ᠴᠠᠭ | 2024-01-29 | ᠬᠦᠨᠳᠦᠲᠦ ᠵᠣᠴᠢᠨ | ᠰᠢᠩ ᠾᠧ ᠰᠢᠶᠠᠨ ᠤ ᠬᠠᠤᠯᠢ ᠴᠠᠭᠠᠵᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠣᠪᠴᠢᠶᠠᠨ ᠳᠠᠷᠤᠭ᠎ᠠ ᠵᠠᠩ ᠰᠢᠶᠤᠤ ᠬᠤᠩ | ᠲᠣᠪᠴᠢᠯᠠᠯ | ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠵᠤ ᠥᠷᠨᠢᠭᠦᠯᠦᠭᠰᠡᠨ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯᠯᠠᠭ᠎ᠠ ᠳᠤ ᠮᠠᠨ ᠤ ᠰᠢᠶᠠᠨ ᠥᠪᠡᠷᠲᠡᠭᠡᠨ ᠵᠠᠰᠠᠬᠤ | ᠣᠷᠣᠨ ᠤ ᠱᠠᠲᠤᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠵᠢᠱᠢᠶ᠎ᠡ ᠦᠵᠡᠭᠦᠯᠬᠦ ᠰᠢᠶᠠᠨ ᠭᠡᠬᠦ ᠢᠷᠠᠭᠤ | ᠠᠯᠳᠠᠷᠲᠤ ᠴᠣᠯᠠ ᠶᠢ ᠣᠯᠤᠭᠰᠠᠨ ᠪᠠᠶᠢᠨ᠎ᠠ᠃ ᠥᠨᠥᠳᠦᠷ ᠪᠢᠳᠡ ᠰᠢᠶᠠᠨ ᠤ ᠬᠠᠤᠯᠢ ᠴᠠᠭᠠᠵᠠ ᠶᠢᠨ ᠲᠣᠪᠴᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠰᠢᠶᠤᠤ ᠬᠤᠩ ᠨᠥᠬᠦᠷ ᠢ | ᠲᠤᠰᠬᠠᠶᠢᠯᠠᠨ ᠤᠷᠢᠵᠤ ᠡᠨᠡ ᠤᠳᠠᠭᠠᠨ ᠤ ᠰᠤᠷᠪᠤᠯᠵᠢᠯᠠᠭ᠎ᠠ ᠳᠤ ᠣᠷᠣᠯᠴᠠᠭᠤᠯᠵᠤ᠂ ᠲᠡᠭᠦᠨ ᠢᠶᠠᠷ ᠮᠠᠨ ᠤ ᠰᠢᠶᠠᠨ ᠤ | ᠬᠤᠶᠢᠰᠢᠳᠠ ᠶᠢᠨ ᠡᠯ᠎ᠡ ᠵᠦᠢᠯ ᠤᠨ ᠠᠵᠢᠯ ᠢ ᠠᠮᠵᠢᠯᠲᠠ ᠲᠠᠢ ᠪᠠᠷ ᠡᠭᠦᠳᠦᠨ ᠪᠠᠶᠢᠭᠤᠯᠬᠤ ᠶᠢᠨ ᠢᠳᠡᠪᠬᠢᠲᠡᠶ ᠠᠴᠢ | ᠬᠤᠯᠪᠣᠭᠳᠠᠯ ᠢ ᠶᠠᠷᠢᠭᠤᠯᠵᠤ ᠥᠭᠬᠦ ᠶᠢ ᠬᠦᠰᠡᠵᠡᠶ᠃ | ᠣᠳᠣᠬᠠᠨ ᠳᠤ ᠰᠢᠩ ᠡᡁᠧ ᠰᠢᠶᠠᠨ ᠨᠢᠭᠡᠨᠲᠡ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠠᠤᠯᠢᠵᠢᠯ ᠤᠨ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠠᠮᠵᠢᠯᠲᠠ ᠲᠠᠢ ᠡᠭᠦᠳᠦᠨ ᠪᠠᠶᠢᠭᠤᠯᠪᠠ᠂ | ᠥᠨᠥᠳᠦᠷ ᠪᠢᠳᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠩ ᠡᡁᠧ ᠰᠢᠶᠠᠨ ᠤ ᠬᠤᠷᠢᠶ᠎ᠡ ᠶᠢᠨ ᠪᠦᠬᠦ | ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠵᠥᠪᠯᠡᠯ ᠤᠨ ᠠᠯᠪᠠᠨ ᠭᠡᠷ ᠤᠨ ᠳᠡᠳ᠋ ᠡᠷᠬᠢᠯᠡᠭᠴᠢ᠂ ᠰᠢᠶᠠᠨ ᠤ ᠬᠠᠤᠯᠢ | ᠴᠠᠭᠠᠵᠠ ᠶᠢᠨ ᠲᠤᠪᠴᠢᠶ᠎ᠡ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ | ᠰᠢᠶᠤᠤ ᠬᠤᠩ ᠨᠥᠬᠦᠷ ᠢ ᠣᠨᠴᠠᠭᠠᠶᠢᠯᠠᠨ ᠤᠷᠢᠵᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠲᠠᠯ᠎ᠠ ᠪᠠᠷ ᠬᠢ ᠬᠤᠯᠪᠣᠭᠳᠠᠯ ᠪᠦᠬᠦᠢ ᠮᠡᠳᠡᠯᠭᠡ ᠶᠢ ᠪᠢᠳᠡᠨ ᠳᠤ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠲᠠᠯ᠎ᠠ ᠶᠢᠨ ᠬᠠᠮᠢᠶ᠎ᠠ ᠪᠦᠬᠦᠢ ᠮᠡᠳᠡᠯᠭᠡ ᠶᠢ ᠲᠠᠶᠢᠯᠪᠤᠷᠢᠯᠠᠵᠤ ᠥᠭᠭᠦᠨ᠎ᠡ᠃ | 【 ᠰᠤᠷᠪᠤᠯᠵᠢᠯᠠᠭᠴᠢ 】 ᠵᠠᠩ ᠲᠣᠪᠴᠢᠶᠠᠨ ᠳᠠᠷᠤᠭ᠎ᠠ ᠠ᠂ ᠡᠨᠡ ᠵᠢᠯ ᠮᠠᠨ ᠤ ᠰᠢᠶᠠᠨ ᠥᠪᠡᠷᠲᠡᠭᠡᠨ ᠵᠠᠰᠠᠬᠤ | ᠣᠷᠣᠨ ᠤ ᠱᠠᠲᠤᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠰᠢᠶᠠᠨ ᠢ ᠠᠮᠵᠢᠯᠲᠠ ᠲᠠᠢ ᠡᠭᠦᠳᠦᠨ ᠪᠠᠶᠢᠭᠤᠯᠪᠠ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ ᠭᠡᠭᠴᠢ ᠶᠠᠭᠤ ᠪᠣᠯᠬᠤ ᠶᠢ ᠲᠠ | ᠪᠢᠳᠡᠨ ᠳᠤ ᠪᠣᠳᠠᠲᠠᠶ ᠶᠠᠷᠢᠭᠠᠳ ᠥᠭᠭᠦᠨ᠎ᠡ ᠤᠤ︖ | 【 ᠵᠠᠩ ᠰᠢᠶᠤᠤ ᠬᠤᠩ 】 ᠥᠪᠡᠷᠲᠡᠭᠡᠨ ᠵᠠᠰᠠᠬᠤ ᠣᠷᠣᠨ ᠤ ᠲᠠᠰ ᠤᠨ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠮᠠᠨ ᠤ ᠣᠷᠣᠨ | 2023 ᠣᠨ ᠤ 3 ᠰᠠᠷ᠎ᠠ ᠳᠤ ᠡᠬᠢᠯᠡᠭᠦᠯᠦᠭᠰᠡᠨ ᠶᠤᠮ᠂ ᠡᠭᠦᠨ ᠤ ᠵᠣᠷᠢᠯᠭ᠎ᠠ ᠨᠢ ᠲᠥᠪ ᠤᠨ ᠬᠠᠤᠯᠢ ᠶᠣᠰᠣᠭᠠᠷ | ᠤᠯᠤᠰ ᠢᠶᠠᠨ ᠵᠠᠰᠠᠬᠤ ᠠᠯᠪᠠᠨ ᠬᠡᠷ ᠤᠨ 2019 ᠣᠨ ᠳᠤ ᠡᠬᠢᠯᠡᠭᠦᠯᠦᠭᠰᠡᠨ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠭᠠᠵᠠᠷ ᠣᠷᠣᠨ ᠢ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ | ᠠᠵᠢᠯ ᠢ ᠳᠠᠭᠠᠵᠤ᠂ 2035 ᠣᠨ ᠳᠤ ᠬᠠᠤᠯᠢ ᠪᠠᠷ ᠵᠠᠰᠠᠬᠤ ᠤᠯᠤᠰ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ | ᠬᠠᠤᠯᠢ ᠪᠠᠷ ᠵᠠᠰᠠᠬᠤ ᠨᠡᠶᠢᠭᠡᠮ ᠢ ᠦᠨᠳᠦᠰᠦᠨ ᠳᠡᠭᠡᠨ ᠪᠠᠶᠢᠭᠤᠯᠤᠨ ᠪᠦᠲᠦᠭᠡᠬᠦ ᠲᠡᠮᠡᠴᠡᠯ ᠤᠨ ᠬᠠᠷᠠᠯᠲᠠ ᠶᠢ | ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢᠨ ᠲᠥᠯᠥᠭᠡ ᠶᠤᠮ᠃ | 【 ᠰᠤᠷᠪᠤᠯᠵᠢᠯᠠᠭᠴᠢ 】 ᠣᠳᠣᠬᠠᠨ ᠳᠤ ᠪᠥᠬᠦ ᠨᠡᠶᠢᠭᠡᠮ ᠢᠶᠠᠷ ᠢᠶᠠᠨ ᠴᠥᠮ ᠬᠠᠤᠯᠢ ᠪᠠᠷ ᠵᠠᠰᠠᠬᠤ ᠵᠠᠰᠠᠭ ᠤᠨ | ᠣᠷᠳᠣᠨ᠂ ᠬᠠᠤᠯᠢ ᠪᠠᠷ ᠵᠠᠰᠠᠬᠤ ᠨᠡᠶᠢᠭᠡᠮ ᠪᠠ ᠬᠠᠤᠯᠢ ᠪᠠᠷ ᠵᠠᠰᠠᠬᠤ ᠤᠯᠤᠰ ᠢ ᠰᠠᠨᠠᠭᠠᠴᠢᠯᠠᠵᠤ ᠪᠠᠶᠢᠨ᠎ᠠ᠃ ᠲᠡᠭᠡᠪᠡᠯ | ᠵᠠᠩ ᠲᠣᠪᠴᠢᠶᠠᠨ ᠳᠠᠷᠤᠭ᠎ᠠ ᠠᠴᠠ ᠠᠰᠠᠭᠤᠶ᠎ᠠ᠂ ᠡᠨᠡ ᠭᠤᠷᠪᠠ ᠶᠢᠨ ᠬᠠᠷᠢᠴᠠᠭ᠎ᠠ ᠨᠢ ᠶᠠᠭᠤ ᠪᠤᠢ︖ | 【 ᠵᠠᠩ ᠰᠢᠶᠤᠤ ᠬᠤᠩ 】 ᠭᠤᠷᠪᠠᠭᠤᠯᠠ ᠪᠠᠨ ᠲᠣᠰ ᠲᠣᠰ ᠤᠨ ᠭᠤᠤᠯᠳᠠᠯᠭ᠎ᠠ ᠲᠠᠢ ᠪᠠᠶᠢᠵᠤ᠂ ᠬᠠᠷᠢᠯᠴᠠᠨ | ᠨᠥᠬᠦᠴᠡᠯᠳᠦᠵᠦ ᠪᠠᠶᠢᠳᠠᠭ᠂ ᠬᠠᠤᠯᠢ ᠪᠠᠷ ᠵᠠᠰᠠᠬᠤ ᠤᠯᠤᠰ ᠢ ᠪᠥᠲᠥᠭᠡᠨ ᠪᠠᠶᠢᠭᠤᠯᠬᠤ ᠪᠣᠯ ᠬᠠᠤᠯᠢ ᠪᠠᠷ ᠵᠠᠰᠠᠬᠤ | ᠵᠠᠰᠠᠭ ᠤᠨ ᠣᠷᠳᠣᠨ ᠢ ᠪᠥᠲᠥᠭᠡᠨ ᠪᠠᠶᠢᠭᠤᠯᠬᠤ ᠶᠢᠨ ᠤᠷᠢᠲᠠᠯ ᠮᠥᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ | ᠪᠥᠲᠥᠭᠡᠨ ᠪᠠᠶᠢᠭᠤᠯᠬᠤ ᠪᠣᠯ ᠬᠠᠤᠯᠢ ᠪᠠᠷ ᠵᠠᠰᠠᠬᠤ ᠤᠯᠤᠰ ᠢ ᠪᠥᠲᠥᠭᠡᠨ ᠪᠠᠶᠢᠭᠤᠯᠬᠤ ᠶᠢᠨ ᠵᠠᠩᠭᠢᠯᠠᠭ᠎ᠠ ᠮᠥᠨ︔ | ᠬᠠᠤᠯᠢ ᠪᠠᠷ ᠵᠠᠰᠠᠬᠤ ᠤᠯᠤᠰ ᠢ ᠪᠦᠳᠦᠭᠡᠨ ᠪᠠᠶᠢᠭᠤᠯᠬᠤ ᠪᠣᠯ ᠬᠠᠤᠯᠢ ᠪᠠᠷ ᠵᠠᠰᠠᠬᠤ ᠨᠡᠶᠢᠭᠡᠮ ᠢ ᠪᠦᠳᠦᠭᠡᠨ | ᠪᠠᠶᠢᠭᠤᠯᠬᠤ ᠶᠢᠨ ᠰᠠᠭᠤᠷᠢ ᠮᠥᠨ᠂ ᠬᠠᠤᠯᠢ ᠪᠠᠷ ᠵᠠᠰᠠᠬᠤ ᠨᠡᠶᠢᠭᠡᠮ ᠢ ᠪᠦᠳᠦᠭᠡᠨ ᠪᠠᠶᠢᠭᠤᠯᠬᠤ ᠪᠣᠯ ᠬᠠᠤᠯᠢ ᠪᠠᠷ | ᠵᠠᠰᠠᠬᠤ ᠤᠯᠤᠰ ᠢ ᠪᠦᠳᠦᠭᠡᠨ ᠪᠠᠶᠢᠭᠤᠯᠬᠤ ᠶᠢᠨ ᠨᠥᠬᠦᠴᠡᠯ ᠮᠥᠨ︔ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ | ᠪᠠᠶᠢᠭᠤᠯᠬᠤ ᠪᠣᠯ ᠬᠠᠤᠯᠢ ᠪᠠᠷ ᠵᠠᠰᠠᠬᠤ ᠨᠡᠶᠢᠭᠡᠮ ᠢ ᠪᠠᠶᠢᠭᠤᠯᠬᠤ ᠶᠢᠨ ᠪᠠᠲᠤᠯᠠᠭ᠎ᠠ ᠮᠥᠨ᠂ ᠬᠠᠤᠯᠢ ᠪᠠᠷ ᠵᠠᠰᠠᠬᠤ | ᠨᠡᠶᠢᠭᠡᠮ ᠢ ᠪᠠᠶᠢᠭᠤᠯᠬᠤ ᠪᠣᠯ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠶᠢᠨ ᠬᠠᠷᠠᠯᠲᠠ ᠮᠥᠨ᠃ | 【 ᠰᠤᠷᠪᠤᠯᠵᠢᠯᠠᠭᠴᠢ 】 ᠵᠠᠩ ᠲᠣᠪᠴᠢᠶᠠᠨ ᠳᠠᠷᠤᠭ᠎ᠠ ᠠᠴᠠ ᠠᠰᠠᠭᠤᠬᠤ ᠨᠢ᠂ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠦᠯᠢᠭᠡᠷ ᠵᠢᠱᠢᠶ᠎ᠡ ᠶᠢ ᠡᠭᠦᠳᠦᠨ ᠪᠠᠶᠢᠭᠤᠯᠬᠤ ᠨᠢ ᠶᠠᠮᠠᠷ ᠴᠢᠬᠤᠯᠠ ᠠᠴᠢ ᠬᠤᠯᠪᠣᠭᠳᠠᠯ ᠲᠠᠢ | ᠪᠤᠢ︖ | 【 ᠵᠠᠩ ᠰᠢᠶᠤᠤ ᠬᠤᠩ 】 ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ | ᠦᠵᠡᠭᠦᠯᠵᠦ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠬᠦ ᠪᠣᠯ ᠦᠢᠯᠡᠳᠦᠯᠭᠡ ᠪᠠᠷ ᠭᠡᠷᠡᠴᠢᠯᠡᠭᠳᠡᠭᠰᠡᠨ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠬᠦ ᠴᠢᠬᠤᠯᠠ ᠭᠠᠷᠳᠠᠴᠠ ᠪᠣᠯᠤᠨ᠎ᠠ᠃ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯᠯᠠᠭ᠎ᠠ ᠶᠢᠨ ᠡᠯ᠎ᠡ | ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠵᠥᠷᠢᠶ᠎ᠡ ᠪᠠᠨ ᠡᠷᠢᠬᠦ᠂ ᠳᠤᠲᠠᠭᠤᠳᠠᠯ ᠢᠶᠠᠨ ᠨᠥᠬᠦᠪᠥᠷᠢᠯᠡᠬᠦ᠂ | ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠬᠦ ᠳᠤ ᠦᠵᠡᠭᠦᠯᠬᠦ ᠴᠢᠬᠤᠯᠠ ᠬᠥᠲᠥᠯᠦᠨ ᠳᠠᠭᠠᠭᠤᠯᠬᠤ᠂ | ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ ᠠᠬᠢᠭᠤᠯᠤᠨ᠎ᠠ᠃ | 【 ᠰᠤᠷᠪᠤᠯᠵᠢᠯᠠᠭᠴᠢ 】 ᠵᠠᠩ ᠲᠣᠪᠴᠢᠶᠠᠨ ᠳᠠᠷᠤᠭ᠎ᠠ ᠠ᠂ ᠮᠠᠨ ᠤ ᠲᠣᠪᠴᠢᠶ᠎ᠠ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠶᠠᠪᠤᠴᠠ ᠳᠤ ᠭᠤᠤᠯᠳᠠᠭᠤ ᠶᠠᠮᠠᠷ ᠶᠠᠮᠠᠷ | ᠠᠵᠢᠯ ᠢ ᠡᠭᠦᠷᠭᠡᠯᠡᠭᠰᠡᠨ ᠪᠣᠶ︖ | 【 ᠵᠠᠩ ᠰᠢᠶᠤᠤ ᠬᠤᠩ 】 ᠡᠩ ᠲᠡᠷᠢᠭᠦᠨ ᠳᠤ ᠬᠠᠤᠯᠢ ᠶᠣᠰᠣᠭᠠᠷ ᠰᠢᠶᠠᠨ ᠢ ᠵᠠᠰᠠᠬᠤ ᠵᠥᠪᠯᠡᠯ ᠤᠨ ᠠᠯᠪᠠᠨ | ᠭᠡᠷ ᠤᠨ ᠬᠤᠯᠪᠣᠭᠳᠠᠯ ᠪᠦᠬᠦᠢ ᠠᠵᠢᠯ ᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠪᠥᠬᠦ ᠰᠢᠶᠠᠨ ᠤ ᠨᠠᠮ ᠵᠠᠰᠠᠭ ᠤᠨ | ᠭᠤᠤᠯ ᠬᠠᠷᠢᠭᠤᠴᠠᠯᠭᠠᠲᠠᠨ ᠤ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠨ ᠤᠬᠠᠭᠤᠯᠬᠤ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠬᠤ ᠶᠢᠨ ᠬᠠᠮᠲᠤ ᠰᠢᠶᠠᠨ ᠤ ᠱᠠᠲᠤᠨ ᠤ ᠡᠯ᠎ᠡ ᠰᠠᠯᠠᠭ᠎ᠠ | ᠮᠥᠴᠢᠷ ᠲᠤ ᠰᠢᠩ ᠾᠧ ᠰᠢᠶᠠᠨ ᠤ ᠬᠠᠤᠯᠢ ᠲᠦᠭᠡᠮᠡᠯᠵᠢᠭᠦᠯᠬᠦ ᠰᠢᠨ᠎ᠡ ᠪᠠᠶᠢᠷᠢᠰᠢᠯ ᠢ ᠵᠣᠬᠢᠴᠠᠭᠤᠯᠤᠨ ᠪᠣᠶ | ᠪᠣᠯᠭᠠᠬᠤ ᠶᠢᠨ ᠬᠠᠮᠲᠤ ᠡᠳᠦᠷ ᠲᠤᠲᠤᠮ ᠤᠨ ᠠᠵᠢᠯ ᠤᠨ ᠳᠤᠮᠳᠠ ᠬᠠᠤᠯᠢ ᠪᠠᠷ ᠵᠠᠰᠠᠬᠤ ᠶᠢ ᠰᠢᠪᠠᠳᠠᠨ ᠪᠠᠶᠢᠴᠠᠭᠠᠬᠤ | ᠬᠤᠷᠴᠠ ᠰᠡᠯᠡᠮ᠎ᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠳᠠᠭ᠎ᠠ ᠪᠦᠷᠢ ᠶᠢᠨ ᠬᠠᠤᠯᠢ ᠪᠠᠷ ᠵᠠᠰᠠᠬᠤ ᠶᠢ | ᠰᠢᠪᠠᠳᠠᠨ ᠪᠠᠶᠢᠴᠠᠭᠠᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠤᠨ ᠪᠣᠳᠠᠲᠤ ᠦᠷ᠎ᠡ ᠪᠦᠲᠦᠮᠵᠢ ᠭᠠᠷᠭᠠᠬᠤ ᠶᠢ | ᠦᠨᠡᠨ ᠬᠦ ᠪᠠᠲᠤᠯᠠᠬᠤ ᠬᠡᠷᠡᠭᠲᠡᠶ᠃ ᠲᠤᠬᠠᠶᠢᠯᠠᠭᠰᠠᠨ ᠠᠵᠢᠯ ᠤᠨ ᠲᠠᠯ᠎ᠠ ᠪᠠᠷ᠂ ᠮᠠᠨ ᠤ ᠲᠣᠪᠴᠢᠶ᠎ᠠ ᠵᠠᠰᠠᠭ | ᠵᠠᠬᠢᠷᠭᠠᠨ ᠢᠶᠠᠷ ᠳᠠᠬᠢᠨ ᠵᠥᠪᠯᠡᠭᠦᠯᠬᠦ ᠵᠠᠷᠭᠤ ᠶᠢ ᠬᠦᠯᠢᠶᠡᠨ ᠠᠪᠬᠤ ᠨᠢᠭᠡᠳᠦᠭᠡᠷ᠂ ᠬᠤᠶᠠᠳᠤᠭᠠᠷ ᠬᠤᠪᠢ ᠪᠠ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠬᠤ ᠪᠠ ᠬᠠᠮᠢᠶᠠᠷᠬᠤ ᠰᠲ᠋ᠣᠺ ᠤᠨ ᠪᠠᠶᠢᠭᠤᠯᠤᠯᠲᠠ ᠶᠢ | ᠴᠢᠩᠭᠠᠳᠬᠠᠵᠤ᠂ ᠬᠤᠶᠠᠷ ᠬᠤᠪᠢ ᠲᠠᠰᠤᠭ ᠤᠨ ᠠᠵᠢᠯ ᠤᠨ ᠳᠤᠮᠳᠠ ᠪᠣᠳᠠᠲᠤ ᠦᠷ᠎ᠡ ᠪᠦᠲᠦᠮᠵᠢ ᠪᠠᠨ | ᠪᠠᠳᠠᠷᠠᠭᠤᠯᠬᠤ ᠶᠢ ᠦᠨᠡᠨ ᠬᠦ ᠪᠠᠲᠤᠯᠠᠵᠤ᠂ ᠮᠠᠨ ᠤ ᠰᠢᠶᠠᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠨᠡᠩ ᠰᠠᠶᠢᠨ ᠦᠢᠯᠡᠴᠢᠯᠡᠭᠦᠯᠪᠡ᠃ | 【 ᠰᠤᠷᠪᠤᠯᠵᠢᠯᠠᠭᠴᠢ 】 ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠵᠢᠱᠢᠶ᠎ᠡ ᠦᠵᠡᠭᠦᠯᠬᠦ ᠰᠢᠶᠠᠨ ᠢ ᠠᠮᠵᠢᠯᠲᠠ ᠲᠠᠢ ᠪᠠᠷ ᠡᠭᠦᠳᠦᠨ ᠪᠠᠶᠢᠭᠤᠯᠤᠭᠰᠠᠨ ᠶᠠᠪᠤᠳᠠᠯ ᠨᠢ ᠮᠠᠨ ᠤ | ᠰᠢᠶᠠᠨ ᠤ ᠡᠯ᠎ᠡ ᠵᠦᠢᠯ ᠤᠨ ᠠᠵᠢᠯ ᠳᠤ ᠶᠠᠮᠠᠷ ᠢᠳᠡᠪᠬᠢᠲᠡᠶ ᠠᠴᠢ ᠬᠤᠯᠪᠣᠭᠳᠠᠯ ᠲᠠᠢ ᠪᠥᠭᠡᠳ ᠬᠤᠶᠢᠰᠢᠳᠠ ᠶᠢᠨ | ᠠᠵᠢᠯ ᠢᠶᠠᠨ ᠥᠷᠨᠢᠭᠦᠯᠬᠦ ᠳᠤ ᠶᠠᠮᠠᠷ ᠬᠥᠲᠥᠯᠦᠨ ᠵᠢᠯᠣᠭᠤᠳᠬᠤ ᠦᠢᠯᠡᠳᠦᠯ ᠦᠵᠡᠭᠦᠯᠬᠦ ᠪᠣᠶ︖ ᠭᠡᠵᠦ ᠪᠢ ᠬᠠᠮᠤᠭ | ᠰᠡᠭᠦᠯ ᠳᠤ ᠵᠠᠩ ᠲᠣᠪᠴᠢᠶᠠᠨ ᠳᠠᠷᠤᠭ᠎ᠠ ᠠᠴᠠ ᠠᠰᠠᠭᠤᠬᠤ ᠰᠠᠨᠠᠭ᠎ᠠ ᠲᠠᠢ ᠪᠠᠶᠢᠨ᠎ᠠ᠃ | 【 ᠵᠠᠩ ᠰᠢᠶᠤᠤ ᠬᠤᠩ 】 ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠪᠣᠯ ᠪᠥᠬᠦ ᠰᠢᠶᠠᠨ ᠤ ᠡᠯ᠎ᠡ ᠱᠠᠲᠤᠨ ᠤ | ᠡᠯ᠎ᠡ ᠰᠠᠯᠠᠭ᠎ᠠ ᠮᠥᠴᠢᠷ ᠤᠨ ᠠᠵᠢᠯ ᠤᠨ ᠨᠢᠭᠡᠨ ᠶᠡᠷᠦᠩᠬᠡᠶ ᠰᠢᠯᠭᠠᠯᠲᠠ ᠮᠥᠨ᠂ ᠪᠢᠳᠡᠨ ᠤ ᠣᠯᠤᠭᠰᠠᠨ ᠡᠨᠡ ᠬᠦ | ᠦᠷ᠎ᠡ ᠪᠦᠲᠦᠭᠡᠯ ᠢ ᠳᠡᠭᠡᠳᠦ ᠱᠠᠲᠤᠨ ᠤ ᠡᠯ᠎ᠡ ᠰᠠᠯᠠᠭ᠎ᠠ ᠮᠥᠴᠢᠷ ᠤᠨ ᠮᠠᠨ ᠤ ᠠᠵᠢᠯ ᠢ ᠮᠡᠳᠡᠷᠡᠭᠰᠡᠨ ᠪᠠ | ᠨᠤᠲᠠᠯᠠᠭᠰᠠᠨ ᠶᠠᠪᠤᠳᠠᠯ ᠭᠡᠵᠦ ᠬᠡᠯᠡᠵᠦ ᠪᠣᠯᠤᠨ᠎ᠠ᠃ ᠡᠭᠦᠨ ᠤ ᠵᠡᠷᠭᠡᠴᠡᠭᠡᠪᠡᠷ᠂ ᠡᠨᠡ ᠨᠢ ᠪᠠᠰᠠ ᠲᠠᠷᠠᠭᠠᠴᠢ ᠶᠢᠨ | ᠠᠵᠢᠯ ᠢᠶᠠᠨ ᠥᠷᠨᠢᠭᠦᠯᠬᠦ ᠳᠤ ᠨᠡᠩ ᠥᠨᠳᠥᠷ ᠬᠠᠷᠠᠯᠲᠠ ᠶᠢ ᠲᠣᠭᠲᠠᠭᠠᠨ ᠥᠭᠴᠡᠶ᠂ ᠲᠤᠬᠠᠶᠢᠯᠠᠪᠠᠯ ᠤᠳᠤ ᠶᠢᠨ | ᠪᠠᠶᠢᠭ᠎ᠠ ᠰᠠᠭᠤᠷᠢᠨ ᠳᠡᠭᠡᠷ᠎ᠡ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ ᠶᠢᠨ ᠡᠯ᠎ᠡ ᠵᠦᠢᠯ ᠤᠨ ᠠᠵᠢᠯ ᠳᠤ | ᠦᠵᠡᠭᠦᠯᠬᠦ ᠬᠥᠲᠥᠯᠥᠨ ᠵᠢᠯᠣᠭᠤᠳᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠠᠵᠢᠯ ᠤᠨ ᠳᠤᠮᠳᠠ ᠪᠠᠨ | ᠬᠠᠤᠯᠢ ᠪᠠᠷ ᠵᠠᠰᠠᠬᠤ ᠰᠡᠳᠬᠢᠬᠦᠶ ᠪᠣᠯᠤᠨ ᠬᠠᠤᠯᠢ ᠪᠠᠷ ᠵᠠᠰᠠᠬᠤ ᠦᠵᠡᠯᠲᠡ ᠶᠢ ᠦᠷᠭᠦᠯᠵᠢᠯᠡᠨ ᠴᠢᠩᠭᠠᠳᠬᠠᠵᠤ᠂ | ᠬᠠᠤᠯᠢ ᠴᠠᠭᠠᠵᠠ ᠶᠢᠨ ᠪᠣᠷᠣ ᠲᠥᠯᠥᠪ ᠤᠨ ᠳᠣᠣᠷ᠎ᠠ ᠬᠠᠤᠯᠢ ᠶᠣᠰᠣᠭᠠᠷ ᠵᠠᠰᠠᠭ ᠶᠠᠪᠤᠭᠤᠯᠵᠤ᠂ ᠵᠢᠷᠤᠮᠯᠠᠬᠤ | ᠬᠠᠤᠯᠢ ᠲᠠᠢ ᠪᠠᠶᠢᠬᠤ᠂ ᠬᠠᠤᠯᠢ ᠶᠢ ᠵᠠᠪᠠᠯ ᠵᠢᠷᠤᠮᠯᠠᠬᠤ ᠶᠢ ᠦᠨᠡᠨ ᠬᠦ ᠪᠡᠶᠡᠯᠡᠭᠦᠯᠬᠦ ᠶᠠᠪᠤᠳᠠᠯ ᠪᠣᠯᠤᠨ᠎ᠠ᠃ ᠠᠷᠠᠳ | ᠤᠯᠠᠨ ᠳᠤ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠨᠡᠶᠢᠭᠡᠮ ᠪᠠ ᠬᠠᠤᠯᠢ ᠪᠠᠷ ᠵᠠᠰᠠᠬᠤ | ᠤᠯᠤᠰ ᠤᠨ ᠪᠦᠳᠦᠭᠡᠨ ᠪᠠᠶᠢᠭᠤᠯᠤᠯᠲᠠ ᠶᠢᠨ ᠳᠤᠮᠳᠠ ᠠᠴᠠ ᠦᠨᠡᠨ ᠬᠦ ᠠᠰᠢᠭ ᠲᠤᠰᠠ ᠬᠦᠷᠲᠡᠭᠡᠨ᠎ᠡ᠃ | 【 ᠰᠤᠷᠪᠤᠯᠵᠢᠯᠠᠭᠴᠢ 】 ᠵᠠᠩ ᠲᠣᠪᠴᠢᠶᠠᠨ ᠳᠠᠷᠤᠭ᠎ᠠ ᠮᠠᠨ ᠤ ᠥᠨᠥᠳᠦᠷ ᠤᠨ ᠰᠤᠷᠪᠤᠯᠵᠢᠯᠠᠭ᠎ᠠ ᠶᠢ | ᠬᠦᠯᠢᠶᠡᠨ ᠠᠪᠤᠭᠰᠠᠨ ᠪᠥᠭᠡᠳ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠠᠯ᠎ᠠ ᠪᠠᠷ ᠬᠢ | ᠬᠤᠯᠪᠣᠭᠳᠠᠯ ᠪᠦᠬᠦᠢ ᠮᠡᠳᠡᠯᠭᠡ ᠶᠢ ᠪᠢᠳᠡᠨ ᠳᠤ ᠲᠠᠶᠢᠯᠪᠤᠷᠢᠯᠠᠵᠤ ᠥᠭᠭᠦᠭᠰᠡᠨ ᠳᠤ ᠲᠠᠯᠠᠷᠬᠠᠵᠤ ᠪᠠᠶᠢᠨ᠎ᠠ᠂ | ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠰᠦᠯᠵᠢᠶᠡᠨ ᠤ ᠨᠠᠶᠢᠵᠠ ᠨᠠᠷ ᠳᠠᠷᠠᠭ᠎ᠠ ᠤᠳᠠᠭ᠎ᠠ | ᠳᠠᠬᠢᠨ ᠠᠭᠤᠯᠵᠠᠶ᠎ᠠ︕ | | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |