ᠰᠢᠶᠠᠨ ᠤ ᠳ᠋ᠢᠶᠠᠨ ᠽᠢ ᠪᠠᠯᠭᠠᠰᠤ ᠨᠠᠰᠤᠲᠠᠶᠢᠴᠤᠳ ᠲᠤ ᠰᠠᠶᠢᠨ ᠰᠠᠶᠢᠬᠠᠨ ᠢᠳᠡᠭᠡᠨ ᠤ ᠬᠡᠷᠡᠯ ᠭᠢᠯᠪᠠᠭ᠎ᠠ ᠶᠢ ᠪᠣᠶ ᠪᠣᠯᠭᠠᠪᠠ
ᠨᠡᠶᠢᠲᠡᠯᠡᠭᠰᠡᠨ ᠴᠠᠭ᠄
2024/1/29
     ᠡᠳᠦᠷ ᠤᠨ ᠭᠤᠷᠪᠠᠨ ᠴᠠᠭ ᠤᠨ ᠬᠤᠭᠤᠯᠠ ᠪᠣᠯ ᠶᠡᠷᠦ ᠠᠴᠠ ᠡᠳᠦᠷ ᠲᠤᠲᠤᠮ ᠤᠨ ᠪᠠᠭ᠎ᠠ ᠶᠠᠪᠤᠳᠠᠯ ᠮᠥᠨ᠂ ᠬᠠᠷᠢᠨ ᠴᠥᠭᠡᠨ ᠪᠤᠰᠤ ᠨᠠᠰᠤᠲᠠᠶᠢᠴᠤᠳ ᠤᠨ ᠰᠡᠳᠬᠢᠯ ᠤᠨ ᠶᠠᠪᠤᠳᠠᠯ ᠮᠥᠨ᠃ ᠰᠢᠩ ᠡᡁᠧ ᠰᠢᠶᠠᠨ ᠤ ᠳ᠋ᠢᠶᠠᠨ ᠽᠢ ᠪᠠᠯᠭᠠᠰᠤ ᠠᠴᠠ ᠰᠢ ᠸᠠᠨ ᠲᠣᠰᠬᠤᠨ ᠢᠶᠠᠷ ᠲᠤᠷᠰᠢᠯᠲᠠ ᠶᠢᠨ ᠴᠢᠬ ᠪᠣᠯᠭᠠᠵᠤ᠂ ᠨᠠᠰᠤᠲᠠᠶᠢᠴᠤᠳ ᠤᠨ ᠦᠢᠯᠡᠴᠢᠯᠡᠭᠡᠨ ᠤ ᠦᠷᠳᠡᠭᠡ ᠪᠠᠶᠢᠭᠤᠯᠵᠤ᠂ ᠨᠠᠰᠤᠲᠠᠶᠢᠴᠤᠳ ᠤᠨ ᠬᠤᠭᠤᠯᠠᠨ ᠭᠡᠷ ᠨᠡᠭᠡᠭᠡᠵᠦ᠂ ︽ᠤᠯᠠᠨ ᠲᠦᠮᠡᠨ ᠥᠪᠡᠷ ᠢᠶᠠᠨ ᠰᠦᠢᠳᠬᠡᠯ ᠲᠤᠰᠢᠶᠠᠬᠤ + ᠵᠠᠰᠠᠭ ᠤᠨ ᠣᠷᠳᠣᠨ ᠠᠴᠠ ᠨᠥᠬᠦᠪᠥᠷᠢ ᠥᠭᠬᠦ︾ ᠵᠠᠭᠪᠤᠷ ᠢ ᠬᠡᠷᠡᠭᠵᠢᠭᠦᠯᠵᠦ᠂ ᠲᠣᠰᠬᠤᠨ ᠤ ᠳᠣᠲᠣᠷᠠᠬᠢ ᠥᠨᠥᠴᠢᠨ ᠪᠡᠯᠪᠡᠰᠦᠨ᠂ ᠭᠡᠷ ᠲᠡᠭᠡᠨ ᠬᠤᠴᠣᠷᠤᠭᠰᠠᠨ᠂ ᠥᠨᠳᠥᠷ ᠨᠠᠰᠤᠲᠠᠢ ᠨᠠᠰᠤᠲᠠᠶᠢᠴᠤᠳ ᠤᠨ ᠬᠤᠭᠤᠯᠠ ᠢᠳᠡᠬᠦ ᠳᠤ ᠳᠥᠭᠦᠮ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠵᠦ ᠥᠭᠴᠡᠢ᠃      ᠳ᠋ᠢᠶᠠᠨ ᠽᠢ ᠪᠠᠯᠭᠠᠰᠤᠨ ᠤ ᠰᠢ ᠸᠠᠨ ᠲᠣᠰᠬᠤᠨ ᠤ ᠰᠢᠩ ᠾᠧ ᠰᠢᠶᠠᠨ ᠤ ᠡᠮᠦᠨᠡᠲᠦ ᠬᠡᠰᠡᠭ ᠲᠤ ᠪᠠᠶᠢᠷᠢᠯᠠᠵᠤ᠂ ᠰᠢᠶᠠᠨ ᠤ ᠬᠤᠳᠠ ᠠᠴᠠ 48 ᠺᠢᠯᠣᠮᠧᠲᠷ ᠵᠠᠶᠢᠲᠠᠢ᠂ ᠲᠣᠰᠬᠤᠨ ᠤ ᠳᠣᠲᠣᠷᠠᠬᠢ ᠪᠠᠶᠢᠩᠭᠤ ᠰᠠᠭᠤᠭ᠎ᠠ ᠡᠷᠦᠬᠡ 236 ᠡᠷᠦᠬᠡ 472 ᠬᠥᠮᠦᠨ ᠪᠠᠶᠢᠵᠤ᠂ ᠡᠭᠦᠨ ᠤ ᠳᠣᠲᠣᠷ᠎ᠠ 70 ᠨᠠᠰᠤᠨ ᠠᠴᠠ ᠳᠡᠭᠡᠭᠰᠢᠬᠢ ᠨᠠᠰᠤᠲᠠᠨ 110 ᠭᠠᠷᠤᠢ ᠬᠥᠮᠦᠨ ᠪᠤᠢ᠃      ᠦᠳᠡ ᠶᠢᠨ ᠬᠤᠭᠤᠯᠠᠨ ᠤ ᠴᠠᠭ ᠲᠤ᠂ ᠰᠢ ᠸᠠᠨ ᠲᠣᠰᠬᠤᠨ ᠤ ᠨᠠᠰᠤᠲᠠᠶᠢᠴᠤᠳ ᠤᠨ ᠦᠢᠯᠡᠴᠢᠯᠡᠭᠡᠨ ᠤ ᠦᠷᠳᠡᠭᠡ ᠳᠤ ᠣᠷᠣᠬᠤ ᠳᠤ᠂ ᠨᠠᠰᠤᠲᠠᠶᠢᠴᠤᠳ ᠬᠤᠭᠤᠯᠠ ᠠᠶᠠᠭᠠᠯᠠᠬᠤ ᠶᠢᠨ ᠳᠠᠭᠠᠤ ᠵᠣᠭᠤᠭ ᠵᠣᠭᠤᠭᠳᠠᠬᠤ ᠳᠤ᠂ ᠬᠠᠵᠠᠭᠤ ᠶᠢᠨ ᠠᠵᠢᠯᠲᠠᠳ ᠨᠢ ᠰᠠᠶ᠋ᠢᠬᠠᠨ ᠲᠣᠭᠤᠭᠠᠨ ᠠᠴᠠ ᠭᠠᠷᠤᠭᠰᠠᠨ ᠬᠤᠭᠤᠯᠠ ᠪᠠᠨ ᠬᠤᠭᠤᠯᠠᠨ ᠰᠢᠷᠡᠭᠡᠨ ᠳᠡᠭᠡᠷ᠎ᠡ ᠲᠠᠯᠪᠢᠬᠤ ᠪᠠᠷ ᠶᠠᠭᠠᠷᠠᠯᠳᠤᠵᠤ᠂ ᠮᠠᠨᠲᠠᠤ᠂ ᠮᠢᠶᠠᠨᠲ᠋ᠢᠶᠣᠤᠷ᠂ ᠬᠦᠢᠳᠡᠨ ᠨᠣᠭᠤᠭ᠎ᠠ ᠵᠡᠷᠭᠡ ᠶᠢ ᠬᠠᠭᠤᠷᠤᠨ᠎ᠠ ᠁ ᠡᠶᠢᠮᠦᠷᠬᠦ ᠪᠠᠶᠢᠳᠠᠯ ᠢ ᠡᠳᠦᠷ ᠪᠦᠷᠢ ᠣᠯᠵᠤ ᠬᠠᠷᠠᠨ᠎ᠠ᠂ ︽ᠬᠤᠭᠤᠯᠠᠨ ᠭᠡᠷ ᠤᠨ ᠪᠠᠭ᠎ᠠ ᠴᠤᠭᠯᠠᠭᠠᠨ︾ ᠨᠢ ᠨᠢᠭᠡᠨᠲᠡ ᠲᠡᠳᠡᠨ ᠤ ᠡᠳᠦᠷ ᠪᠦᠷᠢ ᠶᠢᠨ ᠵᠠᠩᠰᠢᠯ ᠪᠣᠯᠤᠭᠰᠠᠨ ᠪᠠᠶᠢᠨ᠎ᠠ᠃      ᠨᠠᠰᠤᠲᠠᠶᠢᠴᠤᠳ ᠤᠨ ᠬᠤᠭᠤᠯᠠᠨ ᠬᠡᠷ ᠢ ᠪᠠᠶᠢᠭᠤᠯᠤᠭᠰᠠᠨ ᠨᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ︽ᠵᠣᠯ ᠵᠢᠷᠭᠠᠯᠲᠤ ᠭᠠᠵᠠᠷ︾ ᠢ ᠦᠨᠡᠨ ᠬᠦ ᠪᠣᠶ ᠪᠣᠯᠭᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ︽ᠬᠤᠯᠪᠣᠯᠳᠤᠭᠰᠠᠨ ᠬᠥᠭᠦᠷᠭᠡ︾ ᠶᠢ ᠴᠣᠭᠴᠠᠯᠠᠭᠰᠠᠨ ᠪᠠᠶᠢᠨ᠎ᠠ᠃ ᠣᠳᠣᠬᠠᠨ ᠳᠤ ᠲᠣᠰᠬᠤᠨ ᠤ ᠣᠯᠠᠩᠬᠢ ᠨᠠᠰᠤᠲᠠᠶᠢᠴᠤᠳ ᠤᠨ ᠦᠷ᠎ᠡ ᠬᠡᠦᠬᠡᠳ ᠨᠢ ᠪᠦᠷ ᠭᠠᠳᠠᠨ᠎ᠠ ᠬᠥᠯᠥᠰᠥᠨ ᠠᠵᠢᠯ ᠬᠢᠵᠦ ᠪᠠᠶᠢᠨ᠎ᠠ᠂ ᠦᠨᠳᠦᠰᠦᠨ ᠳᠡᠭᠡᠨ ᠪᠦᠷ ᠬᠤᠭᠤᠯᠠ ᠪᠠᠵᠠᠭᠠᠬᠤ ᠳᠤᠷ᠎ᠠ ᠦᠭᠡᠢ᠂ ᠨᠢᠭᠡ ᠠᠮᠠ ᠬᠤᠭᠤᠯᠠ ᠪᠠᠵᠠᠭᠠᠬᠤ ᠪᠤᠶᠤ ᠨᠠᠰᠤ ᠠᠬᠢᠴᠢᠬᠠᠭᠠᠳ ᠬᠤᠭᠤᠯᠠ ᠪᠠᠵᠠᠭᠠᠬᠤ ᠦᠭᠡᠢ ᠵᠡᠷᠭᠡ ᠪᠠᠶᠢᠳᠠᠯ ᠢᠯᠡᠷᠡᠵᠡᠢ᠂ ᠨᠠᠰᠤᠲᠠᠶᠢᠴᠤᠳ ᠤᠨ ᠬᠤᠭᠤᠯᠠᠨ ᠭᠡᠷ ᠪᠠᠶᠢᠭᠤᠯᠬᠤ ᠶᠢᠨ ᠤᠭ ᠰᠠᠨᠠᠭ᠎ᠠ ᠪᠣᠯ ᠳᠠᠷᠤᠢ ᠲᠣᠰᠬᠤᠨ ᠤ ᠨᠠᠰᠤᠲᠠᠶᠢᠴᠤᠳ ᠤᠨ ᠬᠤᠭᠤᠯᠠ ᠢᠳᠡᠬᠦ ᠳᠤ ᠳᠥᠭᠦᠮ ᠦᠭᠡᠢ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠵᠦ ᠥᠭᠬᠦ ᠶᠢᠨ ᠲᠥᠯᠥᠭᠡ ᠶᠤᠮ᠂ ᠬᠡᠳᠦ᠋ᠢᠪᠡᠷ ᠨᠠᠰᠤᠲᠠᠶᠢᠴᠤᠳ ᠤᠨ ᠬᠤᠭᠤᠯᠠᠨ ᠭᠡᠷ ᠤᠨ ᠨᠢᠭᠡ ᠴᠠᠭ ᠤᠨ ᠬᠤᠭᠤᠯᠠ ᠬᠦᠨᠡᠰᠦ ᠨᠢ ᠦᠵᠡᠬᠦ ᠳᠤ ᠮᠠᠰᠢ ᠳᠥᠭᠦᠮᠬᠡᠨ ᠪᠣᠯᠪᠠᠴᠤ ᠡᠳᠡᠭᠡᠷ ᠨᠠᠰᠤᠲᠠᠶᠢᠴᠤᠳ ᠲᠤ ᠠᠪᠴᠤ ᠬᠡᠯᠡᠪᠡᠯ ᠬᠠᠷᠢᠨ ᠨᠢᠭᠡ ᠵᠦᠢᠯ ᠤᠨ ᠬᠠᠶᠢᠷ᠎ᠠ ᠬᠠᠯᠠᠮᠵᠢ᠂ ᠨᠢᠭᠡ ᠵᠦᠢᠯ ᠤᠨ ᠬᠠᠶᠢᠷ᠎ᠠ ᠬᠠᠯᠠᠮᠵᠢ ᠪᠣᠯᠬᠤ ᠶᠤᠮ᠃               ᠢᠷᠡᠯᠲᠡ᠄ ᠳ᠋ᠢᠶᠠᠨ ᠽᠢ ᠪᠠᠯᠭᠠᠰᠤ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3