ᠵᠠᠩ ᠭᠤᠤ ᠪᠠᠯᠭᠠᠰᠤ ᠭᠠᠯ ᠤᠨᠲᠠᠷᠠᠭᠠᠬᠤ ᠠᠮᠤᠷ ᠲᠦᠪᠰᠢᠨ ᠤ ᠭᠠᠮᠰᠢᠭ ᠢ ᠲᠥᠪᠯᠡᠷᠡᠭᠦᠯᠦᠨ ᠠᠷᠢᠯᠭᠠᠬᠤ ᠪᠣᠭᠤᠮᠲᠠ ᠰᠢᠪᠲᠤᠯᠬᠤ ᠶᠡᠭᠡ ᠴᠡᠭᠴᠡᠯᠡᠨ ᠵᠠᠰᠠᠬᠤ ᠠᠵᠢᠯᠯᠠᠭ᠎ᠠ ᠶᠢ ᠳᠠᠶᠢᠴᠢᠯᠠᠨ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/31
     ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠳᠡᠭᠡᠳᠦ ᠱᠠᠲᠤᠨ ᠤ ᠪᠠᠶᠢᠷᠢᠯᠠᠭᠤᠯᠤᠯᠲᠠ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠪᠠᠯᠭᠠᠰᠤᠨ ᠤ ᠵᠢᠯ ᠤᠨ ᠡᠴᠦᠰ ᠵᠢᠯ ᠤᠨ ᠡᠬᠢᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠡᠯ᠎ᠡ ᠵᠦᠢᠯ ᠤᠨ ᠠᠶᠤᠯᠭᠦᠶ ᠶᠢᠨ ᠡ᠊ᠨᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠪᠦᠬᠦ ᠪᠠᠯᠭᠠᠰᠤᠨ ᠤ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ ᠶᠤᠮ᠃ 1 ᠰᠠᠷ᠎ᠠ ᠶᠢᠨ 31᠎ ᠤ ᠡᠳᠦᠷ᠂ ᠵᠠᠩ ᠭᠤᠤ ᠪᠠᠯᠭᠠᠰᠤ ᠭᠠᠯ ᠤᠨᠲᠠᠷᠠᠭᠠᠬᠤ ᠠᠮᠤᠷ ᠲᠦᠪᠰᠢᠨ ᠤ ᠭᠠᠮᠰᠢᠭ ᠢ ᠲᠥᠪᠯᠡᠷᠡᠭᠦᠯᠦᠨ ᠠᠷᠢᠯᠭᠠᠬᠤ ᠪᠡᠷᠬᠡ ᠰᠡᠳᠦᠪ ᠢ ᠰᠢᠢᠳᠪᠤᠷᠢᠯᠡᠬᠦ ᠶᠡᠭᠡ ᠴᠡᠭᠴᠡᠯᠡᠨ ᠵᠠᠰᠠᠬᠤ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠪᠠᠯᠭᠠᠰᠤᠨ ᠤ ᠪᠦᠬᠦ ᠤᠳᠤᠷᠢᠳᠬᠤ ᠪᠠᠭ᠂ ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ ᠭᠠᠵᠠᠷ ᠤᠨ ᠬᠠᠷᠢᠭᠤᠴᠠᠯᠭᠠᠲᠠᠨ᠂ ᠡᠯ᠎ᠡ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ ︽ᠰᠢᠩ ᠡᡁᠧ ᠰᠢᠶᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠭᠠᠮᠰᠢᠭ ᠢ ᠲᠥᠪᠯᠡᠷᠡᠭᠦᠯᠦᠨ ᠠᠷᠢᠯᠭᠠᠬᠤ ᠪᠣᠭᠤᠮᠲᠠ ᠰᠢᠪᠲᠤᠯᠬᠤ ᠶᠢ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ︾᠎ ᠢ ᠲᠥᠪᠯᠡᠷᠡᠭᠦᠯᠦᠨ ᠤᠯᠠᠮᠵᠢᠯᠠᠨ ᠰᠤᠷᠤᠯᠴᠠᠵᠤ᠂ ᠣᠳᠣᠬᠠᠨ ᠤ ᠪᠦᠬᠦ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠵᠠᠷᠯᠠᠨ ᠳ᠋ᠦᠩᠨᠡᠵᠦ᠂ ᠪᠠᠯᠭᠠᠰᠤᠨ ᠤ ︽ᠶᠢᠰᠦᠨ ᠪᠠᠭ᠎ᠠ ᠲᠠᠯᠠᠪᠤᠷ︾᠂ ᠤᠯᠠᠨ ᠡᠵᠡᠩᠨᠡᠯᠲᠡ ᠶᠢᠨ ᠬᠡᠯᠪᠡᠷᠢ ᠶᠢᠨ ᠬᠤᠯᠢᠮᠠᠭ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ᠂ ᠬᠥᠮᠦᠨ ᠤᠯᠠᠨ ᠲᠥᠪᠯᠡᠷᠡᠭᠰᠡᠨ ᠲᠠᠯᠠᠪᠤᠷ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠲᠠᠯ᠎ᠠ ᠪᠠᠷ ᠭᠤᠣᠯᠳᠠᠯᠭ᠎ᠠ ᠲᠠᠢ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃      ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠶᠢᠳᠠᠯ ᠢ  ᠭᠦᠢᠴᠡᠳ ᠲᠣᠳᠣᠷᠬᠠᠶ ᠲᠠᠨᠢᠬᠤ ᠬᠡᠷᠡᠭᠲᠡᠶ᠃ ᠡᠯ᠎ᠡ ᠭᠠᠵᠠᠷ ᠤᠨ ᠭᠠᠯ ᠤᠨ ᠭᠠᠮᠰᠢᠭ ᠤᠨ ᠠᠶᠤᠯ ᠥᠬᠡᠶ  ᠤᠶᠢᠯᠡᠳᠪᠤᠷᠢᠯᠡᠯ ᠤᠨ ᠠᠳᠡᠯ ᠤᠨ ᠭᠦᠨᠵᠡᠭᠡᠶ ᠰᠤᠷᠭᠠᠮᠵᠢ ᠶᠢ ᠭᠥᠯᠢᠶᠡᠨ ᠠᠪᠴᠤ᠂ ᠦᠵᠡᠯ ᠰᠠᠨᠠᠭᠠᠨ ᠤ ᠬᠥᠪᠴᠢ ᠪᠠᠨ ᠴᠠᠭ ᠢᠮᠠᠭᠲᠠ ᠴᠢᠩᠭᠠᠷᠠᠭᠤᠯᠵᠤ᠂ ᠰᠡᠷᠡᠮᠵᠢ ᠶᠢᠨ ᠬᠤᠩᠬᠤ ᠪᠠᠨ ᠪᠠᠶᠢᠩᠭᠤ ᠳᠤᠤᠭᠠᠷᠭᠠᠬᠤ ᠶᠢ ᠦᠨᠡᠨᠬᠦ ᠪᠡᠶᠡᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠴᠢᠩᠭ᠎ᠠ ᠪᠣᠳᠠᠲᠠᠶᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠬᠤ ᠬᠡᠷᠡᠭᠲᠡᠶ᠃ ᠬᠤᠶᠠᠷ ᠲᠤ᠂ ᠭᠤᠣᠯᠳᠠᠯᠭ᠎ᠠ ᠶᠢ ᠲᠤᠪᠤᠶᠢᠯᠭᠠᠨ᠂ ᠲᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠴᠢᠩᠭᠠᠳᠬᠠᠬᠤ ᠬᠡᠷᠡᠭᠲᠡᠶ᠃ ᠳᠠᠷᠤᠶ ᠲᠦᠷᠭᠡᠨ ᠬᠥᠳᠡᠯᠦᠯᠴᠡᠵᠦ᠂ ᠬᠠᠷᠢᠶᠠᠲᠤ ᠣᠷᠣᠨ ᠤ ︽ᠶᠢᠰᠦᠨ ᠵᠢᠵᠢᠭ ᠲᠠᠯᠠᠪᠤᠷ ᠭᠠᠵᠠᠷ ︾᠂ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠬᠤᠯᠢᠮᠠᠭ ᠦᠶ᠋ᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ᠂ ᠬᠥᠮᠦᠨ ᠬᠠᠷ᠎ᠠ ᠨᠢᠭᠲᠠᠷᠠᠭᠰᠠᠨ ᠲᠠᠯᠠᠪᠤᠷ ᠭᠠᠵᠠᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠲᠣᠭᠤᠷᠢᠨ ᠳᠤ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠠᠰᠠᠭᠤᠳᠠᠯ ᠢ ᠰᠢᠢᠳᠪᠤᠷᠢᠯᠡᠬᠦ ᠶᠢ ᠦᠨᠡᠨᠬᠦ ᠪᠠᠲᠤᠯᠠᠵᠤ᠂ ᠳᠠᠯᠳᠠ ᠬᠡᠮ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠦᠨᠡᠨᠬᠦ ᠠᠷᠢᠯᠭᠠᠬᠤ ᠬᠡᠷᠡᠭᠲᠡᠶ᠃ ᠭᠤᠷᠪᠠ ᠳᠤ᠂ ᠤᠬᠠᠭᠤᠯᠭ᠎ᠠ ᠪᠠᠨ ᠴᠢᠩᠭᠠᠳᠬᠠᠵᠤ᠂ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠲᠣᠰᠬᠤᠨ ᠤ ᠪᠦᠷᠢᠶ᠎ᠡ ᠂ ᠵᠢᠷᠬᠢᠶ᠎ᠡ ᠶᠢᠨ ᠰᠦᠷᠦᠭ ᠵᠡᠷᠭᠡ ᠠᠷᠭ᠎ᠠ ᠬᠡᠯᠪᠡᠷᠢ ᠶᠢ ᠭᠦᠢᠴᠡᠳ ᠠᠰᠢᠭᠯᠠᠨ ᠠᠶᠤᠯᠭᠦᠢ ᠦᠢᠯᠡᠳᠪᠦᠷᠢᠯᠡᠯ᠂ ᠭᠠᠯ ᠢ ᠰᠡᠷᠭᠡᠶᠢᠯᠡᠬᠦ ᠪᠠ ᠪᠤᠰᠤᠳ ᠲᠠᠯ᠎ᠠ ᠶᠢᠨ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠥᠷᠭᠡᠨ ᠭᠦᠨᠵᠡᠭᠡᠢ ᠤᠬᠠᠭᠤᠯᠵᠤ᠂ ᠤᠯᠠᠨ ᠲᠦᠮᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠤᠯᠠᠨ ᠤ ᠠᠮᠤᠷ ᠠᠮᠤᠭᠤᠯᠠᠩ ᠢ ᠦᠨᠡᠨᠬᠦ ᠰᠠᠶᠢᠲᠤᠷ ᠰᠠᠬᠢᠨ ᠬᠠᠮᠠᠭᠠᠯᠠᠨ᠎ᠠ᠃      ᠬᠤᠷᠠᠯ ᠤᠨ ᠳᠠᠷᠠᠭ᠎ᠠ᠂ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠠᠢ ᠬᠠᠮᠲᠤᠷᠠᠨ ᠵᠠᠩ ᠭᠤᠤ ᠲᠣᠰᠬᠤᠨ ᠤ ᠪᠠᠭ᠎ᠠ ᠰᠤᠷᠭᠠᠭᠤᠯᠢ᠂ ᠵᠢᠵᠢᠭ ᠳᠡᠯᠭᠡᠭᠦᠷ᠂ ᠵᠢᠵᠢᠭ ᠢᠳᠡᠭᠡᠨ ᠤᠮᠳᠠᠭᠠᠨ᠂ ᠵᠢᠵᠢᠭ ᠪᠠᠭᠤᠳᠠᠯ᠂ ᠵᠣᠯ ᠵᠢᠷᠭᠠᠯ ᠤᠨ ᠬᠦᠷᠢᠶᠡᠯᠡᠩ ᠵᠡᠷᠭᠡ ᠲᠠᠯᠠᠪᠤᠷ ᠲᠤ ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠭᠰᠠᠨ ᠪᠥᠭᠡᠳ ᠰᠠᠨᠠᠭᠠᠴᠢᠯᠠᠭ᠎ᠠ ᠶᠢᠨ ᠪᠢᠴᠢᠭ ᠨᠠᠭᠠᠵᠤ᠂ ᠲᠤᠬᠠᠶ ᠶᠢᠨ ᠲᠠᠯᠠᠪᠤᠷ ᠲᠤ ᠣᠯᠠᠨ ᠲᠦᠮᠡᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠠᠶᠢᠯᠪᠤᠷᠢᠯᠠᠵᠤ ᠥᠭᠪᠡ᠃      ᠲᠠᠷᠠᠭᠠᠴᠢ ᠶᠢᠨ ᠠᠯᠬᠤᠮ ᠳᠤ᠂ ᠡᠯ᠎ᠡ ᠲᠣᠰᠬᠤᠨ ᠳᠤ ᠦᠷᠭᠦᠯᠵᠢᠯᠡᠨ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠴᠢᠩᠭ᠎ᠠ ᠠᠩᠬᠠᠷᠴᠤ᠂ ᠠᠵᠢᠯᠯᠠᠭ᠎ᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠥᠷᠭᠡᠨ ᠣᠯᠠᠨ ᠲᠦᠮᠡᠨ ᠤ ᠠᠮᠤᠷ ᠲᠠᠶᠢᠪᠤᠩ ᠢᠶᠠᠷ ᠪᠠᠶᠠᠷ ᠳᠤᠷᠠᠰᠬᠠᠯ ᠤᠨ ᠡᠳᠦᠷ ᠢ ᠥᠩᠭᠡᠷᠡᠭᠦᠯᠬᠦ ᠳᠤ ᠭᠠᠯ ᠤᠨᠲᠠᠷᠠᠭᠠᠬᠤ ᠠᠮᠤᠷ ᠲᠦᠪᠰᠢᠨ ᠤ ᠰᠠᠭᠤᠷᠢ ᠶᠢ ᠪᠠᠲᠤᠳᠬᠠᠨ᠎ᠠ᠃               ᠵᠤᠬᠢᠶᠠᠭᠴᠢ᠄ ᠵᠠᠩ ᠭᠤᠣ ᠪᠠᠯᠭᠠᠰᠤ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3