| | | ᠳᠤᠮᠳᠠᠳᠤ ᠶᠢᠨ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠶᠢᠨ ᠲᠥᠯᠥᠭᠡ᠂ ᠪᠠᠶᠠᠷ ᠤᠨ ᠡᠳᠦᠷ ᠤᠨ | ᠠᠭᠤᠷ ᠠᠮᠢᠰᠬᠤᠯ ᠢ ᠪᠣᠶ ᠪᠣᠯᠭᠠᠵᠤ᠂ ᠬᠤᠲᠠ ᠶᠢᠨ ᠥᠩᠭᠡ ᠦᠵᠡᠮᠵᠢ ᠶᠢ ᠭᠤᠶᠣᠯᠠᠨ ᠭᠤᠶᠣᠯᠠᠨ᠎ᠠ᠃ ᠤᠢᠢᠷ᠎ᠠ ᠳᠤ᠂ ᠰᠢᠩ | ᠡᡁᠧ ᠰᠢᠶᠠᠨ ᠤ ᠬᠤᠳᠠ ᠶᠢᠨ ᠬᠠᠮᠢᠶᠠᠷᠤᠯᠲᠠ ᠶᠢᠨ ᠲᠤᠪᠴᠢᠶ᠎ᠡ ᠮᠠᠨ ᠤ ᠰᠢᠶᠠᠨ ᠤ ᠡᠯ᠎ᠡ ᠭᠤᠣᠯ ᠵᠡᠭᠡᠯᠢ ᠭᠤᠳᠤᠮᠵᠢ ᠳᠤ 4 | ᠬᠡᠯᠬᠢᠶ᠎ᠡ ᠤᠯᠠᠭᠠᠨ ᠳ᠋ᠧᠩᠯᠦ 150 ᠬᠤᠣᠰ᠂ 3 ᠬᠡᠯᠬᠢᠶ᠎ᠡ ᠤᠯᠠᠭᠠᠨ ᠳ᠋ᠧᠩᠯᠦ 270 ᠬᠤᠣᠰ ᠡᠯᠭᠦᠵᠦ᠂ ᠨᠢᠳᠦ ᠢᠷᠮᠡᠬᠦ ᠶᠢᠨ | ᠵᠠᠭᠤᠷ᠎ᠠ ᠬᠦᠷ ᠬᠥᠭᠵᠢᠶᠡᠨ ᠢᠶᠠᠷ ᠪᠢᠯᠬᠠᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠨ᠎ᠠ᠃ | ᠡᠯᠭᠦᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠬᠤᠲᠠ ᠶᠢᠨ ᠬᠠᠮᠢᠶᠠᠷᠤᠯᠲᠠ ᠶᠢᠨ | ᠲᠣᠪᠴᠢᠶ᠎ᠠ ᠠᠴᠠ ᠲᠡᠷᠭᠡ ᠪᠣᠯᠤᠨ ᠠᠵᠢᠯᠲᠠᠨ ᠢ ᠴᠠᠭ ᠲᠤᠬᠠᠶ ᠳᠤᠨᠢ ᠳᠣᠭᠢᠷᠠᠭᠤᠯᠤᠨ᠂ 10 ᠭᠠᠷᠤᠶ ᠡᠳᠦᠷ ᠦᠷᠭᠦᠯᠵᠢᠯᠡᠨ | ᠠᠵᠢᠯᠯᠠᠵᠤ᠂ ᠥᠨᠳᠥᠷ ᠣᠭᠲᠠᠷᠭᠤᠶ ᠳᠤ ᠠᠵᠢᠯᠯᠠᠬᠤ ᠲᠡᠷᠭᠡ ᠪᠠᠷ ᠵᠠᠮ ᠤᠨ ᠬᠤᠶᠠᠷ ᠬᠠᠵᠠᠭᠤ ᠶᠢᠨ ᠵᠠᠮ ᠤᠨ ᠳ᠋ᠧᠩᠯᠦ | ᠡᠯᠭᠦᠵᠦ᠂ ᠥᠨᠳᠥᠷ ᠡᠯᠭᠦᠭᠰᠡᠨ ᠤᠯᠠᠭᠠᠨ ᠳ᠋ᠧᠩᠯᠦ ᠪᠠᠷ ᠵᠠᠮ ᠢ ᠴᠢᠮᠡᠭᠯᠡᠨ᠂ ᠴᠠᠭᠠᠨ ᠰᠠᠷ᠎ᠠ ᠶᠢᠨ ᠠᠭᠤᠷ ᠠᠮᠢᠰᠬᠤᠯ ᠢ | ᠢᠯᠡᠳᠬᠡᠵᠦ᠂ ᠢᠷᠡᠬᠦ ᠵᠢᠯ ᠳᠤ ᠪᠣᠷᠣᠭᠠᠨ ᠬᠤᠷ᠎ᠠ ᠲᠡᠭᠰᠢ᠂ ᠥᠯᠵᠡᠶ ᠪᠡᠯᠭᠡ ᠲᠠᠢ ᠪᠠᠶᠢᠬᠤ ᠶᠢ ᠪᠡᠯᠭᠡᠳᠡᠵᠦ ᠪᠠᠶᠢᠨ᠎ᠠ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |