ ᠮᠡᠳᠡᠭᠡ ᠨᠡᠶᠢᠲᠡᠯᠡᠬᠦ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠣᠭᠤᠳᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃      ︵ᠳᠥᠷᠪᠡ︶ ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠦᠨ᠎ᠡ᠃ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠬᠤᠭᠤᠷᠣᠨᠳᠣᠬᠢ ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ ᠪᠠ ᠬᠠᠮᠵᠢᠯᠴᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ᠃ ᠡᠯ᠎ᠡ ᠰᠠᠯᠠᠭ᠎ᠠ ᠮᠥᠴᠢᠷ ᠤᠳ ᠬᠥᠨᠳᠡᠯᠡᠨ ᠢᠶᠠᠷ ᠬᠠᠷᠢᠯᠴᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠮᠡᠳᠡᠭᠡ ᠵᠠᠩᠭᠢ ᠶᠢᠨ ᠨᠡᠪᠲᠡᠷᠡᠯᠴᠡᠭᠡ ᠬᠢᠭᠡᠳ ᠪᠠᠴᠢᠮ ᠪᠠᠶᠢᠳᠠᠯ ᠢ ᠠᠷᠭᠠᠴᠠᠬᠤ ᠬᠠᠮᠵᠢᠯᠴᠠᠭ᠎ᠠ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠮᠡᠳᠡᠭᠡᠯᠡᠬᠦ᠂ ᠬᠠᠮᠲᠤᠷᠠᠭᠰᠠᠨ ᠬᠤᠷᠠᠯ᠂ ᠠᠵᠢᠯ ᠤᠨ ᠵᠥᠪᠳᠡᠯᠴᠡᠬᠦ ᠵᠡᠷᠭᠡ ᠲᠦᠷᠢᠮ ᠢ ᠲᠡᠭᠦᠯᠳᠡᠷᠵᠢᠭᠦᠯᠬᠦ ᠬᠡᠷᠡᠭᠲᠡᠶ᠃ ᠴᠡᠷᠢᠭ ᠠᠩᠬᠢ ᠪᠠ ᠣᠷᠣᠨ ᠨᠤᠲᠤᠭ ᠬᠠᠮᠵᠢᠯᠴᠠᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠢᠭᠡᠳᠦᠯᠲᠡᠶ ᠵᠢᠯᠣᠭᠤᠳᠬᠤ ᠂ ᠲᠦᠷᠭᠡᠨ ᠲᠤᠰᠬᠠᠬᠤ᠂ ᠥᠨᠳᠥᠷ ᠪᠦᠲᠦᠮᠵᠢᠲᠡᠶ ᠠᠵᠢᠯᠯᠠᠬᠤ ᠴᠡᠷᠢᠭ ᠠᠩᠬᠢ ᠪᠠ ᠣᠷᠣᠨ ᠨᠤᠲᠤᠭ ᠬᠠᠮᠵᠢᠯᠴᠠᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠴᠢᠩᠭᠠᠳᠬᠠᠨ᠎ᠠ᠃ ᠣᠷᠣᠨ ᠪᠦᠰᠡ ᠶᠢᠨ ᠬᠤᠭᠤᠷᠣᠨᠳᠣᠬᠢ ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠠᠮᠢᠶ᠎ᠠ ᠪᠥᠬᠦᠶ ᠬᠤᠰᠢᠭᠤ ᠰᠢᠶᠠᠨ ᠬᠤᠲᠠ ᠲᠣᠭᠤᠷᠢᠭ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠂ ᠬᠠᠮᠲᠤᠪᠠᠷ ᠠᠷᠭᠠᠴᠠᠬᠤ᠂ ᠬᠠᠮᠲᠤᠪᠠᠷ ᠰᠢᠢᠳᠪᠦᠷᠢᠯᠡᠬᠦ ᠶᠢ ᠴᠢᠩᠭᠠᠷᠠᠭᠤᠯᠵᠤ᠂ ᠣᠷᠣᠨ ᠪᠦᠰᠡ ᠠᠯᠤᠰᠯᠠᠨ ᠬᠠᠮᠲᠤᠷᠠᠨ ᠬᠥᠳᠡᠯᠦᠯᠴᠡᠵᠦ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃      ︵ᠲᠠᠪᠤ︶ ᠣᠷᠣᠨ ᠪᠦᠰᠡ ᠠᠯᠤᠰᠯᠠᠭᠰᠠᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠮᠠᠨ ᠤ ᠬᠤᠲᠠ ᠶᠢᠨ ᠣᠷᠣᠨ ᠪᠦᠰᠡ ᠠᠯᠤᠰᠯᠠᠨ ᠭᠠᠷ ᠤᠨ ᠥᠰᠥᠭ ᠵᠢᠷᠤᠭᠰᠠᠨ ︽ᠬᠥᠬᠡᠬᠤᠲᠠ ᠪᠤᠭᠤᠲᠤ ᠣᠷᠳᠣᠰ   ᠤᠯᠠᠭᠠᠨᠴᠠᠪ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠠᠮᠵᠢᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ︾ ︽ᠳ᠋ᠠᠲ᠋ᠦ᠋ᠩ᠂ ᠤᠯᠠᠭᠠᠨᠴᠠᠪ᠂ ᠴᠢᠭᠤᠯᠤᠯᠲᠤ ᠬᠠᠭᠠᠯᠭ᠎ᠠ᠂  ᠱᠦᠤᠸ᠋ ᠵᠧᠤ ᠶᠢᠨ ᠣᠷᠣᠨ ᠪᠦᠰᠡ ᠶᠢᠨ ᠬᠠᠮᠵᠢᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ︾ ︽ᠤᠯᠠᠭᠠᠨᠴᠠᠪ ᠤᠨ ᠴᠢᠭᠤᠯᠤᠯᠲᠤ ᠬᠠᠭᠠᠯᠭ᠎ᠠ ᠶᠢᠨ ᠣᠷᠣᠨ ᠪᠦᠰᠡ ᠶᠢᠨ ᠬᠠᠮᠵᠢᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ︾ ᠲᠤ ᠲᠦᠰᠢᠭᠯᠡᠨ᠂ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠭᠦᠨᠵᠡᠭᠡᠶ ᠠᠭᠤᠰᠤᠯᠴᠠᠬᠤ ᠶᠢ ᠠᠬᠢᠭᠤᠯᠤᠨ᠎ᠠ᠃ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠬᠦ᠂ ᠡᠬᠢ ᠪᠠᠶᠠᠯᠢᠭ ᠢ ᠬᠠᠮᠲᠤᠪᠠᠷ ᠭᠥᠷᠳᠡᠬᠦ᠂ ᠵᠣᠬᠢᠴᠠᠩᠭᠤᠶ ᠪᠥᠭᠡᠳ ᠡᠮᠬᠢ ᠵᠢᠷᠤᠮ ᠲᠠᠢ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ᠂ ᠯᠠᠪᠳᠠᠭᠤᠨ ᠢᠶᠠᠷ ᠠᠬᠢᠭᠤᠯᠬᠤ ᠪᠠᠷ ᠵᠠᠷᠴᠢᠮ ᠪᠣᠯᠭᠠᠵᠤ᠂ ᠣᠷᠳᠣ ᠬᠤᠭᠤᠴᠠᠭᠠᠨ ᠤ᠂ ᠲᠣᠭᠲᠠᠭᠤᠨ᠂ ᠨᠠᠶᠢᠳᠠᠪᠤᠷᠢᠲᠠᠶ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ ᠂ ᠡᠯ᠎ᠡ ᠲᠥᠷᠥᠯ ᠤᠨ ᠠᠳᠡᠯ ᠤᠨ ᠭᠠᠶ ᠭᠠᠮᠰᠢᠭ ᠪᠠ ᠪᠠᠶᠢᠭᠠᠯᠢ ᠶᠢᠨ ᠭᠠᠮᠰᠢᠭ ᠢ ᠪᠦᠲᠦᠮᠵᠢᠲᠡᠶ ᠠᠷᠭᠠᠴᠠᠨ ᠰᠢᠢᠳᠪᠦᠷᠢᠯᠡᠨ᠎ᠡ᠃ ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ‍ ᠨᠢᠭᠡ ᠴᠤᠭᠴᠠᠵᠢᠭᠤᠯᠤᠭᠰᠠᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ᠂ ᠣᠶ ᠰᠢᠭᠤᠶ ᠶᠢᠨ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ᠂ ᠭᠠᠵᠠᠷ ᠬᠥᠳᠡᠯᠦᠯᠲᠡ ᠶᠢᠨ ᠭᠠᠵᠠᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ᠂ ᠠᠶᠤᠯᠲᠠᠶ ᠬᠢᠮᠢ ᠶᠢᠨ ᠪᠣᠳᠠᠰ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ᠂ ᠪᠠᠴᠢᠮ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠣᠷᠣᠨ ᠪᠦᠰᠡ ᠠᠯᠤᠰᠯᠠᠭᠰᠠᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠰᠣᠷᠢᠯᠲᠠ ᠶᠢ ᠡᠷᠭᠢᠯᠡᠵᠦ᠂ ᠲᠤᠰᠬᠠᠶ ᠮᠡᠷᠭᠡᠵᠢᠯᠲᠡᠨ ᠤ ᠡᠩᠨᠡᠭᠡ᠂ ᠠᠪᠤᠷᠠᠨ ᠲᠤᠰᠠᠯᠠᠬᠤ ᠡᠩᠨᠡᠭᠡ᠂ ᠡᠳ᠋ ᠪᠣᠳᠠᠰ ᠤᠨ ᠨᠥᠭᠡᠴᠡ᠂ ᠪᠠᠴᠢᠮ ᠪᠠᠶᠢᠳᠠᠯ ᠢ ᠠᠷᠭᠠᠴᠠᠬᠤ ᠡᠬᠢ ᠪᠠᠶᠠᠯᠢᠭ ᠪᠠ ᠬᠢᠨᠠᠨ ᠬᠡᠮᠵᠢᠵᠦ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠠᠮᠲᠤᠪᠠᠷ ᠡᠳ᠋ᠯᠡᠨ᠎ᠡ᠃ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠷᠣᠨ ᠪᠦᠰᠡ ᠶᠢᠨ ᠳᠣᠲᠣᠷᠠᠬᠢ ᠨᠡᠶᠢᠲᠡᠯᠢᠭ ᠴᠢᠨᠠᠷᠲᠠᠶ ᠪᠠᠶᠢᠭᠠᠯᠢ ᠶᠢᠨ ᠭᠠᠶ ᠭᠠᠮᠰᠢᠭ ᠤᠨ ᠲᠦᠭᠰᠢᠭᠦᠷᠢ ᠶᠢ ᠦᠨᠳᠦᠰᠦᠯᠡᠨ᠂ ᠠᠷᠭᠠᠴᠠᠬᠤ ᠪᠣᠳᠣᠯᠭ᠎ᠠ ᠶᠢ ᠬᠠᠮᠲᠤᠪᠠᠷ ᠰᠤᠳᠤᠯᠵᠤ᠂ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃      ᠲᠦᠷᠪᠡ᠂ ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠪᠥᠷᠢᠨᠰᠢᠬᠦᠯᠥᠨ᠂ ᠪᠥᠬᠦ ᠨᠡᠶᠢᠭᠡᠮ ᠤᠨ ᠭᠡᠨᠡᠳᠲᠡ ᠶᠢᠨ ᠬᠡᠷᠡᠭ ᠢ ᠰᠡᠷᠭᠡᠶᠢᠯᠡᠬᠦ ᠪᠠ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ      ︵ᠨᠢᠭᠡ︶ ᠨᠡᠶᠢᠭᠡᠮ ᠤᠨ ᠤᠬᠠᠭᠤᠯᠭ᠎ᠠ ᠬᠥᠮᠦᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠠᠨ ᠨᠡᠶᠢᠲᠡ ᠶᠢᠨ ᠠᠮᠤᠷ ᠲᠦᠪᠰᠢᠨ ᠤ ᠤᠬᠠᠭᠤᠯᠭ᠎ᠠ ᠶᠢᠨ ︽ᠬᠥᠳᠡᠭᠡ ᠲᠣᠰᠬᠤᠨ ᠳᠤ ᠣᠴᠢᠬᠤ᠂ ᠪᠠᠶᠢᠭᠤᠯᠭ᠎ᠠ ᠳᠤ ᠣᠴᠢᠬᠤ᠂ ᠰᠤᠷᠭᠠᠭᠤᠯᠢ ᠳᠤ ᠣᠴᠢᠬᠤ᠂ ᠠᠵᠤ ᠠᠬᠤᠶᠢᠯᠠᠯ ᠳᠤ ᠣᠴᠢᠬᠤ᠂ ᠨᠡᠶᠢᠭᠡᠮ ᠲᠣᠭᠤᠷᠢᠭ ᠲᠤ ᠣᠴᠢᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠰᠠᠯᠠᠭ᠎ᠠ ᠮᠥᠴᠢᠷ ᠠᠵᠢᠯ ᠲᠦᠷᠦᠯ ᠤᠨ ᠳᠣᠲᠣᠭᠠᠳᠤ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢᠨ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠤᠨ᠎ᠠ᠃ ᠤᠯᠠᠨ ᠨᠡᠶᠢᠲᠡ ᠶᠢᠨ ᠠᠮᠤᠷ ᠲᠦᠪᠰᠢᠨ ᠤ ᠮᠡᠳᠡᠯᠭᠡ ᠶᠢᠨ ᠬᠥᠮᠦᠵᠢᠯ ᠢ ᠤᠯᠤᠰ ᠠᠷᠠᠳ ᠤᠨ ᠰᠤᠷᠭᠠᠨ ᠬᠥᠮᠦᠵᠢᠯ ᠪᠠ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠰᠢᠰᠲ᠋ᠧᠮ ᠳᠤ ᠣᠷᠣᠭᠤᠯᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠤᠯᠠᠨ ᠵᠦᠢᠯ ᠤᠨ ᠬᠡᠯᠪᠡᠷᠢ ᠪᠠᠷ ᠲᠦᠭᠡᠮᠡᠯᠵᠢᠭᠦᠯᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠤᠷ᠎ᠠ ︽ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ︾ ︽ᠣᠯᠠᠨ ᠤᠯᠤᠰ ᠤᠨ ᠭᠠᠮᠰᠢᠭ ᠢ ᠪᠠᠭᠠᠰᠬᠠᠬᠤ ᠡᠳᠦᠷ︾ ︽ᠭᠠᠯ ᠤᠨᠲᠠᠷᠠᠭᠠᠬᠤ ᠡᠳᠦᠷ︾ ᠵᠡᠷᠭᠡ ᠵᠠᠩᠭᠢᠯᠠᠭ᠎ᠠ ᠶᠢᠨ ᠴᠡᠭ ᠢ ᠠᠰᠢᠭᠯᠠᠨ ᠣᠯᠠᠨ ᠨᠡᠶᠢᠲᠡ ᠶᠢᠨ ᠠᠮᠤᠷ ᠲᠦᠪᠰᠢᠨ ᠤ ᠤᠬᠠᠭᠤᠯᠭ᠎ᠠ ᠶᠢ ᠬᠢᠵᠦ᠂ ᠨᠡᠶᠢᠭᠡᠮ ᠨᠡᠶᠢᠲᠡ ᠶᠢᠨ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ᠂ ᠲᠦᠭᠰᠢᠭᠦᠷᠢ ᠮᠡᠳᠡᠭᠦᠯᠵᠦ ᠲᠤᠰᠠᠯᠠᠮᠵᠢ ᠭᠤᠶᠤᠴᠢᠯᠠᠬᠤ᠂ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ᠂ ᠥᠪᠡᠷ ᠢ ᠪᠠᠨ ᠠᠪᠤᠷᠬᠠᠤ ᠬᠠᠷᠢᠯᠴᠠᠨ ᠠᠪᠤᠷᠬᠠᠤ ᠦᠵᠡᠯ ᠤᠬᠠᠮᠰᠠᠷ ᠪᠠ ᠣᠯᠠᠨ ᠨᠡᠶᠢᠲᠡ ᠶᠢᠨ ᠠᠮᠤᠷ ᠲᠦᠪᠰᠢᠨ ᠤ ᠰᠣᠶᠣᠯ ᠤᠨ ᠬᠡᠪ ᠴᠢᠨᠠᠷ ᠢ ᠳᠡᠭᠡᠭᠰᠢᠯᠡᠭᠦᠯᠦᠨ᠎ᠡ᠃ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠰᠡᠳᠬᠦᠯ ᠵᠡᠷᠭᠡ ᠤᠯᠠᠮᠵᠢᠯᠠᠯᠲᠤ ᠵᠠᠭᠤᠴᠢᠯᠠᠭᠤᠷ ᠵᠢᠴᠢ ᠸᠢᠴᠠᠲ᠂ ᠪᠢᠴᠢᠯ ᠪᠦᠷᠭᠡ ᠵᠡᠷᠭᠡ ᠰᠢᠨ᠎ᠡ ᠮᠠᠶ᠋ᠢᠭ ᠤᠨ ᠤᠯᠠᠮᠵᠢᠯᠠᠨ ᠲᠠᠷᠬᠠᠭᠠᠬᠤ ᠠᠷᠭ᠎ᠠ ᠪᠠᠷᠢᠯ ᠢ  ᠭᠦᠢᠴᠡᠳ ᠬᠡᠷᠡᠭᠯᠡᠨ᠂ ᠣᠯᠠᠨ ᠨᠡᠶᠢᠲᠡ ᠶᠢᠨ ᠠᠮᠤᠷ ᠲᠦᠪᠰᠢᠨ ᠬᠢᠭᠡᠳ ᠪᠠᠴᠢᠮ ᠪᠠᠶᠢᠳᠠᠯ ᠢ ᠠᠷᠭᠠᠴᠠᠬᠤ ᠮᠡᠳᠡᠯᠭᠡ ᠶᠢᠨ ᠤᠬᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠰᠤᠷᠭᠠᠨ ᠬᠥᠮᠦᠵᠢᠯ ᠢ ᠪᠠᠶᠠᠷ ᠴᠡᠩᠭᠡᠯ ᠳᠤ ᠠᠬᠤᠭᠤᠯᠤᠭᠰᠠᠨ ᠤᠬᠠᠭᠤᠯᠤᠨ ᠬᠥᠮᠦᠵᠢᠭᠦᠯᠬᠦ ᠠᠷᠭ᠎ᠠ ᠮᠠᠶ᠋ᠢᠭ ᠢ ᠬᠠᠶᠢᠨ ᠰᠦᠪᠡᠭᠴᠢᠯᠡᠵᠦ᠂ ᠤᠬᠠᠭᠤᠯᠤᠨ ᠬᠥᠮᠦᠵᠢᠭᠦᠯᠬᠦ ᠦᠷ᠎ᠡ ᠪᠦᠲᠦᠮᠵᠢ ᠶᠢ ᠨᠡᠮᠡᠭᠳᠡᠭᠦᠯᠦᠨ᠎ᠡ᠃      ︵ᠬᠤᠶᠠᠷ︶ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ ᠶᠢᠨ  ᠰᠢᠰᠲ᠋ᠧᠮ  ᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠷᠠᠭᠤᠯᠬᠤ ᠬᠡᠷᠡᠭᠲᠡᠶ᠃ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠣᠯᠪᠠᠰᠤᠷᠠᠭᠤᠯᠤᠯ᠂ ᠰᠣᠯᠢᠯᠴᠠᠭ᠎ᠠ᠂ ᠰᠢᠨᠵᠢᠯᠡᠨ ᠪᠠᠶᠢᠴᠠᠭᠠᠯᠲᠠ ᠂ ᠪᠣᠯᠪᠠᠰᠤᠷᠠᠯ ᠵᠡᠷᠭᠡ ᠠᠵᠢᠯ ᠤᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠪᠦᠬᠦ ᠰᠢᠶᠠᠨ ᠤ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠺᠠᠳ᠋ᠷ ᠢ ᠡᠭᠡᠯᠵᠢᠯᠡᠨ ᠪᠣᠯᠪᠠᠰᠤᠷᠠᠭᠤᠯᠤᠨ᠎ᠠ᠃ ᠰᠠᠶᠢᠨ ᠳᠤᠷ᠎ᠠ ᠶᠢᠨ ᠠᠵᠢᠯᠯᠠᠭᠴᠢ ᠪᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ᠂ ᠭᠠᠴᠠᠭ᠎ᠠ ᠲᠣᠰᠬᠤᠨ ᠤ ᠵᠥᠪᠯᠡᠯ ᠤᠨ ᠠᠵᠢᠯᠲᠠᠨ ᠢ ᠪᠠᠴᠢᠮ ᠪᠠᠶᠢᠳᠠᠯ ᠢ ᠠᠷᠭᠠᠴᠠᠬᠤ ᠪᠣᠯᠪᠠᠰᠤᠷᠠᠭᠤᠯᠤᠯ ᠤᠨ ᠰᠢᠰᠲ᠋ᠧᠮᠵᠢ ᠳᠤ ᠣᠷᠣᠭᠤᠯᠵᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠺᠠᠳ᠋ᠷ ᠤᠨ ᠪᠣᠯᠪᠠᠰᠤᠷᠠᠭᠤᠯᠤᠯ ᠢ ᠵᠢᠯ ᠪᠦᠷᠢ ᠠᠳᠠᠭ ᠲᠠᠭᠠᠨ 1 ᠬᠤᠭᠤᠴᠠᠭ᠎ᠠ ᠡᠷᠭᠢᠯᠡᠬᠦ ᠬᠡᠷᠡᠭᠲᠡᠶ᠃ ᠣᠲᠣ ᠶᠢᠨ ᠪᠠᠶᠢᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠴᠢᠳᠠᠮᠵᠢ ᠶᠢ ᠨᠢᠭᠡᠳᠦᠯᠲᠡᠶ ᠲᠥᠯᠥᠪᠯᠡᠨ ᠥᠷᠭᠡᠳᠬᠡᠵᠦ᠂ ᠲᠤᠰᠬᠠᠶ ᠠᠪᠤᠷᠠᠨ ᠲᠤᠰᠠᠯᠠᠬᠤ ᠬᠦᠴᠦᠨ ᠪᠠ ᠪᠠᠴᠢᠮ ᠪᠠᠶᠢᠳᠠᠯ ᠢ ᠠᠷᠭᠠᠴᠠᠬᠤ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠤᠨ ᠣᠯᠠᠨ ᠭᠠᠮᠰᠢᠭᠲᠤ ᠲᠥᠷᠥᠯ᠂ ᠣᠯᠠᠨ ᠲᠥᠷᠥᠯ ᠢᠯᠭᠠᠯ ᠤᠨ ᠭᠡᠨᠡᠳᠲᠡ ᠶᠢᠨ ᠬᠡᠷᠡᠭ ᠢ ᠠᠷᠭᠠᠴᠠᠬᠤ ᠪᠣᠯᠪᠠᠰᠤᠷᠠᠭᠤᠯᠤᠯ ᠢ ᠥᠷᠨᠢᠭᠦᠯᠦᠨ᠎ᠡ᠃      ︵ᠭᠤᠷᠪᠠ︶ ᠨᠢᠭᠡ ᠪᠦᠯᠦᠭ ᠣᠯᠠᠨ ᠲᠦᠮᠡᠨᠴᠢ ᠴᠢᠨᠠᠷᠲᠠᠶ ᠪᠠᠴᠢᠮ ᠪᠠᠶᠢᠳᠠᠯ ᠢ ᠠᠷᠭᠠᠴᠠᠵᠤ ᠠᠪᠤᠷᠬᠠᠤ ᠪᠣᠯᠪᠠᠰᠤᠷᠠᠭᠤᠯᠤᠯ ᠪᠠ ᠰᠣᠷᠢᠯᠲᠠ ᠶᠢᠨ ᠰᠠᠭᠤᠷᠢᠨ ᠭᠠᠵᠠᠷ ᠢ ᠡᠭᠦᠳᠦᠨ ᠪᠠᠶᠢᠭᠤᠯᠤᠨ᠎ᠠ᠃ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠪᠠᠷ ᠭᠤᠤᠯ ᠪᠣᠯᠭᠠᠭᠰᠠᠨ ᠪᠠᠴᠢᠮ ᠪᠠᠶᠢᠳᠠᠯ ᠢ ᠠᠷᠭᠠᠴᠠᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠠᠷᠭ᠎ᠠ ᠮᠠᠶ᠋ᠢᠭ ᠪᠠ ᠠᠷᠭ᠎ᠠ ᠪᠠᠷᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ︔ ᠨᠡᠶᠢᠭᠡᠮ ᠲᠣᠭᠤᠷᠢᠭ᠂ ᠠᠵᠤ ᠠᠬᠤᠶᠢᠯᠠᠯ᠂ ᠰᠤᠷᠭᠠᠭᠤᠯᠢ᠂ ᠬᠥᠮᠦᠨ ᠬᠠᠷ᠎ᠠ ᠨᠢᠭᠲᠠᠷᠠᠨ ᠴᠤᠭᠯᠠᠷᠠᠭᠰᠠᠨ ᠭᠠᠵᠠᠷ ᠲᠠᠯᠠᠪᠤᠷ ᠲᠤ ᠡᠯ᠎ᠡ ᠲᠥᠷᠥᠯ ᠤᠨ ᠣᠯᠠᠨ ᠲᠦᠮᠡᠨᠴᠢ ᠴᠢᠨᠠᠷᠲᠠᠶ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠨᠡᠶᠢᠳᠡᠮ ᠥᠷᠨᠢᠭᠦᠯᠬᠦ ᠶᠢ ᠳᠥᠯᠭᠢᠨ ᠠᠬᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠭᠠᠵᠠᠷ ᠲᠠᠯᠠᠪᠤᠷ᠂ ᠬᠥᠮᠦᠨ ᠬᠠᠷ᠎ᠠ ᠬᠤᠷᠠᠨ ᠴᠤᠭᠯᠠᠷᠠᠬᠤ ᠭᠠᠵᠠᠷ ᠲᠠᠯᠠᠪᠤᠷ ᠵᠡᠷᠭᠡ ᠳᠤ ᠲᠦᠰᠢᠭᠯᠡᠨ᠂ ᠣᠯᠠᠨ ᠨᠡᠶᠢᠲᠡ ᠶᠢᠨ ᠠᠮᠤᠷ ᠲᠦᠪᠰᠢᠨ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠪᠠᠴᠢᠮ ᠪᠠᠶᠢᠳᠠᠯ ᠢ ᠠᠷᠭᠠᠴᠠᠵᠤ ᠠᠪᠤᠷᠬᠠᠤ ᠮᠡᠳᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠨ᠎ᠠ︔ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠪᠠᠴᠢᠮ ᠪᠠᠶᠢᠳᠠᠯ ᠢ ᠠᠷᠭᠠᠴᠠᠬᠤ ᠮᠡᠳᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠰᠦᠯᠵᠢᠶᠡᠨ ᠥᠷᠲᠡᠭᠡ ᠨᠡᠭᠡᠭᠡᠨ ᠬᠥᠭᠵᠢᠭᠦᠯᠬᠦ ᠶᠢ  ᠠᠬᠢᠭᠤᠯᠤᠨ᠎ᠠ᠃      ︵ᠳᠥᠷᠪᠡ︶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠭᠤᠷᠢ ᠣᠨᠣᠯ ᠤᠨ ᠠᠷᠭ᠎ᠠ ᠪᠠ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠯ ᠢ ᠴᠢᠩᠭᠠᠳᠬᠠᠨ᠎ᠠ᠃ ᠭᠡᠨᠡᠳᠲᠡ ᠶᠢᠨ ᠬᠡᠷᠡᠭ ᠤᠨ ᠡᠭᠦᠰᠬᠦ ᠵᠢᠮ᠎ᠡ ᠶᠣᠰᠣ ᠬᠢᠭᠡᠳ ᠵᠢᠮ᠎ᠡ ᠶᠣᠰᠣ᠂ ᠭᠡᠨᠡᠳᠲᠡ ᠶᠢᠨ ᠬᠡᠷᠡᠭ ᠤᠨ ᠲᠦᠭᠰᠢᠭᠦᠷᠢ ᠶᠢᠨ ᠬᠠᠮᠢᠶᠠᠷᠤᠯᠲᠠ᠂ ᠤᠷᠢᠳᠴᠢᠯᠠᠨ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠪᠠ ᠪᠠᠴᠢᠮ ᠪᠠᠶᠢᠳᠠᠯ ᠢ ᠠᠷᠭᠠᠴᠠᠬᠤ ᠰᠢᠢᠳᠪᠦᠷᠢᠳᠦ ᠪᠤᠳᠤᠯᠭ᠎ᠠ ᠲᠣᠭᠲᠠᠭᠠᠬᠤ ᠵᠡᠷᠭᠡ ᠲᠠᠯ᠎ᠠ ᠶᠢᠨ ᠰᠠᠭᠤᠷᠢ ᠤᠨᠤᠯ᠂ ᠠᠷᠭ᠎ᠠ ᠵᠢᠴᠢ ᠬᠡᠷᠡᠭᠯᠡᠭᠡᠨ ᠤ ᠮᠡᠷᠭᠡᠵᠢᠯ ᠤᠨ ᠰᠤᠳᠤᠯᠭᠠᠨ ᠥᠷᠨᠢᠭᠦᠯᠬᠦ ᠶᠢ ᠵᠣᠷᠢᠭᠵᠢᠭᠤᠯᠤᠨ᠎ᠠ︔ ᠨᠡᠶᠢᠭᠡᠮ ᠤᠨ ᠡᠬᠢ ᠪᠠᠶᠠᠯᠢᠭ ᠤᠨ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠰᠡᠷᠭᠦᠭᠡᠨ ᠳᠠᠬᠢᠨ ᠪᠠᠶᠢᠭᠤᠯᠬᠤ ᠪᠠ ᠵᠢᠯᠣᠭᠤᠳᠬᠤ ᠰᠢᠢᠳᠪᠦᠷᠢᠳᠦ ᠪᠣᠳᠣᠯᠭ᠎ᠠ ᠲᠣᠭᠲᠠᠭᠠᠬᠤ ᠵᠡᠷᠭᠡ ᠲᠠᠯ᠎ᠠ ᠶᠢᠨ ᠨᠡᠶᠢᠲᠡᠯᠢᠭ ᠴᠢᠨᠠᠷ᠂ ᠵᠠᠩᠭᠢᠯᠠᠭ᠎ᠠ ᠶᠢᠨ ᠮᠡᠷᠭᠡᠵᠢᠯ ᠵᠢᠴᠢ ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠶᠢ ᠢᠳᠡᠪᠬᠢᠲᠡᠶ ᠳᠡᠮᠵᠢᠬᠦ ᠶᠢᠨ ᠬᠠᠮᠲᠤ ᠵᠣᠷᠢᠭᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠷᠢᠮᠵᠢᠶ᠎ᠠ ᠶᠢᠨ  ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠭᠤᠷᠢ ᠪᠠᠷᠢᠮᠵᠢᠶ᠎ᠠ᠂ ᠠᠵᠢᠯ ᠲᠥᠷᠥᠯ  ᠤᠨ ᠬᠦᠷᠢᠶᠡᠨ ᠤ ᠬᠠᠮᠢᠶ᠎ᠠ ᠪᠥᠬᠦᠢ ᠪᠠᠴᠢᠮ ᠪᠠᠶᠢᠳᠠᠯ  ᠢ ᠠᠷᠭᠠᠴᠠᠬᠤ ᠪᠠᠷᠢᠮᠵᠢᠶ᠎ᠠ ᠪᠣᠯᠤᠨ ᠪᠠᠴᠢᠮ ᠪᠠᠶᠢᠳᠠᠯ  ᠢ ᠠᠷᠭᠠᠴᠠᠬᠤ ᠲᠤᠨᠤᠭ ᠲᠥᠬᠦᠭᠡᠷᠦᠮᠵᠢ ᠶᠢᠨ ᠮᠡᠷᠭᠡᠵᠢᠯ  ᠤᠨ ᠪᠠᠷᠢᠮᠵᠢᠶ᠎ᠠ ᠶᠢ ᠲᠦᠷᠭᠡᠳᠬᠡᠨ ᠲᠣᠭᠲᠠᠭᠠᠬᠤ ᠬᠡᠷᠡᠭᠲᠡᠶ᠃       ᠲᠠᠪᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢ ᠴᠢᠩᠭᠠᠷᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ      ︵ᠨᠢᠭᠡ︶ ᠪᠠᠴᠢᠮ ᠪᠠᠶᠢᠳᠠᠯ ᠢ ᠠᠷᠭᠠᠴᠠᠬᠤ ᠲᠠᠪᠴᠠᠩ ᠤᠨ ᠲᠤᠯᠭᠠᠭᠤᠷᠢᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠭᠦᠯᠡᠨ ᠪᠤᠳᠤᠯᠲᠠ᠂ ᠲᠣᠮᠣ ᠳ᠋ᠠᠶᠢᠲ᠋ᠠ᠂ ᠰᠢᠯᠵᠢᠮᠡᠯ ᠠᠯᠪᠠᠯᠠᠬᠤ ᠵᠡᠷᠭᠡ ᠬᠠᠮᠤᠭ ᠤᠨ ᠰᠢᠨ᠎ᠡ ᠮᠡᠷᠭᠡᠵᠢᠯ ᠢ ᠪᠠᠴᠢᠮ ᠪᠠᠶᠢᠳᠠᠯ ᠢ ᠠᠷᠭᠠᠴᠠᠬᠤ ᠲᠠᠪᠴᠠᠩ ᠤᠨ ᠰᠢᠰᠲ᠋ᠧᠮᠵᠢ ᠶᠢᠨ ᠪᠠᠶᠢᠭᠤᠯᠤᠯᠲᠠ ᠳᠤ ᠬᠡᠷᠡᠭᠯᠡᠬᠦ ᠶᠢ ᠶᠡᠬᠡᠪᠡᠷ ᠰᠦᠪᠡᠭᠴᠢᠯᠡᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠲᠠᠪᠴᠠᠩ ᠤᠨ ᠰᠢᠰᠲ᠋ᠧᠮᠵᠢ ᠶᠢᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠦᠷᠭᠡᠳᠬᠡᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠣᠯᠭ᠎ᠠ ᠶᠢᠨ ᠰᠠᠭᠤᠷᠢ ᠲᠤᠯᠭᠠᠭᠤᠷᠢᠯᠠᠬᠤ ᠰᠢᠰᠲ᠋ᠧᠮ᠂ ᠶᠡᠷᠦᠩᠬᠡᠶᠢᠯᠡᠭᠰᠡᠨ ᠬᠡᠷᠡᠭᠯᠡᠭᠡᠨ ᠤ ᠰᠢᠰᠲ᠋ᠧᠮ ᠵᠢᠴᠢ ᠲᠠᠯᠠᠪᠤᠷ ᠭᠠᠵᠠᠷ ᠤᠨ ᠪᠠᠶᠢᠭᠤᠯᠤᠯᠲᠠ ᠵᠡᠷᠭᠡ ᠳᠤ ᠪᠠᠷᠢᠮᠵᠢᠶ᠎ᠠ ᠬᠠᠩᠭᠠᠵᠤ᠂ ᠵᠢᠯᠣᠭᠤᠳᠤᠨ ᠳᠣᠭᠢᠷᠠᠭᠤᠯᠬᠤ ᠮᠡᠷᠭᠡᠵᠢᠯ ᠤᠨ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠢ ᠪᠦᠲᠦᠮᠵᠢᠲᠡᠶ ᠰᠡᠷᠭᠡᠶᠢᠯᠡᠬᠦ ᠪᠠ ᠠᠷᠭᠠᠴᠠᠨ᠎ᠠ᠃      ︵ᠬᠤᠶᠠᠷ︶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠭᠤᠷᠢ ᠳ᠋ᠠᠶᠢᠲ᠋ᠠ ᠬᠥᠮᠥᠷᠭᠡ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠡᠩᠨᠡᠭᠡ ᠶᠢᠨ ᠪᠦᠷᠢᠯᠳᠦᠯ᠂ ᠠᠪᠤᠷᠠᠨ ᠲᠤᠰᠠᠯᠠᠬᠤ ᠲᠥᠷᠥᠯ ᠬᠡᠯᠪᠡᠷᠢ᠂ ᠲᠠᠷᠬᠠᠯᠲᠠ ᠵᠡᠷᠭᠡ ᠮᠡᠳᠡᠭᠡ ᠵᠠᠩᠭᠢ ᠶᠢᠨ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠵᠤ᠂ ᠲᠦᠷᠭᠡᠨ ᠪᠥᠭᠡᠳ ᠥᠨᠳᠥᠷ ᠪᠦᠲᠦᠮᠵᠢᠲᠡᠶ᠂ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠳᠣᠭᠢᠷᠠᠭᠤᠯᠤᠨ ᠬᠡᠷᠡᠭᠯᠡᠬᠦ ᠶᠢ ᠪᠡᠶᠡᠯᠡᠭᠦᠯᠦᠨ᠎ᠡ︔ ᠪᠠᠴᠢᠮ ᠪᠠᠶᠢᠳᠠᠯ ᠢ ᠠᠷᠭᠠᠴᠠᠬᠤ ᠡᠬᠢ ᠪᠠᠶᠠᠯᠢᠭ ᠤᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠬᠥᠳᠡᠯᠦᠩᠭᠦᠶ ᠬᠠᠮᠢᠶᠠᠷᠤᠯᠲᠠ ᠶᠢ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢᠨ ᠨᠥᠭᠡᠴᠡᠯᠡᠯᠲᠡ ᠶᠢᠨ ᠲᠥᠷᠥᠯ ᠵᠦᠢᠯ᠂ ᠲᠤᠭ᠎ᠠ ᠬᠡᠮᠵᠢᠶ᠎ᠡ᠂ ᠪᠠᠶᠢᠷᠢᠰᠢᠭᠤᠯᠤᠯᠲᠠ ᠶᠢ ᠨᠠᠩ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠪᠣᠯᠭᠠᠵᠤ᠂ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢᠨ ᠲᠣᠬᠢᠷᠠᠭᠤᠯᠤᠯᠲᠠ ᠶᠢ ᠨᠠᠩ ᠲᠦᠷᠭᠡᠨ ᠪᠥᠭᠡᠳ ᠥᠨᠳᠥᠷ ᠦᠷ᠎ᠡ ᠪᠦᠲᠦᠮᠵᠢᠲᠡᠶ ᠪᠣᠯᠭᠠᠨ᠎ᠠ᠃ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠮᠡᠷᠭᠡᠵᠢᠯ ᠢ ᠬᠡᠷᠡᠭᠯᠡᠨ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢ ᠨᠥᠭᠡᠴᠡᠯᠡᠬᠦ᠂ ᠲᠠᠲᠠᠪᠤᠷᠢᠯᠠᠨ ᠬᠤᠷᠢᠶᠠᠬᠤ ᠲᠠᠲᠠᠪᠤᠷᠢᠯᠠᠨ ᠬᠡᠷᠡᠭᠯᠡᠬᠦ᠂ ᠨᠡᠶᠢᠭᠡᠮ ᠤᠨ ᠬᠠᠨᠳᠢᠪᠯᠠᠨ ᠬᠦᠷᠭᠡᠬᠦ ᠪᠠ ᠦᠢᠯᠡᠳᠪᠦᠷᠢᠯᠡᠯ ᠢ ᠵᠣᠬᠢᠶᠠᠨ ᠪᠠᠶᠢᠭᠤᠯᠬᠤ ᠵᠡᠷᠭᠡ ᠭᠤᠭᠴᠤᠭ᠎ᠠ ᠳᠤ ᠬᠠᠮᠢᠶᠠᠷᠤᠯᠲᠠ ᠶᠠᠪᠤᠭᠤᠯᠵᠤ᠂ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢ ᠬᠥᠮᠥᠷᠭᠡ ᠳᠤ ᠣᠷᠣᠭᠤᠯᠬᠤ᠂ ᠬᠥᠮᠥᠷᠭᠡ ᠠᠴᠠ ᠭᠠᠷᠭᠠᠬᠤ᠂ ᠲᠣᠭᠠᠯᠠᠨ ᠪᠦᠷᠢᠳᠬᠡᠬᠦ ᠵᠢᠴᠢ ᠡᠳ᠋ ᠪᠠᠷᠠᠭ᠎ᠠ ᠶᠢ ᠨᠥᠬᠦᠪᠥᠷᠢᠯᠡᠬᠦ ᠶᠢᠨ ᠣᠨᠣᠪᠴᠢᠲᠤ ᠴᠢᠨᠠᠷ ᠪᠠ ᠲᠦᠷᠭᠡᠨ ᠴᠢᠨᠠᠷ ᠢ ᠪᠡᠶᠡᠯᠡᠭᠦᠯᠬᠦ ᠬᠡᠷᠡᠭᠲᠡᠶ᠃      ︵ᠭᠤᠷᠪᠠ︶ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠬᠤ ᠮᠡᠳᠡᠭᠡ ᠵᠠᠩᠭᠢ ᠶᠢᠨ ᠮᠡᠳᠡᠭᠦᠯᠦᠯᠲᠡ ᠶᠢ ᠭᠥᠯᠢᠶᠡᠨ ᠠᠪᠬᠤ᠂ ᠵᠢᠯᠣᠭᠤᠳᠤᠨ ᠳᠣᠭᠢᠷᠠᠭᠤᠯᠬᠤ᠂ ᠣᠨᠳᠣᠤ ᠭᠠᠵᠠᠷ ᠲᠤ ᠵᠥᠪᠳᠡᠯᠴᠡᠬᠦ ᠵᠢᠴᠢ ᠪᠠᠴᠢᠮ ᠪᠠᠶᠢᠳᠠᠯ ᠢ ᠠᠷᠭᠠᠴᠠᠬᠤ ᠰᠢᠯᠵᠢᠮᠡᠯ ᠲᠠᠪᠴᠠᠩ ᠯᠤᠭ᠎ᠠ ᠬᠤᠯᠪᠣᠭᠠᠯᠠᠨ ᠨᠡᠪᠲᠡᠷᠡᠯᠴᠡᠬᠦ ᠵᠡᠷᠭᠡ ᠭᠤᠤᠯ ᠴᠢᠳᠠᠮᠵᠢ ᠶᠢ ᠭᠤᠤᠯᠳᠠᠯᠭ᠎ᠠ ᠲᠠᠢ ᠲᠡᠭᠦᠯᠳᠡᠷᠵᠢᠭᠦᠯᠦᠨ᠎ᠡ      ᠣᠯᠠᠨ ᠵᠦᠢᠯ ᠤᠨ ᠠᠷᠭ᠎ᠠ ᠮᠠᠶ᠋ᠢᠭ ᠪᠠ ᠠᠷᠭ᠎ᠠ ᠵᠠᠮ ᠢᠶᠠᠷ ᠭᠡᠨᠡᠳᠲᠡ ᠶᠢᠨ ᠬᠡᠷᠡᠭ ᠤᠨ ᠲᠤᠬᠠᠶ ᠶᠢᠨ ᠲᠠᠯᠠᠪᠤᠷ ᠤᠨ ᠵᠢᠷᠤᠭ ᠳᠦᠷᠰᠦᠲᠦ ᠮᠡᠳᠡᠭᠡ ᠵᠠᠩᠭᠢ ᠶᠢ ᠣᠯᠵᠤ᠂ ᠬᠠᠷᠠᠭᠠᠨ ᠳᠠᠪᠲᠠᠮᠵᠢ᠂ ᠵᠢᠷᠤᠭ ᠳᠦᠷᠰᠦ ᠵᠡᠷᠭᠡ ᠮᠡᠳᠡᠭᠡ ᠵᠠᠩᠭᠢ ᠶᠢ ᠵᠡᠷᠭᠡ ᠳᠤᠨᠢ ᠳᠠᠮᠵᠢᠭᠤᠯᠬᠤ ᠶᠢ ᠪᠡᠶᠡᠯᠡᠭᠦᠯᠬᠦ ᠬᠡᠷᠡᠭᠲᠡᠶ᠃ ᠡᠩ ᠤᠨ ᠦᠶ᠎ᠡ ᠪᠠ ᠲᠡᠶᠢᠨ ᠤ ᠦᠶ᠎ᠡ ᠶᠢ ᠤᠶᠠᠯᠳᠤᠭᠤᠯᠬᠤ ᠵᠠᠷᠴᠢᠮ ᠶᠣᠰᠣᠭᠠᠷ᠂ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠭᠥᠯᠢᠶᠡᠨ ᠠᠪᠴᠤ ᠰᠢᠢᠳᠪᠦᠷᠢᠯᠡᠬᠦ᠂ ᠲᠠᠪᠴᠠᠩ ᠢᠶᠠᠷ ᠵᠥᠪᠳᠡᠯᠴᠡᠬᠦ᠂ ᠵᠢᠯᠣᠭᠤᠳᠤᠨ ᠳᠣᠭᠢᠷᠠᠭᠤᠯᠬᠤ ᠵᠡᠷᠭᠡ ᠴᠢᠳᠠᠮᠵᠢ ᠶᠢᠨ ᠠᠵᠢᠯᠯᠠᠭᠠᠨ ᠤ ᠰᠠᠶᠢᠨ ᠪᠠᠶᠢᠬᠤ ᠶᠢ ᠪᠠᠲᠤᠯᠠᠨ᠎ᠠ᠃      ︵ᠳᠥᠷᠪᠡ︶ ᠰᠠᠯᠠᠭ᠎ᠠ ᠮᠥᠴᠢᠷ ᠬᠢᠭᠡᠳ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠲᠠᠪᠴᠠᠩ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠲᠦᠷᠭᠡᠳᠬᠡᠨ ᠠᠬᠢᠭᠤᠯᠤᠨ᠎ᠠ᠃ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠰᠢᠢᠳᠪᠦᠷᠢᠳᠦ ᠪᠤᠳᠤᠯᠭ᠎ᠠ ᠲᠣᠭᠲᠠᠭᠠᠬᠤ ᠪᠠ ᠵᠢᠯᠣᠭᠤᠳᠤᠨ ᠲᠣᠬᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠲᠠᠪᠴᠠᠩ ᠤᠨ ᠪᠠᠶᠢᠭᠤᠯᠤᠯᠲᠠ ᠨᠢ ᠲᠣᠰ ᠠᠵᠢᠯ ᠲᠥᠷᠥᠯ ᠪᠤᠶᠤ ᠲᠣᠰ ᠬᠦᠷᠢᠶ᠎ᠡ ᠴᠠᠷᠠᠭ᠎ᠠ ᠶᠢᠨ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠭᠥᠯᠢᠶᠡᠨ ᠠᠪᠴᠤ ᠰᠢᠢᠳᠪᠦᠷᠢᠯᠡᠬᠦ᠂ ᠮᠥᠷᠳᠡᠨ ᠬᠠᠷᠢᠭᠤ ᠲᠤᠰᠬᠠᠬᠤ ᠪᠠ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠵᠡᠷᠭᠡ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠭᠡᠨᠡᠳᠲᠡ ᠶᠢᠨ ᠬᠡᠷᠡᠭ ᠤᠨ ᠲᠤᠬᠠᠶ ᠶᠢᠨ ᠲᠠᠯᠠᠪᠤᠷ ᠤᠨ ᠵᠢᠷᠤᠭ ᠳᠦᠷᠰᠦ ᠶᠢ ᠳᠠᠮᠵᠢᠭᠤᠯᠬᠤ᠂ ᠬᠠᠷᠠᠭᠠᠨ ᠳᠠᠪᠲᠠᠮᠵᠢ ᠪᠠᠷ ᠵᠥᠪᠳᠡᠯᠴᠡᠬᠦ᠂ ᠵᠢᠯᠣᠭᠤᠳᠤᠨ ᠳᠣᠭᠢᠷᠠᠭᠤᠯᠬᠤ ᠴᠢᠳᠠᠮᠵᠢ ᠶᠢ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠶ᠃ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠪᠠ ᠰᠣᠯᠢᠯᠴᠠᠬᠤ ᠰᠢᠰᠲ᠋ᠧᠮ ᠢᠶᠠᠷ ᠳᠠᠮᠵᠢᠭᠤᠯᠤᠨ᠂ ᠰᠠᠯᠠᠭ᠎ᠠ ᠮᠥᠴᠢᠷ ᠤᠨ ᠬᠤᠭᠤᠷᠣᠨᠳᠣᠬᠢ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠲᠠᠪᠴᠠᠩ ᠤᠨ ᠶᠡᠷᠦᠩᠬᠡᠶᠢᠯᠡᠭᠰᠡᠨ ᠬᠡᠷᠡᠭᠯᠡᠭᠡᠨ ᠤ ᠰᠢᠰᠲ᠋ᠧᠮ ᠳᠤ ᠰᠠᠭᠤᠷᠢ ᠲᠤᠭ᠎ᠠ ᠪᠠᠷᠢᠮᠲᠠ ᠶᠢᠨ ᠲᠤᠯᠭᠠᠭᠤᠷᠢᠯᠠᠯ ᠤᠨ ᠪᠠᠲᠤᠯᠠᠭ᠎ᠠ ᠬᠠᠩᠭᠠᠨ᠎ᠠ᠃      ︵ᠲᠠᠪᠤ︶ ᠪᠠᠴᠢᠮ ᠪᠠᠶᠢᠳᠠᠯ ᠢ ᠠᠷᠭᠠᠴᠠᠬᠤ ᠮᠡᠳᠡᠭᠡ ᠵᠠᠩᠭᠢ ᠶᠢᠨ ᠡᠬᠢ ᠪᠠᠶᠠᠯᠢᠭ ᠤᠨ ︽ᠨᠢᠭᠡ ᠯᠡ ᠵᠢᠷᠤᠭ ᠲᠠᠢ ᠪᠠᠶᠢᠯᠭᠠᠬᠤ︾ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠬᠤ ᠮᠡᠳᠡᠭᠡ ᠵᠠᠩᠭᠢ ᠶᠢ ᠤᠯᠬᠤ ᠳᠤ ᠬᠦᠴᠢᠷ᠂ ᠵᠣᠬᠢᠶᠠᠨ ᠪᠠᠶᠢᠭᠤᠯᠬᠤ ᠳᠤ ᠬᠦᠴᠢᠷ᠂ ᠬᠠᠮᠲᠤᠪᠠᠷ ᠡᠳ᠋ᠯᠡᠬᠦ ᠳᠤ ᠬᠦᠴᠢᠷ ᠵᠡᠷᠭᠡ ᠬᠡᠷᠡᠭᠯᠡᠭᠡᠨ ᠤ ᠠᠰᠠᠭᠤᠳᠠᠯ ᠢ ᠰᠢᠢᠳᠪᠦᠷᠢᠯᠡᠨ᠎ᠡ᠃ ᠪᠥᠬᠦ ᠰᠢᠶᠠᠨ ᠤ ᠰᠠᠭᠤᠷᠢ ᠭᠠᠵᠠᠷ ᠵᠦᠶ ᠶᠢᠨ ᠮᠡᠳᠡᠭᠡ ᠵᠠᠩᠭᠢ ᠂ ᠠᠶᠤᠯ ᠲᠦᠭᠰᠢᠭᠦᠷᠢ ᠶᠢᠨ ᠳᠠᠯᠳᠠ ᠬᠡᠮ ᠤᠨ ᠮᠡᠳᠡᠭᠡ ᠵᠠᠩᠭᠢ᠂ ᠭᠤᠤᠯᠳᠠᠯᠭ᠎ᠠ ᠲᠠᠢ ᠰᠡᠷᠭᠡᠶᠢᠯᠡᠨ ᠬᠠᠮᠠᠭᠠᠯᠠᠬᠤ ᠬᠠᠷᠠᠯᠲᠠ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠩᠨᠡᠭᠡ᠂ ᠡᠳ᠋ ᠪᠣᠳᠠᠰ ᠵᠡᠷᠭᠡ ᠪᠠᠴᠢᠮ ᠪᠠᠶᠢᠳᠠᠯ ᠢ ᠠᠷᠭᠠᠴᠠᠬᠤ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠣᠷᠣᠨ ᠵᠠᠶ ᠶᠢ ᠡᠮᠬᠢᠯᠡᠨ ᠨᠡᠶᠢᠯᠡᠭᠦᠯᠵᠦ᠂ ᠰᠦᠯᠵᠢᠶᠡᠵᠢᠭᠰᠡᠨ ᠪᠠᠴᠢᠮ ᠪᠠᠶᠢᠳᠠᠯ ᠢ ᠠᠷᠭᠠᠴᠠᠬᠤ ᠮᠡᠳᠡᠭᠡ ᠵᠠᠩᠭᠢ ᠶᠢᠨ ᠡᠬᠢ ᠪᠠᠶᠠᠯᠢᠭ ᠤᠨ ︽ᠨᠢᠭᠡ ᠰᠦᠯᠵᠢᠶ᠎ᠡ︾ ᠶᠢ ᠪᠠᠶᠢᠭᠤᠯᠤᠨ᠂ ᠪᠠᠴᠢᠮ ᠪᠠᠶᠢᠳᠠᠯ ᠢ ᠠᠷᠭᠠᠴᠠᠬᠤ ᠮᠡᠳᠡᠭᠡ ᠵᠠᠩᠭᠢ ᠶᠢ ᠴᠤᠭᠯᠠᠭᠤᠯᠬᠤ ᠪᠠ ᠡᠮᠬᠢᠯᠡᠨ ᠨᠡᠶᠢᠯᠡᠭᠦᠯᠬᠦ᠂ ᠬᠠᠮᠲᠤ ᠪᠠᠷ ᠡᠳ᠋ᠯᠡᠬᠦ ᠪᠠ ᠦᠢᠯᠡᠴᠢᠯᠡᠬᠦ᠂ ᠰᠣᠷᠢᠯᠲᠠ ᠬᠢᠬᠦ ᠪᠠ ᠵᠥᠪᠳᠡᠯᠴᠡᠬᠦ ᠵᠡᠷᠭᠡ ᠲᠤᠬᠠᠶᠢᠯᠠᠭᠰᠠᠨ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃      ︵ᠵᠢᠷᠭᠤᠭ᠎ᠠ︶ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠴᠢᠳᠠᠪᠤᠷᠢ ᠶᠢ ᠴᠢᠩᠭᠠᠷᠠᠭᠤᠯᠬᠤ ᠬᠡᠷᠡᠭᠲᠡᠶ᠃ ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠳᠠᠭᠠᠭᠤᠯᠢ ᠤᠳᠤᠨ ᠤ ᠮᠡᠳᠡᠭᠡ ᠬᠤᠯᠪᠣᠭᠠᠨ ᠤ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠬᠤ ᠶᠢ ᠲᠦᠯᠬᠢᠨ ᠠᠬᠢᠭᠤᠯᠵᠤ᠂ ᠭᠡᠨᠡᠳᠲᠡ ᠶᠢᠨ ᠬᠡᠷᠡᠭ ᠤᠨ ᠲᠤᠬᠠᠶ ᠶᠢᠨ ᠭᠠᠵᠠᠷ ᠤᠨ ᠵᠢᠷᠤᠭ ᠳᠦᠷᠰᠦ ᠶᠢ ᠳᠠᠮᠵᠢᠭᠤᠯᠬᠤ᠂ ᠠᠪᠢᠶᠠᠨ ᠤ ᠮᠡᠳᠡᠭᠡ ᠬᠤᠯᠪᠣᠭ᠎ᠠ᠂ ᠬᠠᠷᠠᠭᠠᠨ ᠳᠠᠪᠲᠠᠮᠵᠢ ᠶᠢᠨ ᠬᠤᠷᠠᠯ ᠵᠡᠷᠭᠡ ᠪᠠᠴᠢᠮ ᠪᠠᠶᠢᠳᠠᠯ ᠢ ᠠᠷᠭᠠᠴᠠᠬᠤ ᠳᠠᠭᠠᠭᠤᠯᠢ ᠤᠳᠤᠨ ᠤ ᠮᠡᠳᠡᠭᠡ ᠬᠤᠯᠪᠣᠭᠠᠨ ᠤ ᠣᠯᠠᠨ ᠨᠡᠶᠢᠲᠡ ᠶᠢᠨ ᠴᠢᠮᠡᠭᠡ ᠬᠤᠯᠪᠣᠭᠠᠨ ᠤ ᠰᠦᠯᠵᠢᠶ᠎ᠡ ᠶᠢᠨ ᠣᠯᠠᠨ ᠬᠡᠯᠬᠢᠶ᠎ᠡ᠂ ᠣᠯᠠᠨ ᠵᠠᠩᠭᠢᠯᠠᠭ᠎ᠠ ᠶᠢᠨ ᠴᠡᠭ ᠪᠠ ᠵᠠᠩᠭᠢᠯᠠᠭ᠎ᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠣᠯᠠᠨ ᠭᠠᠷᠳᠠᠭ᠂ ᠠᠮᠠᠷᠬᠠᠨ ᠡᠭᠦᠰᠳᠡᠭ ᠵᠢᠴᠢ ᠪᠤᠰᠤᠳ ᠪᠠᠶᠢᠭᠠᠯᠢ ᠶᠢᠨ ᠭᠠᠮᠰᠢᠭ ᠤᠨ ᠭᠠᠵᠠᠷ ᠣᠷᠣᠨ᠂ ᠴᠢᠬᠤᠯᠠ ᠬᠤᠲᠠ ᠪᠠᠯᠭᠠᠰᠤ᠂ ᠭᠤᠤᠯᠳᠠᠯᠭ᠎ᠠ ᠲᠠᠢ ᠰᠡᠷᠭᠡᠶᠢᠯᠡᠨ ᠬᠠᠮᠠᠭᠠᠯᠠᠬᠤ ᠪᠡᠯᠡᠳᠬᠡᠮᠵᠢ ᠶᠢᠨ ᠡᠷᠬᠢᠨ ᠲᠣᠭᠤᠷᠢᠨ ᠤ ᠣᠷᠣᠨ ᠪᠦᠰᠡ ᠳᠤ ᠵᠣᠬᠢᠬᠤ ᠲᠤᠭ᠎ᠠ ᠬᠡᠮᠵᠢᠶᠡᠨ ᠤ ᠪᠠᠲᠤ ᠪᠠᠬᠢ ᠡᠪᠳᠡᠯᠡᠭᠡ ᠶᠢ ᠡᠰᠡᠷᠭᠦᠴᠡᠬᠦ᠂ ᠴᠠᠬᠢᠯᠭᠠᠨ ᠬᠠᠩᠭᠠᠬᠤ ᠬᠤᠤᠰ ᠨᠥᠭᠡᠴᠡ᠂ ᠭᠡᠷᠡᠯᠯᠢᠭ ᠳᠡᠭᠡᠰᠦᠨ ᠤ ᠳᠠᠭᠠᠭᠤᠯᠢ ᠣᠳᠣᠨ ᠤ ᠬᠤᠤᠰ ᠵᠠᠮᠨᠠᠭᠤᠷ ᠤᠨ ᠲᠠᠰ ᠠᠴᠠ ᠳᠠᠪᠠᠭᠰᠠᠨ ᠰᠠᠭᠤᠷᠢ ᠥᠷᠲᠡᠭᠡ ᠶᠢ ᠪᠥᠲᠥᠭᠡᠨ ᠪᠠᠶᠢᠭᠤᠯᠵᠤ᠂ ᠣᠯᠠᠨ ᠨᠡᠶᠢᠲᠡ ᠶᠢᠨ ᠴᠢᠮᠡᠭᠡ ᠬᠤᠯᠪᠣᠭ᠎ᠠ ᠶᠢᠨ ᠲᠣᠤᠷ ᠰᠦᠯᠵᠢᠶ᠎ᠡ ᠶᠢᠨ ᠭᠠᠮᠰᠢᠭ ᠢ ᠰᠡᠷᠭᠡᠶᠢᠯᠡᠬᠦ ᠪᠠ ᠡᠪᠳᠡᠯᠡᠭᠡ ᠶᠢ ᠡᠰᠡᠷᠭᠦᠴᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠶᠡᠷᠦᠩᠬᠡᠶᠢᠯᠡᠭᠰᠡᠨ ᠴᠢᠨᠠᠷᠲᠠᠶ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡᠨ  ᠤ ᠴᠢᠮᠡᠭᠡ ᠬᠤᠯᠪᠣᠭᠠᠨ  ᠤ ᠲᠤᠨᠤᠭ ᠲᠥᠬᠦᠭᠡᠷᠦᠮᠵᠢ ᠶᠢᠨ ᠪᠠᠲᠤᠯᠠᠭ᠎ᠠ ᠶᠢ ᠤᠯᠠᠮ ᠨᠢᠭᠡ ᠠᠯᠬᠤᠮ ᠪᠥᠷᠢᠨᠰᠢᠬᠦᠯᠥᠨ ᠲᠡᠭᠦᠯᠳᠡᠷᠵᠢᠭᠦᠯᠵᠦ᠂ ᠦᠨᠳᠦᠰᠦᠨ ᠱᠠᠲᠤᠨ  ᠤ ᠠᠪᠤᠷᠠᠨ ᠲᠤᠰᠠᠯᠠᠬᠤ ᠡᠩᠨᠡᠭᠡ ᠪᠣᠯᠤᠨ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠮᠵᠢ ᠳᠤ ᠪᠠᠴᠢᠮ ᠪᠠᠶᠢᠳᠠᠯ ᠢ ᠠᠷᠭᠠᠴᠠᠬᠤ ᠪᠠᠭ᠎ᠠ ᠬᠡᠯᠪᠡᠷᠢ ᠶᠢᠨ ᠳᠥᠭᠦᠮ ᠳᠥᠲᠡ ᠴᠢᠮᠡᠭᠡ ᠬᠤᠯᠪᠣᠭᠠᠨ  ᠤ ᠲᠥᠬᠦᠭᠡᠷᠦᠮᠵᠢ ᠶᠢ ᠲᠣᠬᠢᠷᠠᠭᠤᠯᠬᠤ ᠬᠡᠷᠡᠭᠲᠡᠶ᠃ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠲᠤᠬᠠᠶ ᠶᠢᠨ ᠲᠠᠯᠠᠪᠠᠶ ᠶᠢᠨ ᠷᠠᠳᠢᠣ᠋ ᠶᠢᠨ ᠳᠠᠪᠲᠠᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠣᠤᠷᠠᠬᠢ ᠶᠡᠭᠡ ᠬᠡᠮᠵᠢᠶᠡᠨ ᠤ ᠲᠤᠭ᠎ᠠ ᠪᠠᠷᠢᠮᠲᠠ᠂ ᠥᠨᠳᠥᠷ ᠪᠦᠰᠡ ᠶᠢᠨ ᠥᠷᠭᠡᠨ ᠬᠠᠷᠠᠭᠠᠨ ᠳᠠᠪᠲᠠᠮᠵᠢ ᠪᠠᠷ ᠳᠠᠮᠵᠢᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠤᠲᠠᠰᠤ ᠥᠬᠡᠶ ᠴᠢᠮᠡᠭᠡ ᠬᠤᠯᠪᠣᠭ᠎ᠠ ᠵᠡᠷᠭᠡ ᠲᠤᠬᠠᠶᠢᠯᠠᠭᠰᠠᠨ ᠠᠵᠢᠯ ᠤᠨ ᠬᠡᠷᠡᠭᠴᠡᠭᠡ ᠶᠢ ᠬᠠᠩᠭᠠᠨ᠎ᠠ᠃      ᠲᠠᠪᠤᠳᠤᠭᠠᠷ ᠪᠦᠯᠦᠭ ᠭᠤᠣᠯᠳᠠᠯᠭ᠎ᠠ ᠲᠠᠢ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠪᠠ ᠵᠦᠢᠯᠡᠰ      ᠨᠢᠭᠡ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠥᠪ  ᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ      ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠵᠢᠯᠣᠭᠤᠳᠬᠤ ᠮᠠᠨ ᠤ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠣᠳᠠᠲᠠᠶ ᠪᠠᠶᠢᠳᠠᠯ ᠳᠤ ᠰᠠᠭᠤᠷᠢᠯᠠᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠢᠯᠣᠭᠤᠳᠤᠨ ᠠᠪᠤᠷᠠᠨ ᠲᠤᠰᠠᠯᠠᠬᠤ᠂ ᠵᠥᠪᠳᠡᠯᠴᠡᠨ ᠰᠤᠳᠤᠯᠤᠨ ᠮᠠᠭᠠᠳᠯᠠᠬᠤ ᠵᠡᠷᠭᠡ ᠠᠵᠢᠯ ᠢ ᠲᠤᠯᠭᠠᠭᠤᠷᠢᠯᠠᠵᠤ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠥᠪ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠶᠢᠨ ᠲᠥᠯᠥᠭᠡ᠂ ᠪᠠᠴᠢᠮ ᠪᠠᠶᠢᠳᠠᠯ ᠢ ᠠᠷᠭᠠᠴᠠᠬᠤ ᠬᠡᠪ ᠤᠨ ᠪᠠᠶᠢᠳᠠᠯ ᠳᠣᠤᠷᠠᠬᠢ ᠡᠳᠦᠷ ᠲᠤᠲᠤᠮ ᠤᠨ ᠠᠮᠤᠷ ᠲᠦᠪᠰᠢᠨ ᠤ ᠬᠢᠨᠠᠨ ᠬᠡᠮᠵᠢᠯᠲᠡ᠂ ᠬᠠᠮᠢᠶᠠᠷᠤᠯᠲᠠ ᠶᠢᠨ ᠡᠵᠡᠮᠳᠡᠯ ᠪᠠ ᠬᠡᠪ ᠤᠨ ᠪᠤᠰᠤ ᠪᠠᠶᠢᠳᠠᠯ ᠳᠣᠤᠷᠠᠬᠢ ᠬᠥᠳᠡᠯᠦᠩᠭᠦᠶ ᠬᠢᠨᠠᠨ ᠬᠡᠮᠵᠢᠯᠲᠡ᠂ ᠵᠢᠯᠣᠭᠤᠳᠤᠨ ᠲᠣᠬᠢᠷᠠᠭᠤᠯᠬᠤ᠂ ᠬᠠᠮᠵᠢᠯᠴᠠᠨ ᠠᠪᠤᠷᠠᠨ ᠲᠤᠰᠠᠯᠠᠬᠤ ᠵᠡᠷᠭᠡ ᠲᠤᠬᠠᠶᠢᠯᠠᠭᠰᠠᠨ ᠠᠵᠢᠯ ᠢ ᠲᠤᠯᠭᠠᠭᠤᠷᠢᠯᠠᠨ᠎ᠠ᠃ ᠬᠤᠷᠠᠯ ᠤᠨ ᠬᠠᠷᠠᠭᠠᠨ ᠳᠠᠪᠲᠠᠮᠵᠢ ᠶᠢᠨ ᠰᠠᠭᠠᠳ ᠥᠬᠡᠶ ᠲᠣᠳᠣᠷᠬᠠᠶ ᠰᠢᠰᠲ᠋ᠧᠮ᠂ ᠲᠦᠷᠭᠡᠨ ᠪᠥᠭᠡᠳ ᠨᠠᠷᠢᠯᠢᠭ ᠣᠨᠣᠴᠠᠲᠠᠶ ᠳᠣᠭᠢᠷᠠᠭᠤᠯᠤᠨ ᠵᠢᠯᠣᠭᠤᠳᠬᠤ ᠰᠢᠰᠲ᠋ᠧᠮ᠂ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠰᠦᠯᠵᠢᠶ᠎ᠡ ᠪᠠᠷ ᠠᠯᠪᠠᠯᠠᠬᠤ ᠰᠢᠰᠲ᠋ᠧᠮ ᠢ ᠪᠠᠶᠢᠭᠤᠯᠤᠨ᠎ᠠ᠃      ᠬᠤᠶᠠᠷ᠂ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠡᠷᠡᠭᠯᠡᠭᠡᠨ ᠤ ᠲᠠᠪᠴᠠᠩ  ᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ      ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠡᠪ ᠤᠨ ᠪᠠᠶᠢᠳᠠᠯ᠂ ᠬᠡᠪ ᠤᠨ ᠪᠤᠰᠤ ᠪᠠᠶᠢᠳᠠᠯ ᠳᠣᠣᠷᠠᠬᠢ ᠬᠡᠷᠡᠭ ᠤᠨ ᠡᠮᠦᠨ᠎ᠡ᠂ ᠬᠡᠷᠡᠭ ᠤᠨ ᠡᠭᠦᠰᠬᠦ᠂ ᠬᠡᠷᠡᠭ ᠤᠨ ᠳᠤᠮᠳᠠ᠂ ᠬᠡᠷᠡᠭ ᠤᠨ ᠳᠠᠷᠠᠭᠠᠬᠢ ᠪᠦᠬᠦ ᠶᠠᠪᠤᠴᠠ ᠶᠢᠨ ᠲᠤᠬᠠᠶᠢᠯᠠᠭᠰᠠᠨ ᠠᠵᠢᠯ ᠳᠤ ᠰᠠᠭᠤᠷᠢᠯᠠᠨ᠂ ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠡᠷᠡᠭᠯᠡᠭᠡᠨ ᠤ ᠲᠠᠪᠴᠠᠩ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠬᠢᠨᠠᠯᠲᠠ ᠲᠠᠯᠪᠢᠵᠤ ᠬᠠᠮᠢᠶᠠᠷᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠵᠢᠯᠣᠭᠤᠳᠤᠨ ᠠᠪᠤᠷᠠᠨ ᠲᠤᠰᠠᠯᠠᠬᠤ᠂ ᠰᠢᠢᠳᠪᠦᠷᠢᠳᠦ ᠪᠤᠳᠤᠯᠭ᠎ᠠ ᠶᠢᠨ ᠳᠡᠮᠵᠢᠯᠭᠡ ᠪᠠ ᠵᠠᠰᠠᠭ ᠤᠨ ᠶᠠᠪᠤᠳᠠᠯ ᠤᠨ ᠬᠠᠮᠢᠶᠠᠷᠤᠯᠲᠠ ᠵᠡᠷᠭᠡ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠬᠡᠷᠡᠭᠯᠡᠯᠲᠡ ᠶᠢ ᠲᠤᠯᠭᠠᠭᠤᠷᠢᠯᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠵᠢᠯᠣᠭᠤᠳᠤᠨ ᠲᠣᠬᠢᠷᠠᠭᠤᠯᠬᠤ ᠪᠠ ᠵᠠᠰᠠᠭ ᠤᠨ ᠶᠠᠪᠤᠳᠠᠯ ᠤᠨ ᠨᠠᠷᠢᠯᠢᠭ ᠣᠨᠣᠴᠠᠲᠠᠶ ᠪᠠᠷ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃      ᠭᠤᠷᠪᠠ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ      ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠴᠢᠭᠯᠡᠯ᠂ ᠭᠤᠤᠯᠳᠠᠯᠭ᠎ᠠ ᠲᠠᠢ ᠡᠭᠦᠷᠭᠡ᠂ ᠭᠤᠤᠯᠳᠠᠯᠭ᠎ᠠ ᠲᠠᠢ ᠠᠷᠭ᠎ᠠ ᠪᠠᠷᠢᠯ᠂ ᠭᠤᠤᠯᠳᠠᠯᠭ᠎ᠠ ᠲᠠᠢ ᠬᠠᠷᠠᠯᠲᠠ ᠶᠢ ᠳᠣᠪᠤᠶᠢᠯᠭᠠᠨ᠂ ᠭᠠᠯ ᠤᠨ ᠠᠶᠤᠯ ᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ᠂ ᠭᠠᠯ ᠤᠨᠲᠠᠷᠠᠭᠠᠬᠤ ᠴᠢᠮᠡᠭᠡ ᠬᠤᠯᠪᠣᠭ᠎ᠠ ᠶᠢᠨ ᠵᠢᠯᠣᠭᠤᠳᠣᠯᠭ᠎ᠠ᠂ ᠡᠩᠨᠡᠭᠡ ᠶᠢᠨ ᠮᠠᠰᠢᠨ ᠪᠠᠭᠠᠵᠢ ᠲᠣᠨᠤᠭ ᠲᠥᠬᠦᠭᠡᠷᠦᠮᠵᠢ᠂ ᠡᠮᠦᠨ᠎ᠡ ᠲᠠᠯ᠎ᠠ ᠳᠤ ᠰᠡᠷᠭᠡᠶᠢᠯᠡᠨ ᠰᠠᠭᠤᠭ᠎ᠠ ᠴᠡᠷᠢᠭ ᠤᠨ ᠬᠤᠸᠠᠷᠠᠨ ᠵᠡᠷᠭᠡ ᠶᠢᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠲᠦᠷᠭᠡᠨ ᠳᠠᠭᠠᠬᠤ᠂ ᠰᠢᠨᠵᠢᠯᠡᠬᠦ ᠤᠬᠠᠭᠠᠨᠴᠢ ᠪᠠᠷ ᠵᠢᠯᠣᠭᠤᠳᠬᠤ᠂ ᠥᠨᠳᠥᠷ ᠦᠷ᠎ᠡ ᠪᠦᠲᠦᠮᠵᠢᠲᠡᠶ ᠪᠠᠷ ᠭᠠᠯ ᠤᠨᠲᠠᠷᠠᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠣᠰ ᠱᠠᠲᠤᠨ ᠤ ᠭᠠᠯ ᠤᠨ ᠠᠶᠤᠯ ᠤᠨ ᠰᠡᠷᠡᠮᠵᠢᠯᠡᠭᠦᠯᠦᠯ ᠢ ᠬᠠᠮᠲᠤᠪᠠᠷ ᠭᠥᠷᠳᠡᠬᠦ ᠲᠠᠪᠴᠠᠩ᠂ ᠠᠶᠤᠩᠭ᠎ᠠ ᠴᠠᠬᠢᠯᠭᠠᠨ ᠤ ᠰᠡᠷᠡᠮᠵᠢᠯᠡᠭᠦᠯᠦᠯ ᠢ ᠬᠠᠮᠲᠤᠪᠠᠷ ᠭᠥᠷᠳᠡᠬᠦ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠭᠠᠵᠠᠷ ᠤᠨ ᠭᠠᠯ ᠤᠨ ᠠᠶᠤᠯ ᠤᠨ ᠪᠠᠶᠢᠳᠠᠯ ᠢ ᠡᠵᠡᠮᠰᠢᠭᠰᠡᠨ ᠪᠠᠶᠢᠳᠠᠯ ᠪᠠ ᠵᠡᠷᠭᠡ ᠳᠡᠰ ᠢ ᠴᠠᠭ ᠲᠤᠬᠠᠶ ᠳᠤᠨᠢ ᠬᠠᠮᠲᠤᠪᠠᠷ ᠭᠥᠷᠳᠡᠨ᠎ᠡ᠃ ᠲᠣᠰ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠴᠢᠮᠡᠭᠡ ᠬᠤᠯᠪᠣᠭᠠᠨ ᠤ ᠵᠢᠯᠣᠭᠤᠳᠬᠤ ᠲᠣᠤᠷ ᠰᠦᠯᠵᠢᠶ᠎ᠡ ᠶᠢᠨ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠬᠡᠭᠡᠷ᠎ᠡ ᠭᠠᠳᠠᠨ᠎ᠠ ᠶᠡᠷᠦᠩᠬᠡᠶᠢᠯᠡᠭᠰᠡᠨ ᠴᠢᠮᠡᠭᠡ ᠬᠤᠯᠪᠣᠭᠠᠨ ᠤ ᠵᠢᠯᠣᠭᠤᠳᠬᠤ ᠲᠡᠷᠭᠡ ᠳᠣᠭᠢᠷᠠᠭᠤᠯᠤᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠮᠡᠭᠡ ᠬᠤᠯᠪᠣᠭᠠᠨ ᠤ ᠶᠡᠷᠦᠩᠬᠡᠶ ᠲᠣᠤᠷ ᠰᠦᠯᠵᠢᠶ᠎ᠡ ᠪᠠ ᠵᠢᠯᠣᠭᠤᠳᠬᠤ ᠰᠢᠰᠲ᠋ᠧᠮ ᠳᠤ ᠣᠷᠣᠭᠤᠯᠵᠤ᠂ ᠬᠠᠯᠠᠮᠰᠢᠯ ᠴᠡᠭ ᠤᠨ ᠪᠠᠶᠢᠷᠢ ᠲᠣᠭᠲᠠᠭᠠᠯᠲᠠ᠂ ᠭᠠᠯ ᠤᠨ ᠪᠠᠶᠢᠳᠠᠯ ᠤᠨ ᠪᠣᠳᠠᠲᠤ ᠪᠠᠶᠢᠳᠠᠯ ᠢ ᠳᠠᠮᠵᠢᠭᠤᠯᠬᠤ᠂ ᠭᠠᠯ ᠤᠨ ᠲᠠᠯᠠᠪᠠᠶ ᠶᠢ ᠵᠢᠷᠤᠭᠯᠠᠬᠤ᠂ ᠪᠠᠶᠢᠳᠠᠯ ᠢ ᠳᠠᠭᠤᠷᠢᠶᠠᠬᠤ᠂ ᠳᠣᠭᠢᠷᠠᠭᠤᠯᠤᠨ ᠬᠠᠮᠢᠶᠠᠷᠬᠤ᠂ ᠴᠢᠮᠡᠭᠡ ᠬᠤᠯᠪᠣᠭ᠎ᠠ ᠬᠤᠯᠪᠣᠭ᠎ᠠ ᠠᠪᠬᠤ᠂ ᠭᠠᠯ ᠤᠨᠲᠠᠷᠠᠭᠠᠬᠤ ᠵᠢᠯᠣᠭᠤᠳᠣᠯᠭ᠎ᠠ ᠶᠢ ᠨᠢᠭᠡ ᠴᠣᠠᠠᠴᠠᠵᠢᠭᠤᠯᠥᠠᠠᠰᠠᠨ ᠲᠣᠭᠠᠴᠢᠯᠠᠭᠰᠠᠨ᠂ ᠦᠵᠡᠭᠳᠡᠮᠡᠯ ᠵᠢᠯᠣᠭᠤᠳᠬᠤ ᠴᠢᠳᠠᠮᠵᠢ ᠶᠢ ᠪᠡᠶᠡᠯᠡᠭᠦᠯᠦᠨ᠎ᠡ᠃ ᠰᠢᠶᠠᠨ᠂ ᠰᠢᠶᠠᠩ ᠪᠠᠯᠭᠠᠰᠤ ᠬᠤᠶᠠᠷ ᠱᠠᠲᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡᠨ ᠤ ᠪᠥᠳᠥᠭᠡᠨ ᠪᠠᠶᠢᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠦᠨ᠂ ᠡᠩᠨᠡᠭᠡᠨ  ᠤ ᠬᠤᠸᠠᠷᠠᠨ ᠲᠣᠬᠢᠷᠠᠭᠤᠯᠤᠨ ᠪᠠᠶᠢᠭᠤᠯᠵᠤ᠂ ᠵᠣᠬᠢᠴᠠᠩᠭᠤᠶ ᠪᠥᠬᠦᠢ ᠮᠠᠰᠢᠨ ᠪᠠᠭᠠᠵᠢ᠂ ᠬᠡᠪ ᠤᠨ ᠲᠤᠨᠤᠭ ᠲᠥᠬᠦᠭᠡᠷᠦᠮᠵᠢ᠂ ᠲᠤᠮᠤ ᠬᠡᠯᠪᠡᠷᠢ ᠶᠢᠨ ᠲᠤᠨᠤᠭ ᠲᠥᠬᠦᠭᠡᠷᠦᠮᠵᠢ ᠬᠤᠳᠠᠯᠳᠤᠨ ᠠᠪᠬᠤ ᠬᠡᠷᠡᠭᠲᠡᠶ᠃ ᠪᠣᠳᠠᠲᠠᠶ ᠬᠡᠷᠡᠭᠴᠡᠭᠡ ᠪᠠᠨ ᠦᠨᠳᠦᠰᠦᠯᠡᠨ᠂ ᠭᠤᠤᠯᠳᠠᠯᠭ᠎ᠠ ᠲᠠᠢ ᠣᠶ ᠰᠢᠭᠤᠶ ᠮᠠᠯᠵᠢᠬᠤ ᠣᠷᠣᠨ ᠪᠤᠶᠤ ᠬᠢᠯᠢ ᠬᠢᠵᠠᠭᠠᠷ ᠣᠷᠣᠨ ᠳᠤ ᠰᠡᠷᠭᠡᠶᠢᠯᠡᠯᠲᠡ ᠶᠢᠨ ᠡᠮᠦᠨ᠎ᠡ ᠡᠩᠨᠡᠭᠡ ᠶᠢᠨ ᠨᠡᠭᠦᠳᠡᠯ ᠬᠤᠸᠠᠷᠠᠨ ᠢ ᠪᠥᠲᠥᠭᠡᠨ ᠪᠠᠶᠢᠭᠤᠯᠵᠤ᠂ ᠰᠡᠷᠭᠡᠶᠢᠯᠡᠯᠲᠡ ᠶᠢᠨ ᠡᠮᠦᠨ᠎ᠡ ᠡᠩᠨᠡᠭᠡ ᠶᠢᠨ ᠠᠵᠢᠯ᠂ ᠠᠮᠢᠳᠤᠷᠠᠯ ᠤᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ᠃      ᠳᠥᠷᠪᠡ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠦᠨᠳᠦᠰᠦᠨ ᠱᠠᠲᠤᠨ ᠤ ᠲᠣᠨᠤᠭ ᠲᠥᠬᠦᠭᠡᠷᠦᠮᠵᠢ ᠶᠢᠨ ᠴᠢᠳᠠᠪᠤᠷᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ      ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠴᠢᠳᠠᠪᠤᠷᠢ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ᠂ ᠰᠢᠢᠳᠪᠦᠷᠢᠳᠦ ᠪᠤᠳᠤᠯᠭ᠎ᠠ ᠲᠣᠭᠲᠠᠭᠠᠵᠤ ᠵᠢᠯᠣᠭᠤᠳᠬᠤ ᠴᠢᠳᠠᠪᠤᠷᠢ᠂ ᠦᠶᠡᠷ ᠢ ᠰᠡᠷᠭᠡᠶᠢᠯᠡᠨ ᠠᠶᠤᠯ ᠠᠴᠠ ᠠᠪᠤᠷᠠᠬᠤ ᠴᠢᠳᠠᠪᠤᠷᠢ᠂ ᠭᠠᠩ ᠲᠠᠢ ᠲᠡᠮᠡᠴᠡᠬᠦ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠵᠦ᠂ ᠦᠶᠡᠷ ᠢ ᠰᠡᠷᠭᠡᠶᠢᠯᠡᠨ ᠠᠮᠤᠷ ᠢ ᠬᠠᠮᠠᠭᠠᠯᠠᠬᠤ᠂ ᠭᠠᠩ ᠲᠠᠢ ᠲᠡᠮᠡᠴᠡᠬᠦ ᠤᠰᠤ ᠬᠠᠩᠭᠠᠬᠤ ᠴᠢᠳᠠᠪᠤᠷᠢ ᠶᠢ ᠲᠠᠬᠢᠨ ᠰᠢᠨ᠎ᠡ ᠲᠦᠪᠰᠢᠨ ᠳᠤ ᠬᠦᠷᠭᠡᠵᠦ᠂ ᠦᠶᠡᠷ ᠤᠰᠤᠲᠤᠯ ᠭᠠᠩ ᠤᠨ ᠭᠠᠮᠰᠢᠭ ᠠᠴᠠ ᠪᠣᠯᠤᠭᠰᠠᠨ ᠬᠥᠮᠦᠨ ᠤ ᠦᠬᠦᠯ ᠰᠢᠷᠬᠠᠲᠤᠯ ᠪᠠ ᠡᠳ᠋ ᠬᠦᠷᠦᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢ ᠦᠨᠡᠨ ᠬᠦ ᠪᠠᠲᠤᠯᠠᠨ᠎ᠠ᠃ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠡᠳ᠋ ᠪᠣᠳᠠᠰ ᠢ ᠨᠥᠭᠡᠴᠡᠯᠡᠨ ᠬᠠᠮᠢᠶᠠᠷᠬᠤ ᠲᠣᠭᠲᠠᠴᠠ ᠶᠢ ᠪᠠᠶᠢᠭᠤᠯᠤᠨ᠂ ᠡᠳ᠋ ᠪᠣᠳᠠᠰ ᠢ ᠲᠥᠯᠥᠪᠯᠡᠬᠦ᠂ ᠨᠥᠭᠡᠴᠡᠯᠡᠬᠦ᠂ ᠰᠢᠨᠡᠳᠬᠡᠬᠦ᠂ ᠲᠣᠬᠢᠷᠠᠭᠤᠯᠤᠨ ᠥᠭᠬᠦ᠂ ᠲᠣᠬᠢᠷᠠᠭᠤᠯᠤᠨ ᠬᠦᠷᠭᠡᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠬᠡᠷᠡᠭᠴᠡᠭᠡ ᠶᠢ ᠬᠠᠩᠭᠠᠨ᠎ᠠ᠃ ᠦᠨᠳᠦᠰᠦᠨ ᠱᠠᠲᠤᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠢᠶᠠᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠲᠥᠬᠦᠭᠡᠷᠦᠮᠵᠢ ᠶᠢᠨ ᠲᠤᠬᠢᠷᠠᠭᠤᠯᠤᠯᠳᠠ ᠶᠢ ᠨᠡᠩ ᠰᠢᠨᠵᠢᠯᠡᠬᠦ ᠤᠬᠠᠭᠠᠨᠴᠢ᠂ ᠬᠡᠷᠡᠭᠯᠡᠬᠦ ᠳᠤ ᠲᠣᠬᠢᠷᠠᠮᠵᠢᠲᠠᠶ᠂ ᠵᠦᠢ ᠵᠣᠬᠢᠰᠲᠠᠶ ᠪᠥᠭᠡᠳ ᠥᠨᠳᠥᠷ ᠪᠦᠲᠦᠮᠵᠢᠲᠡᠶ ᠪᠣᠯᠭᠠᠵᠤ᠂ ᠡᠭᠦᠨ ᠤ ᠤᠯᠠᠮ ᠠᠴᠠ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃      ᠲᠠᠪᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠤᠨ ᠲᠤᠯᠭᠠᠭᠤᠷᠢᠯᠠᠬᠤ ᠡᠩᠨᠡᠭᠡ ᠶᠢᠨ ᠪᠠᠶᠢᠭᠤᠯᠤᠯᠲᠠ ᠶᠢᠨ ᠲᠥᠷᠥᠯ ᠵᠦᠢᠯ      ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠥᠬᠦᠶ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠢᠴᠢ ᠬᠤᠲᠠ ᠶᠢᠨ ᠬᠡᠳᠦᠨ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠲᠤ ᠲᠦᠰᠢᠭᠯᠡᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠤᠨ ᠲᠤᠯᠭᠠᠭᠤᠷᠢᠯᠠᠬᠤ ᠡᠩᠨᠡᠭᠡ ᠶᠢᠨ ᠪᠠᠶᠢᠭᠤᠯᠤᠯᠲᠠ ᠶᠢ ᠲᠦᠷᠭᠡᠳᠬᠡᠨ᠎ᠡ᠃ ᠪᠠᠴᠢᠮ ᠪᠠᠶᠢᠳᠠᠯ ᠢ ᠠᠷᠭᠠᠴᠠᠬᠤ ᠲᠤᠰᠬᠠᠶ ᠮᠡᠷᠭᠡᠵᠢᠯᠲᠡᠨ ᠤ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ᠂ ᠣᠲᠣ ᠶᠢᠨ ᠪᠠᠶᠢᠭ᠎ᠠ ᠪᠠᠴᠢᠮ ᠪᠠᠶᠢᠳᠠᠯ ᠢ ᠠᠷᠭᠠᠴᠠᠬᠤ ᠲᠤᠰᠬᠠᠶ ᠮᠡᠷᠭᠡᠵᠢᠯᠲᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠪᠠᠶᠢᠭᠠᠯᠢ ᠶᠢᠨ ᠭᠠᠮᠰᠢᠭ᠂ ᠠᠳᠡᠯ ᠤᠨ ᠭᠠᠶ ᠭᠠᠮᠰᠢᠭ ᠵᠢᠴᠢ ᠶᠡᠷᠦᠩᠬᠡᠶᠢᠯᠡᠨ ᠬᠠᠮᠢᠶᠠᠷᠬᠤ ᠵᠡᠷᠭᠡ ᠬᠦᠷᠢᠶ᠎ᠡ ᠴᠠᠷᠠᠭ᠎ᠠ ᠶᠢᠨ ᠲᠤᠰᠬᠠᠶ ᠮᠡᠷᠭᠡᠵᠢᠯᠲᠡᠨ ᠡᠷᠳᠡᠮᠲᠡᠨ ᠪᠠ  ᠦᠢᠯᠡᠳᠦᠯᠭᠡ ᠶᠢᠨ ᠲᠤᠷᠰᠢᠯᠭ᠎ᠠ ᠪᠠᠷ ᠪᠠᠶᠠᠯᠢᠭ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯᠲᠠᠨ ᠢᠶᠠᠷ ᠪᠦᠷᠢᠯᠳᠦᠭᠰᠡᠨ ᠪᠠᠴᠢᠮ ᠪᠠᠶᠢᠳᠠᠯ ᠢ ᠠᠷᠭᠠᠴᠠᠬᠤ ᠲᠤᠰᠬᠠᠶ ᠮᠡᠷᠭᠡᠵᠢᠯ ᠤᠨ ᠲᠤᠯᠭᠠᠭᠤᠷᠢᠯᠠᠬᠤ ᠡᠩᠨᠡᠭᠡ ᠶᠢ ᠵᠣᠬᠢᠶᠠᠨ ᠪᠠᠶᠢᠭᠤᠯᠤᠨ᠎ᠠ᠃ ᠲᠤᠰᠬᠠᠶ ᠮᠡᠷᠭᠡᠵᠢᠯ ᠤᠨ ᠲᠤᠯᠭᠠᠭᠤᠷᠢᠯᠠᠬᠤ ᠡᠩᠨᠡᠭᠡ ᠶᠢᠨ ᠵᠦᠪᠯᠡᠭᠴᠢ᠂ ᠣᠶᠤᠨ ᠤ ᠤᠭᠤᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠰᠬᠠᠶ ᠮᠡᠷᠭᠡᠵᠢᠯ ᠤᠨ ᠡᠩᠨᠡᠭᠡ ᠶᠢᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠠᠪᠤᠷᠠᠨ ᠲᠤᠰᠠᠯᠠᠬᠤ᠂ ᠬᠡᠷᠡᠭ ᠶᠠᠪᠤᠳᠠᠯ ᠢ ᠪᠠᠶᠢᠴᠠᠭᠠᠵᠤ ᠦᠨᠡᠯᠡᠨ ᠵᠢᠱᠢᠬᠦ ᠶᠢᠨ ᠰᠢᠢᠳᠪᠦᠷᠢᠳᠦ ᠪᠣᠳᠣᠯᠭ᠎ᠠ ᠶᠢᠨ ᠯᠠᠪᠯᠠᠯᠭ᠎ᠠ ᠶᠢᠨ ᠲᠣᠭᠲᠠᠴᠠ ᠶᠢ ᠪᠠᠶᠢᠭᠤᠯᠤᠨ᠂ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠰᠢᠢᠳᠪᠦᠷᠢᠯᠡᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠤᠨ ᠡᠩᠨᠡᠭᠡ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠲᠤᠯᠭᠠᠭᠤᠷᠢᠯᠠᠬᠤ ᠪᠠᠶᠢᠷᠢᠰᠢᠯ ᠢ ᠲᠦᠷᠭᠡᠳᠬᠡᠨ ᠪᠣᠶ ᠪᠣᠯᠭᠠᠬᠤ ᠬᠡᠷᠡᠭᠲᠡᠶ᠃      ᠵᠢᠷᠭᠤᠳᠤᠭᠠᠷ ᠪᠦᠯᠦᠭ ᠪᠠᠲᠤᠯᠠᠭ᠎ᠠ ᠶᠢᠨ ᠠᠷᠭ᠎ᠠ ᠬᠡᠮᠵᠢᠶ᠎ᠡ      ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ      ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠢᠭᠡᠳᠦᠯᠲᠡᠶ ᠤᠳᠤᠷᠢᠳᠬᠤ᠂ ᠶᠡᠷᠦᠩᠬᠡᠶᠢᠯᠡᠨ ᠵᠣᠬᠢᠴᠠᠭᠤᠯᠬᠤ᠂ ᠲᠥᠷᠥᠯ ᠬᠤᠪᠢᠶᠠᠨ ᠬᠠᠮᠢᠶᠠᠷᠬᠤ᠂ ᠱᠠᠳᠤ ᠬᠤᠪᠢᠶᠠᠨ ᠬᠠᠷᠢᠭᠤᠴᠠᠬᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠪᠠᠷ ᠭᠤᠣᠯ ᠪᠣᠯᠭᠠᠭᠰᠠᠨ ᠶᠡᠷᠦᠩᠬᠡᠶ ᠱᠠᠭᠠᠷᠳᠠᠯᠭ᠎ᠠ ᠶᠣᠰᠣᠭᠠᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠤᠳᠤᠷᠢᠳᠬᠤ ᠪᠠᠶᠢᠭᠤᠯᠤᠮᠵᠢ᠂ ᠬᠡᠷᠡᠭ ᠡᠷᠬᠢᠯᠡᠬᠦ ᠪᠠᠶᠢᠭᠤᠯᠤᠮᠵᠢ ᠪᠣᠯᠤᠨ ᠠᠵᠢᠯ ᠤᠨ ᠪᠠᠶᠢᠭᠤᠯᠤᠮᠵᠢ ᠶᠢ ᠪᠥᠷᠢᠨᠰᠢᠬᠦᠯᠬᠦ ᠬᠡᠷᠡᠭᠲᠡᠶ᠃ ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ  ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠰᠢᠶᠠᠩ ᠪᠠᠯᠭᠠᠰᠤ᠂ ᠲᠤᠰ ᠰᠠᠯᠠᠭ᠎ᠠ ᠮᠥᠴᠢᠷ ᠤᠨ ᠵᠣᠬᠢᠴᠠᠩᠭᠤᠶ ᠪᠥᠳᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠤᠶᠤ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠵᠤ᠂ ᠡᠭᠦᠷᠭᠡ ᠪᠠᠨ ᠨᠠᠷᠢᠯᠢᠬᠵᠢᠭᠤᠯᠤᠨ᠂ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠲᠥᠯᠥᠪᠵᠢᠭᠦᠯᠭᠡ ᠶᠢᠨ ᠬᠠᠷᠠᠯᠲᠠ᠂ ᠪᠥᠳᠥᠭᠡᠨ ᠪᠠᠶᠢᠭᠤᠯᠤᠯᠲᠠ ᠶᠢᠨ ᠡᠭᠦᠷᠭᠡ ᠪᠣᠯᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠥᠬᠦ ᠲᠠᠯ᠎ᠠ ᠪᠠᠷ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃      ᠬᠤᠶᠠᠷ᠂ ᠬᠡᠷᠡᠭᠵᠢᠭᠦᠯᠬᠦ ᠲᠣᠭᠲᠠᠴᠠ ᠶᠢ ᠪᠥᠷᠢᠨᠰᠢᠬᠦᠯᠥᠨ᠎ᠡ      ᠰᠢᠰᠲ᠋ᠧᠮ ᠤᠨ ᠪᠠᠶᠢᠭᠤᠯᠤᠯᠲᠠ ᠶᠢᠨ ᠡᠭᠦᠷᠭᠡ ᠶᠢᠨ ᠶᠣᠰᠣᠭᠠᠷ᠂ ᠬᠡᠷᠡᠭᠵᠢᠭᠦᠯᠬᠦ ᠲᠥᠯᠥᠪᠯᠡᠭᠡ ᠪᠠᠨ ᠵᠢᠯ ᠳᠠᠷᠠᠭᠠᠯᠠᠨ ᠲᠣᠭᠲᠠᠭᠠᠬᠤ ᠶᠢᠨ ᠬᠠᠮᠲᠤ ᠭᠤᠣᠯᠳᠠᠯᠭ᠎ᠠ ᠲᠠᠢ ᠡᠭᠦᠷᠭᠡ ᠪᠠ ᠬᠠᠷᠠᠯᠲᠠ ᠪᠠᠨ ᠪᠡᠶᠡᠯᠡᠭᠦᠯᠦᠭᠰᠡᠨ ᠪᠠᠶᠢᠳᠠᠯ ᠤᠨ ᠲᠤᠬᠠᠶ ᠪᠠᠶᠢᠴᠠᠭᠠᠯᠲᠠ ᠪᠠᠨ ᠴᠢᠩᠭᠠᠳᠬᠠᠵᠤ᠂ ᠰᠢᠰᠲ᠋ᠧᠮ ᠤᠨ ᠪᠠᠶᠢᠭᠤᠯᠤᠯᠲᠠ ᠶᠢᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠲᠤᠰ ᠪᠡᠶ᠎ᠡ ᠶᠢᠨ ᠡᠭᠦᠷᠭᠡ ᠴᠢᠳᠠᠪᠤᠷᠢ ᠲᠠᠢ ᠪᠠᠨ ᠤᠶᠠᠯᠳᠤᠭᠤᠯᠤᠨ᠂  ᠰᠢᠰᠲ᠋ᠧᠮᠵᠢ ᠶᠢᠨ ᠪᠠᠶᠢᠭᠤᠯᠤᠯᠲᠠ ᠶᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠬᠠᠮᠢᠶ᠎ᠠ ᠪᠥᠬᠦᠢ ᠲᠥᠷᠥ ᠶᠢᠨ ᠪᠤᠳᠤᠯᠭ᠎ᠠ ᠶᠢ ᠴᠠᠭ ᠲᠤᠬᠠᠶ  ᠲᠤᠨᠢ ᠨᠡᠶᠢᠲᠡᠯᠡᠵᠦ᠂ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠦᠨ᠂ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠪᠠᠲᠤᠯᠠᠬᠤ ᠬᠡᠷᠡᠭᠲᠡᠶ᠃      ᠭᠤᠷᠪᠠ᠂ ᠵᠣᠬᠢᠴᠠᠭᠤᠯᠤᠨ ᠵᠣᠯᠭᠠᠭᠤᠯᠬᠤ ᠶᠢ ᠴᠢᠩᠭᠠᠳᠬᠠᠨ᠎ᠠ      ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠵᠣᠬᠢᠴᠠᠭᠤᠯᠬᠤ ᠪᠠ ᠵᠣᠯᠭᠠᠭᠤᠯᠬᠤ ᠲᠣᠭᠲᠠᠴᠠ ᠶᠢ ᠪᠠᠶᠢᠭᠤᠯᠤᠨ ᠪᠥᠷᠢᠨᠰᠢᠬᠦᠯᠵᠤ᠂ ᠲᠥᠯᠥᠪᠵᠢᠭᠦᠯᠭᠡ ᠶᠢᠨ ᠬᠤᠭᠤᠷᠣᠨᠳᠣᠬᠢ ᠵᠣᠯᠭᠠᠯᠴᠠᠭ᠎ᠠ ᠶᠢ ᠴᠢᠩᠭᠠᠳᠬᠠᠨ᠂ ᠡᠬᠢ ᠪᠠᠶᠠᠯᠢᠭ  ᠢ ᠵᠦᠢ ᠵᠣᠬᠢᠰᠲᠠᠶ ᠲᠣᠬᠢᠷᠠᠭᠤᠯᠵᠤ᠂ ᠳᠠᠪᠬᠤᠷᠳᠠᠭᠤᠯᠤᠨ ᠪᠥᠳᠥᠭᠡᠨ ᠪᠠᠶᠢᠭᠤᠯᠬᠤ ᠠᠴᠠ ᠵᠠᠶᠢᠯᠠᠰᠬᠢᠬᠦ ᠬᠡᠷᠡᠭᠲᠡᠶ᠃ ᠲᠥᠯᠥᠪᠵᠢᠭᠦᠯᠭᠡ ᠶᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠤᠭᠤᠷᠣᠨᠳᠣᠬᠢ᠂ ᠰᠢᠰᠲ᠋ᠧᠮ ᠬᠡᠰᠡᠭ ᠤᠨ ᠬᠤᠭᠤᠷᠣᠨᠳᠣᠬᠢ ᠵᠣᠬᠢᠴᠠᠭᠤᠯᠭ᠎ᠠ ᠵᠣᠯᠭᠠᠯᠴᠠᠭ᠎ᠠ ᠶᠢ ᠴᠢᠩᠭᠠᠳᠬᠠᠵᠤ᠂ ᠬᠠᠷᠢᠴᠠᠭ᠎ᠠ ᠶᠢ ᠰᠢᠯᠤᠭᠤᠳᠬᠠᠨ᠂ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ︔ ᠲᠥᠷᠥᠯ ᠵᠦᠢᠯ ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠪᠠ ᠲᠥᠷᠥᠯ ᠵᠦᠢᠯ ᠤᠨ ᠴᠣᠬᠤᠯᠠᠪᠤᠷᠢ ᠶᠢ ᠲᠦᠷᠭᠡᠬᠡᠨ ᠪᠡᠶᠡᠯᠡᠭᠦᠯᠬᠦ ᠪᠠᠷ ᠴᠢᠷᠮᠠᠶᠢᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠬᠤ ᠬᠡᠷᠡᠭᠲᠡᠶ᠃      ᠳᠥᠷᠪᠡ᠂ ᠰᠢᠯᠭᠠᠨ ᠬᠢᠨᠠᠵᠤ ᠦᠨᠡᠯᠡᠨ ᠵᠢᠱᠢᠬᠦ ᠶᠢ ᠬᠡᠷᠡᠭᠵᠢᠭᠦᠯᠦᠨ᠎ᠡ      ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠥᠯᠥᠪᠵᠢᠭᠦᠯᠭᠡ ᠶᠢ ᠬᠡᠷᠡᠭᠵᠢᠭᠦᠯᠬᠦ ᠬᠥᠳᠡᠯᠦᠩᠭᠦᠶ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢ ᠴᠠᠭ ᠲᠤᠬᠠᠶ ᠳᠤᠨᠢ ᠮᠥᠷᠳᠡᠵᠦ᠂ ᠱᠠᠭᠠᠷᠳᠠᠯᠭ᠎ᠠ ᠶᠣᠰᠣᠭᠠᠷ ᠲᠥᠯᠥᠪᠵᠢᠭᠦᠯᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠪᠠ ᠡᠴᠦᠰ ᠤᠨ ᠬᠤᠭᠤᠴᠠᠭᠠᠨ ᠤ ᠦᠨᠡᠯᠡᠨ ᠵᠢᠱᠢᠯᠲᠡ ᠬᠢᠵᠦ᠂ ᠲᠥᠯᠥᠪᠵᠢᠭᠦᠯᠭᠡ ᠶᠢ ᠨᠠᠶᠢᠳᠠᠪᠤᠷᠢᠵᠢᠭᠤᠯᠤᠭᠰᠠᠨ ᠵᠥᠷᠢᠶ᠎ᠡ ᠶᠢ ᠣᠨᠣᠪᠴᠢᠲᠠᠶ ᠡᠷᠢᠨ ᠣᠯᠵᠤ᠂ ᠬᠡᠷᠡᠭᠴᠡᠭᠡ ᠪᠠᠨ ᠦᠨᠳᠦᠰᠦᠯᠡᠨ ᠲᠥᠯᠥᠪᠵᠢᠭᠦᠯᠭᠡ ᠳᠤ ᠲᠤᠬᠢᠷᠠᠭᠤᠯᠤᠯᠳᠠ ᠪᠠ ᠨᠥᠬᠦᠪᠥᠷᠢ ᠬᠢᠬᠦ ᠬᠡᠷᠡᠭᠲᠡᠶ︔ ᠲᠥᠯᠥᠪᠵᠢᠭᠦᠯᠭᠡ ᠳᠤ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢ ᠴᠠᠭ ᠲᠤᠬᠠᠶ ᠳᠤᠨᠢ ᠬᠢᠨᠠᠨ ᠪᠠᠶᠢᠴᠠᠭᠠᠵᠤ᠂ ᠲᠥᠯᠥᠪᠵᠢᠭᠦᠯᠭᠡ ᠶᠢᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠪᠠ ᠭᠤᠣᠯᠳᠠᠯᠭ᠎ᠠ ᠲᠠᠢ ᠵᠦᠢᠯᠡᠰ ᠢ ᠪᠦᠬᠦ ᠲᠠᠯ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3