ᠮᠠᠨ ᠤ ᠰᠢᠶᠠᠨ ᠪᠠᠶᠠᠷ ᠤᠨ ᠡᠳᠦᠷ ᠠᠴᠠ ᠡᠮᠦᠨᠡᠬᠢ ᠭᠤᠶᠣᠯᠠᠵᠤ ᠭᠡᠷᠡᠯᠲᠦᠭᠦᠯᠬᠦ ᠠᠵᠢᠯ ᠢ ᠥᠷᠨᠢᠭᠦᠯᠵᠦ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠪᠠ
ᠨᠡᠶᠢᠲᠡᠯᠡᠭᠰᠡᠨ ᠴᠠᠭ᠄
2024/1/30
     ᠳᠤᠮᠳᠠᠳᠤ ᠶᠢᠨ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠶᠢᠨ ᠲᠥᠯᠥᠭᠡ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠵᠤ᠂ ᠬᠤᠲᠠ ᠶᠢᠨ ᠥᠩᠭᠡ ᠦᠵᠡᠮᠵᠢ ᠶᠢ ᠭᠤᠶᠣᠯᠠᠨ ᠭᠤᠶᠣᠯᠠᠨ᠎ᠠ᠃ ᠤᠢᠢᠷ᠎ᠠ ᠳᠤ᠂ ᠰᠢᠩ ᠡᡁᠧ ᠰᠢᠶᠠᠨ ᠤ ᠬᠤᠳᠠ ᠶᠢᠨ ᠬᠠᠮᠢᠶᠠᠷᠤᠯᠲᠠ ᠶᠢᠨ ᠲᠤᠪᠴᠢᠶ᠎ᠡ ᠮᠠᠨ ᠤ ᠰᠢᠶᠠᠨ ᠤ ᠡᠯ᠎ᠡ ᠭᠤᠣᠯ ᠵᠡᠭᠡᠯᠢ ᠭᠤᠳᠤᠮᠵᠢ ᠳᠤ 4  ᠬᠡᠯᠬᠢᠶ᠎ᠡ ᠤᠯᠠᠭᠠᠨ ᠳ᠋ᠧᠩᠯᠦ 150 ᠬᠤᠣᠰ᠂ 3 ᠬᠡᠯᠬᠢᠶ᠎ᠡ ᠤᠯᠠᠭᠠᠨ ᠳ᠋ᠧᠩᠯᠦ 270 ᠬᠤᠣᠰ ᠡᠯᠭᠦᠵᠦ᠂ ᠨᠢᠳᠦ ᠢᠷᠮᠡᠬᠦ ᠶᠢᠨ ᠵᠠᠭᠤᠷ᠎ᠠ ᠬᠦᠷ ᠬᠥᠭᠵᠢᠶᠡᠨ ᠢᠶᠠᠷ ᠪᠢᠯᠬᠠᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠨ᠎ᠠ᠃      ᠡᠯᠭᠦᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠲᠡᠷᠭᠡ ᠪᠣᠯᠤᠨ ᠠᠵᠢᠯᠲᠠᠨ ᠢ ᠴᠠᠭ ᠲᠤᠬᠠᠶ ᠳᠤᠨᠢ ᠳᠣᠭᠢᠷᠠᠭᠤᠯᠤᠨ᠂ 10 ᠭᠠᠷᠤᠶ ᠡᠳᠦᠷ ᠦᠷᠭᠦᠯᠵᠢᠯᠡᠨ ᠠᠵᠢᠯᠯᠠᠵᠤ᠂ ᠥᠨᠳᠥᠷ ᠣᠭᠲᠠᠷᠭᠤᠶ ᠳᠤ ᠠᠵᠢᠯᠯᠠᠬᠤ ᠲᠡᠷᠭᠡ ᠪᠠᠷ ᠵᠠᠮ ᠤᠨ ᠬᠤᠶᠠᠷ ᠬᠠᠵᠠᠭᠤ ᠶᠢᠨ ᠵᠠᠮ ᠤᠨ ᠳ᠋ᠧᠩᠯᠦ ᠡᠯᠭᠦᠵᠦ᠂ ᠥᠨᠳᠥᠷ ᠡᠯᠭᠦᠭᠰᠡᠨ ᠤᠯᠠᠭᠠᠨ ᠳ᠋ᠧᠩᠯᠦ ᠪᠠᠷ ᠵᠠᠮ ᠢ ᠴᠢᠮᠡᠭᠯᠡᠨ᠂ ᠴᠠᠭᠠᠨ ᠰᠠᠷ᠎ᠠ ᠶᠢᠨ ᠠᠭᠤᠷ ᠠᠮᠢᠰᠬᠤᠯ ᠢ ᠢᠯᠡᠳᠬᠡᠵᠦ᠂ ᠢᠷᠡᠬᠦ ᠵᠢᠯ ᠳᠤ ᠪᠣᠷᠣᠭᠠᠨ ᠬᠤᠷ᠎ᠠ ᠲᠡᠭᠰᠢ᠂ ᠥᠯᠵᠡᠶ ᠪᠡᠯᠭᠡ ᠲᠠᠢ ᠪᠠᠶᠢᠬᠤ ᠶᠢ ᠪᠡᠯᠭᠡᠳᠡᠵᠦ ᠪᠠᠶᠢᠨ᠎ᠠ᠃             ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3