ᠰᠠᠶᠢᠬᠤᠰᠤ ᠪᠠᠯᠭᠠᠰᠤᠨ ᠤ ᠬᠠᠤᠯᠢ ᠬᠡᠷᠡᠭᠵᠢᠭᠦᠯᠬᠦ ᠨᠢᠭᠡᠴᠡ ︽ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ︾ ᠶᠢ ᠰᠤᠷᠤᠯᠴᠠᠵᠠᠢ
ᠨᠡᠶᠢᠲᠡᠯᠡᠭᠰᠡᠨ ᠴᠠᠭ᠄
2024/1/31
     ︽ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ︾ ᠶᠢ ᠲᠤᠤᠱᠯᠠᠭᠤᠯᠤᠨ ᠬᠡᠷᠡᠭᠵᠢᠭᠦᠯᠬᠦ ᠶᠢ ᠪᠠᠶᠢᠩᠭᠤᠵᠢᠭᠤᠯᠤᠨ ᠠᠬᠢᠭᠤᠯᠬᠤ ᠶᠢᠨ ᠲᠥᠯᠥᠭᠡ᠂ ᠪᠦᠬᠦ ᠪᠠᠯᠭᠠᠰᠤᠨ ᠤ ᠬᠠᠤᠯᠢ ᠬᠡᠷᠡᠭᠵᠢᠭᠦᠯᠬᠦ ᠨᠢᠭᠡᠴᠡ ᠶᠢᠨ ︽ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ︾ ᠶᠢᠨ ᠲᠤᠬᠠᠶ ᠲᠠᠨᠢᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠵᠦ ᠂ ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠤ ᠡᠭᠦᠰᠦᠨ ᠳᠡᠯᠭᠡᠷᠡᠬᠦ ᠶᠢ ᠬᠤᠷᠢᠭᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠬᠦ ᠶᠢ ᠪᠡᠶᠡᠯᠡᠭᠦᠯᠵᠦ᠂ 1 ᠰᠠᠷ᠎ᠠ ᠶᠢᠨ 30 ᠤ ᠡᠳᠦᠷ᠂ ᠰᠠᠶᠢᠬᠤᠰᠤ ᠪᠠᠯᠭᠠᠰᠤ ᠶᠢᠨ ᠬᠢᠨ ᠪᠦᠬᠦ ᠪᠠᠯᠭᠠᠰᠤᠨ ᠤ ᠬᠠᠤᠯᠢ ᠬᠡᠷᠡᠭᠵᠢᠭᠦᠯᠬᠦ ᠨᠢᠭᠡᠴᠡ ᠶᠢ ᠵᠣᠬᠢᠶᠠᠨ ᠪᠠᠶᠢᠭᠤᠯᠤᠨ ︽ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ︾ ᠶᠢ ᠲᠤᠰᠬᠠᠢ ᠰᠡᠳᠦᠪ ᠢᠶᠠᠷ ᠲᠠᠬᠢᠨ ᠰᠤᠷᠤᠯᠴᠠᠵᠤ᠂ ᠨᠠᠮ ᠤᠨ ᠬᠤᠷᠢᠶᠠᠨ ᠤ ᠳᠡᠳ᠋ ᠱᠦᠵᠢ ᠬᠤᠷᠠᠯ ᠡᠷᠬᠢᠯᠡᠵᠦ᠂ ᠪᠠᠯᠭᠠᠰᠤᠨ ᠤ ᠬᠠᠤᠯᠢ ᠬᠡᠷᠡᠭᠵᠢᠭᠦᠯᠬᠦ ᠨᠢᠭᠡᠴᠡ ᠶᠢᠨ ᠤᠳᠤᠷᠢᠳᠬᠤ ᠺᠠᠳ᠋ᠷ ᠰᠤᠷᠤᠯᠴᠠᠯᠭ᠎ᠠ ᠳᠤ ᠣᠷᠣᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ︽ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ︾ ᠶᠢ ᠲᠣᠭᠲᠠᠭᠠᠨ ᠨᠡᠶᠢᠲᠡᠯᠡᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠥᠷᠨᠢᠭᠦᠯᠬᠦ ᠶᠢᠨ ᠵᠠᠶᠢᠯᠠᠰᠢ ᠦᠭᠡᠶ ᠱᠠᠭᠠᠷᠳᠠᠯᠭ᠎ᠠ ᠮᠥᠨ᠂ ᠨᠠᠮ ᠤᠨ ᠲᠥᠪ ᠬᠤᠷᠢᠶᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠥᠷᠨᠢᠭᠦᠯᠦᠭᠰᠡᠨ ᠪᠡᠯᠭᠡ ᠲᠡᠮᠳᠡᠭ ᠤᠨ ᠴᠢᠨᠠᠷᠲᠠᠶ ᠦᠷ᠎ᠡ ᠪᠦᠲᠦᠭᠡᠯ ᠮᠥᠨ᠂ ᠳᠤᠮᠳᠠᠳᠤ ᠤᠯᠤᠰ ᠤᠨ ᠣᠨᠴᠠᠯᠢᠭ ᠲᠠᠢ ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠲᠦᠷᠢᠮ ᠢ ᠪᠠᠶᠢᠭᠤᠯᠬᠤ ᠠᠮᠵᠢᠯᠲᠠ ᠲᠠᠢ ᠰᠦᠪᠡᠭᠴᠢᠯᠡᠯᠳᠡ ᠪᠠ ᠠᠭᠤᠤ ᠶᠡᠭᠡ ᠦᠢᠯᠡᠳᠦᠯᠭᠡ ᠮᠥᠨ᠂ ᠪᠦᠬᠦ ᠪᠠᠯᠭᠠᠰᠤᠨ ᠤ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ︽ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ︾ ᠶᠢ ᠰᠤᠷᠤᠯᠴᠠᠨ ᠲᠤᠤᠱᠯᠠᠭᠤᠯᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ︽ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ︾ ᠶᠢᠨ ᠠᠭᠤᠯᠤᠭᠳᠠᠬᠤᠨ ᠤ ᠭᠤᠣᠯ ᠴᠢᠮᠥᠭᠡ ᠶᠢ ᠭᠦᠨᠵᠡᠭᠡᠢ ᠣᠶᠢᠯᠠᠭᠠᠵᠤ᠂ ᠬᠠᠤᠯᠢ ᠴᠠᠭᠠᠵᠠ ᠶᠢᠨ ᠵᠡᠪᠰᠡᠭ ᠢᠶᠠᠷ ᠬᠠᠷ᠎ᠠ ᠬᠠᠷᠭᠢᠰ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠰᠡᠷᠭᠡᠶᠢᠯᠡᠬᠦ ᠴᠢᠳᠠᠪᠤᠷᠢ ᠶᠢᠨ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂  ᠬᠠᠤᠯᠢ ᠬᠡᠷᠡᠭᠵᠢᠭᠦᠯᠬᠦ ᠨᠢᠭᠡᠴᠡ ᠶᠢᠨ ᠺᠠᠳ᠋ᠷ ᠴᠠᠭᠳᠠᠭ᠎ᠠ ︽ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ︾ ᠶᠢ ᠰᠤᠷᠤᠯᠴᠠᠨ ᠲᠤᠤᠱᠯᠠᠭᠤᠯᠬᠤ ᠶᠢ ᠪᠠᠶᠢᠩᠭᠤ ᠶᠢᠨ ᠴᠢᠨᠠᠷᠲᠠᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠠᠵᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠬᠠᠮᠲᠤ ᠪᠠᠷ ᠰᠤᠷᠤᠯᠴᠠᠬᠤ ᠪᠠ ᠬᠤᠪᠢ ᠬᠥᠮᠦᠨ ᠥᠪᠡᠷ ᠢᠶᠠᠨ ᠰᠤᠷᠤᠯᠴᠠᠬᠤ ᠵᠡᠷᠭᠡ ᠠᠷᠭ᠎ᠠ ᠬᠡᠯᠪᠡᠷᠢ ᠶᠢ ᠠᠪᠴᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠴᠢᠬᠤᠯᠠ ᠠᠭᠤᠯᠭ᠎ᠠ ᠪᠠ ᠪᠣᠳᠠᠲᠤ ᠠᠵᠢᠯᠯᠠᠭ᠎ᠠ ᠪᠣᠯᠭᠠᠬᠤ ᠬᠡᠷᠡᠭᠲᠡᠢ᠃      ᠲᠣᠰ ᠤᠳᠠᠭᠠᠨ ᠤ ᠲᠥᠪᠯᠡᠷᠡᠩᠭᠦᠶ ᠰᠤᠷᠤᠯᠴᠠᠯᠭ᠎ᠠ ᠪᠠᠷ ᠳᠠᠮᠵᠢᠭᠤᠯᠤᠨ᠂ ᠬᠠᠤᠯᠢ ᠬᠡᠷᠡᠭᠵᠢᠭᠦᠯᠬᠦ ᠨᠢᠭᠡᠴᠡ ᠶᠢᠨ ᠺᠠᠳ᠋ᠷ ᠴᠠᠭᠳᠠᠭ᠎ᠠ ᠶᠢᠨ ︽ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ︾ ᠶᠢᠨ ᠲᠤᠬᠠᠶ ᠭᠦᠨᠵᠡᠭᠡᠶ ᠣᠶᠢᠯᠠᠭᠠᠯᠲᠠ ᠶᠢ ᠭᠦᠨᠵᠡᠭᠡᠶᠢᠷᠡᠭᠦᠯᠵᠦ᠂ ᠣᠯᠠᠨ ᠲᠦᠮᠡᠨ ᠳᠤ ᠤᠬᠠᠭᠤᠯᠬᠤ ᠳᠠᠭᠠᠨ ᠵᠥᠪ ᠴᠢᠭᠯᠡᠯ ᠢᠶᠠᠷ ᠬᠥᠲᠥᠯᠦᠨ ᠵᠢᠯᠣᠭᠤᠳᠬᠤ ᠶᠢ ᠦᠨᠡᠨ ᠬᠦ ᠪᠠᠲᠤᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠠᠵᠢᠯ ᠢ ᠪᠠᠶᠢᠩᠭᠤᠵᠢᠭᠤᠯᠤᠨ ᠥᠷᠨᠢᠭᠦᠯᠬᠦ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂  ᠰᠠᠶᠢᠬᠤᠰᠤ ᠪᠠᠯᠭᠠᠰᠤ ︽ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ︾ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠠᠵᠢᠯ ᠤᠨ ᠡᠭᠦᠷᠭᠡ ᠪᠣᠯᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠲᠡᠮᠡᠴᠡᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠤᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃           ᠵᠤᠬᠢᠶᠠᠭᠴᠢ᠄ ᠰᠠᠶᠢᠬᠤᠰᠤ ᠪᠠᠯᠭᠠᠰᠤ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3