ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ᠂ ᠵᠢᠯ ᠴᠠᠭᠠᠨ ᠰᠠᠷ᠎ᠠ ᠶᠢᠨ ᠠᠭᠤᠷ ᠠᠮᠢᠰᠬᠤᠯ ᠢᠶᠠᠷ ᠪᠢᠯᠬᠠᠵᠤ᠂ | ᠤᠢᠢᠷ᠎ᠠ ᠶᠢᠨ ᠡᠳᠦᠷ᠂ ᠳ᠋ᠠ ᠲᠦᠩ ᠶᠣᠣ ᠰᠢᠶᠠᠩ ᠤᠨ ᠨᠠᠮ ᠵᠠᠰᠠᠭ ᠤᠨ ᠤᠳᠤᠷᠢᠳᠬᠤ ᠪᠠᠭ ᠡᠯ᠎ᠡ ᠪᠠᠶᠢᠭ᠎ᠠ ᠪᠦᠦ ᠯᠢᠶᠠᠨ | ᠲᠣᠰᠬᠤᠨ ᠳᠤ ᠬᠦᠷᠴᠦ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠨᠤᠲᠤᠭ ᠤᠨ ᠰᠢᠶᠠᠨ ᠲᠠᠪᠤᠨ | ᠨᠠᠰᠤᠲᠠᠨ ᠵᠡᠷᠭᠡ ᠬᠥᠮᠦᠰ ᠲᠤ ᠰᠢᠶᠠᠩ ᠤᠨ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠪᠠ ᠬᠠᠶᠢᠷ᠎ᠠ | ᠬᠠᠯᠠᠮᠵᠢ ᠶᠢ ᠬᠦᠷᠭᠡᠬᠦ ᠶᠢᠨ ᠬᠠᠮᠲᠤ ᠴᠠᠭᠠᠨ ᠰᠠᠷ᠎ᠠ ᠶᠢᠨ ᠰᠠᠶᠢᠨ ᠰᠠᠶᠢᠬᠠᠨ ᠵᠥᠩᠨᠡᠯ ᠳᠡᠪᠰᠢᠭᠦᠯᠵᠡᠢ᠃ | ᠲᠣᠬᠤᠨᠢᠭᠤᠯᠬᠤ ᠠᠵᠢᠯᠯᠠᠭ᠎ᠠ ᠳᠤᠮᠳᠠ᠂ ᠡᠷᠦᠬᠡ ᠪᠦᠷᠢ ᠳᠤ ᠬᠦᠷᠬᠦ ᠪᠦᠷᠢ᠂ ᠰᠢᠶᠠᠩ ᠤᠨ ᠤᠳᠤᠷᠢᠳᠤᠯᠭ᠎ᠠ ᠤᠯᠠᠨ | ᠲᠦᠮᠡᠨ ᠲᠠᠢ ᠤᠷᠳᠤ ᠬᠤᠭᠤᠴᠠᠭ᠎ᠠ ᠪᠠᠷ ᠶᠠᠷᠢᠯᠴᠠᠵᠤ᠂ ᠬᠠᠯᠠᠭᠤᠨ ᠳᠤᠯᠠᠭᠠᠨ ᠢ ᠨᠢ ᠬᠠᠯᠠᠮᠵᠢᠯᠠᠨ ᠠᠰᠠᠭᠤᠵᠤ᠂ ᠪᠡᠶ᠎ᠡ ᠶᠢᠨ | ᠪᠠᠶᠢᠳᠠᠯ᠂ ᠭᠡᠷ ᠪᠦᠯᠢ ᠶᠢᠨ ᠣᠷᠣᠯᠭ᠎ᠠ᠂ ᠠᠮᠢᠳᠤᠷᠠᠯ ᠤᠨ ᠬᠡᠷᠡᠭᠴᠡᠭᠡ ᠵᠡᠷᠭᠡ ᠶᠢ ᠨᠠᠷᠢᠨ ᠨᠢᠭᠲᠠ ᠠᠰᠠᠭᠤᠨ ᠯᠠᠪᠯᠠᠵᠤ᠂ | ᠲᠠᠷᠢᠶᠠᠴᠢᠨ ᠡᠷᠦᠬᠡ ᠶᠢᠨ ᠲᠠᠷᠢᠶ᠎ᠠ ᠲᠠᠷᠢᠬᠤ᠂ ᠮᠠᠯ ᠲᠡᠵᠢᠭᠡᠬᠦ ᠵᠡᠷᠭᠡ ᠣᠷᠣᠯᠭ᠎ᠠ ᠪᠠ ᠨᠥᠬᠦᠪᠥᠷᠢ ᠮᠥᠩᠭᠦ ᠠᠪᠴᠤ ᠪᠠᠶᠢᠭ᠎ᠠ | ᠪᠠᠶᠢᠳᠠᠯ ᠳᠤ ᠴᠢᠭᠯᠡᠭᠦᠯᠦᠨ᠂ ᠮᠠᠨ ᠤ ᠨᠠᠮ ᠤᠨ ᠨᠡᠶᠢᠲᠡᠯᠡᠨ ᠬᠡᠷᠡᠭᠵᠢᠭᠦᠯᠦᠭᠰᠡᠨ ᠠᠷᠠᠳ ᠲᠤ ᠠᠰᠢᠭ ᠬᠦᠷᠲᠡᠭᠡᠬᠦ ᠲᠦᠷᠦ ᠶᠢᠨ | ᠪᠤᠳᠤᠯᠭ᠎ᠠ ᠨᠢᠭᠡᠪᠦᠷᠢ᠂ ᠲᠠᠷᠬᠠᠭᠠᠭᠰᠠᠨ ᠨᠥᠬᠦᠪᠥᠷᠢ ᠪᠡᠯᠡ ᠮᠥᠩᠭᠦ ᠨᠢᠭᠡᠪᠦᠷᠢ ᠶᠢ ᠴᠥᠮ ᠤᠯᠠᠨ ᠲᠦᠮᠡᠨ ᠳᠤ ᠲᠣᠳᠣᠷᠬᠠᠢ | ᠲᠠᠶᠢᠯᠪᠤᠷᠢᠯᠠᠨ ᠥᠭᠴᠦ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠨᠠᠮ ᠤᠨ ᠠᠴᠢ ᠲᠤᠰᠠ ᠶᠢ | ᠮᠡᠳᠡᠷᠡᠭᠦᠯᠵᠦ᠂ ᠨᠠᠮ ᠤᠨ ᠦᠭᠡ ᠶᠢ ᠰᠣᠨᠣᠰᠴᠤ᠂ ᠨᠠᠮ ᠢ ᠲᠠᠭᠠᠪᠠ᠃ | ᠲᠥᠯᠥᠭᠡᠯᠡᠭᠴᠢ ᠭᠡᠰᠢᠭᠦᠳ ᠬᠠᠯᠠᠭᠤᠨ ᠳᠤᠯᠠᠭᠠᠨ ᠤ ᠠᠰᠠᠭᠤᠳᠠᠯ ᠢ ᠠᠰᠠᠭᠤᠵᠤ ᠪᠠᠶᠢᠭ᠎ᠠ ᠨᠢ ᠣᠯᠠᠨ ᠲᠦᠮᠡᠨ ᠢ | ᠲᠣᠬᠤᠨᠢᠭᠤᠯᠵᠤ ᠪᠠᠶᠢᠭ᠎ᠠ ᠶᠠᠪᠤᠳᠠᠯ ᠮᠥᠨ | ᠪᠦᠬᠦ ᠰᠢᠶᠠᠩ ᠢᠶᠠᠷ ᠢᠶᠠᠨ ᠭᠠᠭᠴᠠᠭᠠᠷ ᠰᠠᠭᠤᠭ᠎ᠠ ᠨᠠᠰᠤᠲᠠᠨ᠂ ᠠᠬᠠᠮᠠᠳ ᠨᠠᠮ ᠤᠨ ᠭᠡᠰᠢᠭᠦᠨ᠂ ᠭᠡᠷ ᠢᠶᠠᠨ ᠰᠠᠬᠢᠵᠤ | ᠬᠤᠴᠣᠷᠤᠭᠰᠠᠨ ᠬᠡᠦᠬᠡᠳ ᠵᠡᠷᠭᠡ ᠣᠨᠴᠠᠭᠠᠢ ᠬᠠᠮᠲᠤᠯᠢᠭ ᠲᠤ ᠴᠢᠭᠯᠡᠭᠦᠯᠵᠦ᠂ ᠰᠢᠶᠠᠨ ᠤ ᠱᠠᠲᠤᠨ ᠤ ︽ᠬᠤᠶᠠᠷ | ᠲᠥᠯᠥᠭᠡᠯᠡᠭᠴᠢ ᠨᠢᠭᠡ ᠭᠡᠰᠢᠭᠦᠨ︾ ᠤ ᠳᠤᠮᠳᠠ ︽ᠨᠢᠭᠡ ᠨᠠᠰᠤᠲᠠᠨ ᠨᠢᠭᠡ ᠬᠡᠦᠬᠡᠳ︾ ᠲᠠᠢ ᠬᠠᠷᠢᠯᠴᠠᠬᠤ ᠰᠡᠳᠬᠢᠯ ᠢᠶᠠᠨ | ᠬᠤᠯᠪᠣᠭᠰᠠᠨ ᠡᠷᠦᠬᠡ ᠶᠢᠨ ᠳᠦᠷᠢᠮ ᠢ ᠬᠡᠷᠡᠭᠵᠢᠭᠦᠯᠵᠦ᠂ ᠲᠥᠯᠥᠭᠡᠯᠡᠭᠴᠢ ᠭᠡᠰᠢᠭᠦᠨ ᠪᠣᠯᠤᠨ ᠤᠯᠠᠨ ᠲᠦᠮᠡᠨ ︽ᠭᠠᠭᠴᠠ | ᠴᠢᠭᠯᠡᠯ ᠢᠶᠠᠷ ᠬᠦᠳᠦᠯᠦᠨ ᠳᠠᠭᠠᠭᠤᠯᠬᠤ︾ ᠪᠠᠶᠢᠭᠰᠠᠨ ᠠᠴᠠ ᠪᠠᠨ ︽ᠬᠤᠣᠰ ᠴᠢᠭᠯᠡᠯ ᠢᠶᠠᠷ ᠤᠷᠤᠭᠰᠢᠯᠠᠬᠤ︾ ᠪᠣᠯᠭᠠᠨ | ᠬᠤᠪᠢᠷᠠᠭᠤᠯᠵᠠᠢ᠃ ᠨᠠᠰᠤᠲᠠᠶᠢᠴᠤᠳ ᠤᠨ ᠭᠡᠷ ᠲᠤ ᠲᠥᠯᠥᠭᠡᠯᠡᠭᠴᠢᠳ ᠭᠡᠰᠢᠭᠦᠳ ᠨᠠᠰᠤᠲᠠᠶᠢᠴᠤᠳ ᠲᠠᠢ ᠳᠣᠲᠣᠨᠣ ᠪᠠᠷ | ᠶᠠᠷᠢᠯᠴᠠᠵᠤ᠂ ᠲᠡᠳᠡᠨ ᠤ ᠪᠡᠶ᠎ᠡ ᠮᠠᠬᠠᠪᠣᠳ ᠤᠨ ᠪᠠᠶᠢᠳᠠᠯ ᠪᠠ ᠠᠮᠢᠳᠤᠷᠠᠯ ᠤᠨ ᠪᠠᠶᠢᠳᠠᠯ ᠢ ᠯᠠᠪᠯᠠᠨ ᠠᠰᠠᠭᠤᠵᠤ᠂ | ᠨᠠᠰᠤᠲᠠᠶᠢᠴᠤᠳ ᠤᠨ ᠰᠡᠳᠬᠢᠯ ᠤᠨ ᠦᠭᠡ ᠪᠠ ᠬᠡᠷᠡᠭᠴᠡᠭᠡ ᠶᠢ ᠨᠠᠷᠢᠨ ᠬᠢᠨᠠᠮᠠᠭᠠᠶ ᠰᠣᠨᠣᠰᠬᠤ ᠶᠢᠨ ᠬᠠᠮᠲᠤ ᠲᠡᠳᠡᠨ ᠤ | ᠪᠣᠳᠠᠲᠠᠶ ᠬᠦᠴᠢᠷᠳᠡᠯ ᠢ ᠣᠶᠢᠯᠠᠭᠠᠪᠠ᠃ ᠬᠡᠷ ᠲᠡᠭᠡᠨ ᠬᠤᠴᠣᠷᠤᠭᠰᠠᠨ ᠬᠡᠤᠬᠡᠳ ᠤᠨ ᠬᠡᠷ ᠲᠤ᠂ ᠲᠥᠯᠥᠭᠡᠯᠡᠭᠴᠢ | ᠭᠡᠰᠢᠭᠦᠳ ᠠᠴᠠ ᠰᠤᠷᠤᠭᠴᠢᠳ ᠤᠨ ᠰᠤᠷᠤᠯᠭ᠎ᠠ ᠠᠮᠢᠳᠤᠷᠠᠯ ᠵᠢᠴᠢ ᠬᠡᠷ ᠪᠦᠯᠢ ᠶᠢᠨ ᠪᠠᠶᠢᠳᠠᠯ ᠢ ᠨᠠᠷᠢᠨ ᠣᠶᠢᠯᠠᠭᠠᠵᠤ᠂ | ᠲᠡᠳᠡᠨ ᠢ ᠰᠢᠷᠭᠠᠭᠤ ᠬᠠᠲᠠᠭᠤᠵᠢᠯᠲᠠᠶ ᠴᠢᠷᠮᠠᠶᠢᠨ ᠰᠤᠷᠤᠯᠴᠠᠬᠤ ᠬᠡᠷᠡᠭᠲᠡᠶ ᠭᠡᠵᠦ ᠵᠣᠷᠢᠭᠵᠢᠭᠤᠯᠪᠠ᠃ | ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠯ ᠵᠢᠷᠭᠠᠯ ᠤᠨ ᠬᠦᠷᠢᠶᠡᠯᠡᠩ ᠤᠨ ᠬᠢᠨ ᠰᠡᠳᠬᠢᠯ ᠳᠦᠭᠦᠷᠡᠩ ᠬᠠᠯᠠᠮᠵᠢᠯᠠᠵᠤ | ᠪᠠᠶᠢᠨ᠎ᠠ | ᠠᠵᠢᠯᠯᠠᠭ᠎ᠠ ᠶᠢᠨ ᠳᠤᠮᠳᠠ᠂ ᠲᠥᠯᠥᠭᠡᠯᠡᠭᠴᠢ ᠭᠡᠰᠢᠭᠦᠳ ᠪᠠᠰᠠ ᠳ᠋ᠠ ᠲᠦᠩ ᠶᠣᠣ ᠰᠢᠶᠠᠩ ᠤᠨ ᠵᠣᠯ ᠵᠢᠷᠭᠠᠯ ᠤᠨ | ᠬᠦᠷᠢᠶᠡᠯᠡᠩ ᠳᠤ ᠬᠦᠷᠴᠦ᠂ ᠨᠠᠰᠤᠲᠠᠶᠢᠴᠤᠳ ᠲᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ | ᠰᠠᠶᠢᠨ ᠳᠤᠷ᠎ᠠ ᠶᠢᠨ ᠠᠵᠢᠯᠯᠠᠭᠴᠢᠳ ᠨᠢᠭᠡ ᠲᠠᠯ᠎ᠠ ᠪᠠᠷ ᠨᠠᠰᠤᠲᠠᠶᠢᠴᠤᠳ ᠲᠠᠢ ᠵᠣᠭᠤᠭ ᠳᠡᠯᠭᠡᠵᠦ᠂ ᠨᠢᠭᠡ ᠲᠠᠯ᠎ᠠ ᠪᠠᠷ | ᠪᠣᠯᠪᠠᠰᠤᠷᠠᠩᠭᠤᠢ ᠪᠠᠷ ᠦᠰᠦ ᠵᠠᠰᠠᠵᠤ᠂ ᠪᠣᠯᠪᠠᠰᠤᠷᠠᠩᠭᠤᠢ ᠮᠡᠷᠭᠡᠵᠢᠯ ᠲᠠᠢ᠂ ᠬᠠᠯᠠᠭᠤᠮᠰᠤᠭ ᠦᠢᠯᠡᠴᠢᠯᠡᠭᠡ ᠪᠠᠷ ᠲᠣᠰᠬᠤᠨ ᠤ | ᠠᠷᠠᠳ ᠤᠨ ᠰᠠᠶᠢᠨ ᠦᠨᠡᠯᠡᠯᠲᠡ ᠶᠢ ᠣᠯᠵᠠᠢ᠃ ︽ᠲᠡᠳᠡ ᠮᠠᠨ ᠤ ᠨᠠᠰᠤᠲᠠᠶᠢᠴᠤᠳ ᠲᠤ ᠰᠦᠢᠳᠬᠡᠯ ᠬᠤᠷᠢᠶᠠᠬᠤ | ᠦᠭᠡᠶ ᠪᠠᠷ ᠦᠰᠦ ᠵᠠᠰᠠᠵᠤ ᠥᠭᠭᠦᠭᠰᠡᠨ ᠳᠤ ᠪᠢᠳᠡ ᠮᠠᠰᠢ ᠪᠠᠶᠠᠷᠯᠠᠵᠤ ᠪᠠᠶᠢᠨ᠎ᠠ᠂ ᠲᠡᠳᠡᠨ ᠤ ᠬᠠᠯᠠᠭᠤᠨ ᠳᠣᠲᠣᠨᠣ | ᠦᠢᠯᠡᠴᠢᠯᠡᠭᠡ ᠳᠤ ᠲᠠᠯᠠᠷᠬᠠᠵᠤ ᠪᠠᠶᠢᠨ᠎ᠠ︾᠃ ᠭᠡᠵᠦ ᠯᠠᠨ ᠮᠢᠩ ᠰᠢ ᠨᠠᠰᠤᠲᠠᠨ ᠢᠯᠡᠳᠬᠡᠪᠡ᠃ ᠲᠣᠰ ᠤᠳᠠᠭᠠᠨ ᠤ | ᠠᠵᠢᠯᠯᠠᠭ᠎ᠠ ᠨᠢ ᠵᠣᠯ ᠵᠢᠷᠭᠠᠯ ᠤᠨ ᠬᠦᠷᠢᠶᠡᠯᠡᠩ ᠤᠨ ᠬᠤᠷᠢ ᠭᠠᠷᠤᠶ ᠨᠠᠰᠤᠲᠠᠶᠢᠴᠤᠳ ᠲᠤ ᠬᠠᠶᠢᠷ᠎ᠠ ᠬᠠᠯᠠᠮᠵᠢ ᠶᠢᠨ | ᠤᠶᠢᠯᠡᠴᠢᠯᠡᠭᠡ ᠬᠠᠩᠭᠠᠵᠤ᠂ ᠨᠠᠰᠤᠲᠠᠶᠢᠴᠤᠳ ᠲᠤ ᠴᠠᠭᠠᠨ ᠰᠠᠷ᠎ᠠ ᠶᠢ ᠤᠭᠲᠤᠵᠤ᠂ ᠲᠡᠳᠡᠨ ᠳᠤ ᠪᠠᠰᠠ ᠳ᠋ᠠ ᠲᠦᠩ ᠶᠣᠣ | ᠰᠢᠶᠠᠩ ᠤᠨ ᠶᠡᠭᠡ ᠬᠡᠷ ᠪᠦᠯᠢ ᠶᠢᠨ ᠬᠠᠶᠢᠷ᠎ᠠ ᠬᠠᠯᠠᠮᠵᠢ ᠪᠠ ᠬᠠᠯᠠᠭᠤᠨ ᠳᠤᠯᠠᠭᠠᠨ ᠢ ᠦᠨᠡᠨ ᠬᠦ ᠬᠦᠷᠲᠡᠭᠡᠭᠰᠡᠨ ᠪᠠᠶᠢᠨ᠎ᠠ᠃ | ᠡᠭᠦᠨ ᠤ ᠵᠡᠷᠭᠡ ᠳᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ ᠨᠠᠰᠤᠲᠠᠶᠢᠴᠤᠳ ᠤᠨ ᠳᠤᠮᠳᠠ ᠭᠠᠭᠴᠠᠭᠠᠷ | ᠰᠠᠭᠤᠵᠤ᠂ ᠭᠡᠷ ᠡᠷᠦᠬᠡ ᠪᠠᠷ ᠢᠶᠠᠨ ᠬᠤᠭ ᠲᠣᠭᠤᠰᠣ ᠠᠷᠢᠯᠭᠠᠵᠤ᠂ ᠨᠠᠰᠤᠲᠠᠶᠢᠴᠤᠳ ᠢ ᠠᠮᠤᠷ ᠵᠢᠷᠭᠠᠯ ᠲᠠᠢ ᠪᠠᠷ ᠴᠠᠭᠠᠨ | ᠰᠠᠷ᠎ᠠ ᠪᠠᠨ ᠥᠩᠭᠡᠷᠡᠭᠦᠯᠬᠦ ᠶᠢ ᠪᠠᠲᠤᠯᠠᠭᠰᠠᠨ ᠪᠠᠶᠢᠨ᠎ᠠ᠃ | ᠢᠷᠥᠭᠡᠯ ᠪᠦᠬᠦᠨ ᠨᠢ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠠᠮᠤᠷ ᠮᠡᠨᠳᠦᠴᠢᠯᠡᠯ ᠢᠶᠠᠷ ᠬᠥᠮᠦᠰ ᠤᠨ ᠰᠡᠳᠬᠢᠯ ᠢ | ᠳᠤᠯᠠᠭᠠᠴᠠᠭᠤᠯᠤᠨ᠎ᠠ᠃ ᠲᠤᠰ ᠤᠳᠠᠭᠠᠨ ᠤ ᠴᠠᠭᠠᠨ ᠰᠠᠷ᠎ᠠ ᠶᠢᠨ ᠠᠶᠢᠯᠴᠢᠯᠠᠯᠲᠠ ᠪᠠᠷ ᠲᠣᠬᠤᠨᠢᠭᠤᠯᠬᠤ ᠠᠵᠢᠯᠯᠠᠭ᠎ᠠ ᠳᠤ | ᠬᠠᠶᠢᠷ᠎ᠠ ᠰᠡᠳᠬᠢᠯᠭᠡ ᠲᠠᠢ ᠪᠣᠯᠤᠭᠰᠠᠨ ᠢᠶᠠᠷ ᠪᠠᠷᠠᠬᠤ ᠦᠭᠡᠢ ᠠᠷᠠᠳ ᠤᠨ ᠰᠡᠳᠬᠢᠯᠭᠡ ᠲᠠᠢ ᠪᠣᠯᠤᠭᠰᠠᠨ ᠢᠶᠠᠷ ᠪᠠᠷᠠᠬᠤ ᠦᠭᠡᠢ | ᠨᠡᠩ ᠴᠤ ᠦᠨᠡᠨ ᠰᠡᠳᠬᠢᠯᠭᠡ ᠲᠠᠢ ᠪᠤᠯᠵᠤ᠂ ᠬᠥᠮᠦᠰ ᠤᠨ ᠰᠡᠳᠬᠢᠯ ᠢ ᠭᠦᠢᠴᠡᠳ ᠳᠤᠯᠠᠭᠠᠴᠠᠭᠤᠯᠵᠤ᠂ ᠳ᠋ᠠ ᠲᠦᠩ ᠶᠣᠣ | ᠰᠢᠶᠠᠩ ᠤᠨ ᠨᠠᠮ ᠤᠨ ᠬᠤᠷᠢᠶ᠎ᠡ ᠵᠠᠰᠠᠭ ᠤᠨ ᠣᠷᠳᠣᠨ ᠪᠣᠯᠤᠨ ᠤᠯᠠᠨ ᠲᠦᠮᠡᠨ ᠤ ᠬᠠᠷᠢᠯᠴᠠᠭ᠎ᠠ ᠶᠢ ᠤᠯᠠᠮ ᠴᠢᠨᠠᠭᠰᠢᠳᠠ | ᠨᠢᠭᠲᠠᠷᠠᠭᠤᠯᠵᠤ᠂ ᠲᠡᠳᠡᠨ ᠳᠤ ᠬᠠᠶᠢᠷ᠎ᠠ ᠬᠠᠯᠠᠮᠵᠢ ᠶᠢ ᠦᠨᠡᠨᠬᠦ ᠬᠦᠷᠲᠡᠭᠡᠭᠰᠡᠨ ᠪᠠᠶᠢᠨ᠎ᠠ᠃ | ᠵᠤᠬᠢᠶᠠᠭᠴᠢ᠄ ᠳ᠋ᠠ ᠲᠥᠩ ᠶᠣᠣ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |