︽ᠰᠢᠩ ᠾᠧ ᠰᠢᠶᠠᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ︾ ᠶᠢᠨ ᠪᠢᠴᠢᠭ ᠮᠠᠲ᠋ᠧᠷᠢᠶᠠᠯ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/1/29
     ᠨᠢᠭᠡ᠂ ᠣᠷᠣᠨ ᠲᠤᠭ᠎ᠠ ᠶᠢᠨ ᠦᠨᠳᠦᠰᠦᠯᠡᠯ ᠪᠠ ᠠᠬᠤᠶ ᠪᠠᠶᠢᠳᠠᠯ      ᠰᠢ ᠶᠢᠨ ᠫᠢᠩ ᠶᠡᠷᠦᠩᠬᠡᠶ ᠱᠦᠵᠢ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠬᠠᠶ ᠴᠢᠬᠤᠯᠠ ᠥᠭᠦᠯᠡᠯᠲᠡ ᠵᠢᠴᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠦᠬᠦ ᠲᠠᠯ᠎ᠠ ᠶᠢᠨ ᠴᠢᠨᠠᠷᠲᠠᠶ ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠡᠵᠡᠮᠳᠡᠵᠦ᠂ ᠮᠠᠨ ᠤ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠯ ᠪᠠ ᠠᠵᠢᠯ ᠤᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠭᠡᠨᠡᠳᠲᠡ ᠶᠢᠨ ᠬᠡᠷᠡᠭ ᠢ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠪᠠᠷ ᠠᠷᠭᠠᠴᠠᠵᠤ᠂ ᠪᠠᠴᠢᠮ ᠪᠠᠶᠢᠳᠠᠯ ᠢ ᠠᠷᠭᠠᠴᠠᠨ‌‍ᠰᠢᠢᠳᠪᠦᠷᠢᠯᠡᠬᠦ ᠪᠠ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠬᠥᠮᠦᠨ ᠤ ᠦᠬᠦᠯ ᠰᠢᠷᠬᠠᠲᠤᠯ ᠪᠠ ᠡᠳ᠋ ᠬᠦᠷᠦᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠷᠠᠳ ᠲᠦᠮᠡᠨ ᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠬᠥᠭᠵᠢᠯᠲᠡ ᠶᠢᠨ ᠣᠶᠢᠯᠠᠭᠠᠭᠳᠠᠬᠤᠨ ᠢ ᠭᠦᠢᠴᠡᠳ ᠢᠯᠡᠷᠡᠭᠦᠯᠵᠦ᠂ ᠠᠷᠠᠳ ᠤᠯᠠᠨ ᠤ ᠠᠮᠢ ᠨᠠᠰᠤ᠂ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠨᠡᠶᠢᠭᠡᠮ ᠤᠨ ᠠᠮᠤᠷ ᠲᠦᠪᠰᠢᠨ ᠪᠠ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ︾ ᠵᠢᠴᠢ ︽ᠤᠯᠠᠭᠠᠨᠴᠠᠪ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ︾ ᠶᠢ ᠦᠨᠳᠦᠰᠦᠯᠡᠨ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠯᠥᠪᠵᠢᠭᠦᠯᠭᠡ ᠶᠢ ᠲᠣᠭᠲᠠᠭᠠᠪᠠ᠃      ᠬᠤᠶᠠᠷ᠂ ᠭᠤᠣᠯ ᠠᠭᠤᠯᠭ᠎ᠠ      ︽ᠲᠥᠯᠥᠪᠵᠢᠭᠦᠯᠭᠡ︾ ᠳᠤ ᠭᠤᠤᠯᠳᠠᠭᠤ᠄ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ︵2021 — 2025 ᠣᠨ︶ ᠶᠢᠨ ᠬᠤᠭᠤᠴᠠᠭᠠᠨ ᠳᠤ ᠲᠤᠯᠭᠠᠷᠠᠭᠰᠠᠨ ᠪᠠᠶᠢᠳᠠᠯ᠂ ᠶᠡᠷᠦᠩᠬᠡᠶ ᠱᠠᠭᠠᠷᠳᠠᠯᠭ᠎ᠠ᠂ ᠭᠤᠤᠯ ᠡᠭᠦᠷᠭᠡ᠂ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠪᠠ ᠲᠥᠷᠥᠯ ᠵᠦᠢᠯ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠵᠢᠷᠭᠤᠭᠠᠨ ᠬᠡᠰᠡᠭ ᠪᠠᠭᠲᠠᠨ᠎ᠠ᠃      ᠨᠢᠭᠡᠳᠦᠭᠡᠷ ᠬᠡᠰᠡᠭ᠄ ᠭᠤᠤᠯᠳᠠᠭᠤ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠣᠯᠤᠭᠰᠠᠨ ᠭᠤᠤᠯ ᠠᠮᠵᠢᠯᠲᠠ ᠪᠦᠲᠦᠮᠵᠢ ᠶᠢ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠵᠠᠳᠠᠯᠪᠠ᠃      ᠬᠤᠶᠠᠳᠤᠭᠠᠷ ᠬᠡᠰᠡᠭ᠄ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠲᠤᠯᠭᠠᠷᠠᠭᠰᠠᠨ ᠪᠠᠶᠢᠳᠠᠯ ᠪᠠ ᠠᠶᠤᠯ ᠲᠦᠭᠰᠢᠭᠦᠷᠢ ᠶᠢᠨ ᠰᠢᠯᠭᠠᠯᠲᠠ ᠶᠢ ᠵᠠᠳᠠᠯᠪᠠ᠃      ᠭᠤᠷᠪᠠᠳᠤᠭᠠᠷ ᠬᠡᠰᠡᠭ᠄ ᠶᠡᠷᠦᠩᠬᠡᠶ ᠱᠠᠭᠠᠷᠳᠠᠯᠭ᠎ᠠ ᠪᠠ ᠬᠥᠭᠵᠢᠯᠲᠡ ᠶᠢᠨ ᠬᠠᠷᠠᠯᠲᠠ ᠶᠢ ᠲᠣᠳᠣᠷᠬᠠᠶᠢᠯᠠᠪᠠ᠃      ᠳᠥᠷᠪᠡᠳᠦᠭᠡᠷ ᠬᠡᠰᠡᠭ᠄ ᠭᠤᠣᠯ ᠡᠭᠦᠷᠭᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ︾ ᠵᠢᠴᠢ ︽ᠤᠯᠠᠭᠠᠨᠴᠠᠪ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ︾ ᠶᠢ ᠦᠨᠳᠦᠰᠦᠯᠡᠨ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ 5 ᠶᠡᠭᠡ ᠰᠢᠰᠲ᠋ᠧᠮᠵᠢ ᠶᠢ ᠭᠤᠤᠯᠳᠠᠯᠭ᠎ᠠ ᠲᠠᠢ ᠲᠡᠭᠦᠯᠳᠡᠷᠵᠢᠭᠦᠯᠦᠨ᠎ᠡ      ᠲᠠᠪᠤᠳᠤᠭᠠᠷ ᠬᠡᠰᠡᠭ᠄ ᠭᠤᠣᠯᠳᠠᠯᠭ᠎ᠠ ᠲᠠᠢ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠪᠠ ᠵᠦᠢᠯᠡᠰ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ 5 ᠵᠦᠢᠯ ᠤᠨ ᠭᠤᠣᠯᠳᠠᠯᠭ᠎ᠠ ᠲᠠᠢ ᠪᠠᠶᠢᠭᠤᠯᠤᠯᠲᠠ ᠶᠢᠨ ᠵᠦᠢᠯᠡᠰ ᠢ ᠭᠤᠤᠯᠳᠠᠯᠭ᠎ᠠ ᠲᠠᠢ ᠪᠡᠶᠡᠯᠡᠭᠦᠯᠦᠨ᠎ᠡ᠃      ᠵᠢᠷᠭᠤᠳᠤᠭᠠᠷ ᠬᠡᠰᠡᠭ᠄ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠲᠥᠯᠥᠪᠵᠢᠭᠦᠯᠭᠡ ᠶᠢᠨ ᠬᠠᠷᠠᠯᠲᠠ᠂ ᠭᠤᠣᠯ ᠡᠭᠦᠷᠭᠡ ᠪᠠ ᠭᠤᠣᠯᠳᠠᠯᠭ᠎ᠠ ᠲᠠᠢ ᠢᠨᠵᠧᠨᠧᠷᠢᠩ ᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠲᠦᠷᠪᠡᠨ ᠲᠠᠯ᠎ᠠ ᠶᠢᠨ ᠠᠷᠭ᠎ᠠ ᠬᠡᠮᠵᠢᠶ᠎ᠡ ᠠᠪᠬᠤ ᠪᠠᠷ ᠲᠥᠯᠥᠪᠯᠡᠵᠦ ᠪᠠᠶᠢᠨ᠎ᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3