ᠳ᠋ᠠ ᠲᠦᠩ ᠶᠣᠣ ᠰᠢᠶᠠᠩ ᠴᠠᠭᠠᠨ ᠰᠠᠷ᠎ᠠ ᠠᠴᠠ ᠡᠮᠦᠨᠡᠬᠡᠨ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/31
     ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ᠂ ᠵᠢᠯ ᠴᠠᠭᠠᠨ ᠰᠠᠷ᠎ᠠ ᠶᠢᠨ ᠠᠭᠤᠷ ᠠᠮᠢᠰᠬᠤᠯ ᠢᠶᠠᠷ ᠪᠢᠯᠬᠠᠵᠤ᠂ ᠤᠢᠢᠷ᠎ᠠ ᠶᠢᠨ ᠡᠳᠦᠷ᠂ ᠳ᠋ᠠ ᠲᠦᠩ ᠶᠣᠣ ᠰᠢᠶᠠᠩ ᠤᠨ ᠨᠠᠮ ᠵᠠᠰᠠᠭ ᠤᠨ ᠤᠳᠤᠷᠢᠳᠬᠤ ᠪᠠᠭ ᠡᠯ᠎ᠡ ᠪᠠᠶᠢᠭ᠎ᠠ ᠪᠦᠦ ᠯᠢᠶᠠᠨ ᠲᠣᠰᠬᠤᠨ ᠳᠤ ᠬᠦᠷᠴᠦ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠨᠤᠲᠤᠭ ᠤᠨ ᠰᠢᠶᠠᠨ ᠲᠠᠪᠤᠨ ᠨᠠᠰᠤᠲᠠᠨ ᠵᠡᠷᠭᠡ ᠬᠥᠮᠦᠰ ᠲᠤ ᠰᠢᠶᠠᠩ ᠤᠨ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠪᠠ ᠬᠠᠶᠢᠷ᠎ᠠ ᠬᠠᠯᠠᠮᠵᠢ ᠶᠢ ᠬᠦᠷᠭᠡᠬᠦ ᠶᠢᠨ ᠬᠠᠮᠲᠤ ᠴᠠᠭᠠᠨ ᠰᠠᠷ᠎ᠠ ᠶᠢᠨ ᠰᠠᠶᠢᠨ ᠰᠠᠶᠢᠬᠠᠨ ᠵᠥᠩᠨᠡᠯ ᠳᠡᠪᠰᠢᠭᠦᠯᠵᠡᠢ᠃      ᠲᠣᠬᠤᠨᠢᠭᠤᠯᠬᠤ ᠠᠵᠢᠯᠯᠠᠭ᠎ᠠ ᠳᠤᠮᠳᠠ᠂ ᠡᠷᠦᠬᠡ ᠪᠦᠷᠢ ᠳᠤ ᠬᠦᠷᠬᠦ ᠪᠦᠷᠢ᠂ ᠰᠢᠶᠠᠩ ᠤᠨ ᠤᠳᠤᠷᠢᠳᠤᠯᠭ᠎ᠠ ᠤᠯᠠᠨ ᠲᠦᠮᠡᠨ ᠲᠠᠢ ᠤᠷᠳᠤ ᠬᠤᠭᠤᠴᠠᠭ᠎ᠠ ᠪᠠᠷ ᠶᠠᠷᠢᠯᠴᠠᠵᠤ᠂ ᠬᠠᠯᠠᠭᠤᠨ ᠳᠤᠯᠠᠭᠠᠨ ᠢ ᠨᠢ ᠬᠠᠯᠠᠮᠵᠢᠯᠠᠨ ᠠᠰᠠᠭᠤᠵᠤ᠂ ᠪᠡᠶ᠎ᠡ ᠶᠢᠨ ᠪᠠᠶᠢᠳᠠᠯ᠂ ᠭᠡᠷ ᠪᠦᠯᠢ ᠶᠢᠨ ᠣᠷᠣᠯᠭ᠎ᠠ᠂ ᠠᠮᠢᠳᠤᠷᠠᠯ ᠤᠨ ᠬᠡᠷᠡᠭᠴᠡᠭᠡ ᠵᠡᠷᠭᠡ ᠶᠢ ᠨᠠᠷᠢᠨ ᠨᠢᠭᠲᠠ ᠠᠰᠠᠭᠤᠨ ᠯᠠᠪᠯᠠᠵᠤ᠂ ᠲᠠᠷᠢᠶᠠᠴᠢᠨ ᠡᠷᠦᠬᠡ ᠶᠢᠨ ᠲᠠᠷᠢᠶ᠎ᠠ ᠲᠠᠷᠢᠬᠤ᠂ ᠮᠠᠯ ᠲᠡᠵᠢᠭᠡᠬᠦ ᠵᠡᠷᠭᠡ ᠣᠷᠣᠯᠭ᠎ᠠ ᠪᠠ ᠨᠥᠬᠦᠪᠥᠷᠢ ᠮᠥᠩᠭᠦ ᠠᠪᠴᠤ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠮᠠᠨ ᠤ ᠨᠠᠮ ᠤᠨ ᠨᠡᠶᠢᠲᠡᠯᠡᠨ ᠬᠡᠷᠡᠭᠵᠢᠭᠦᠯᠦᠭᠰᠡᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠨᠢᠭᠡᠪᠦᠷᠢ᠂ ᠲᠠᠷᠬᠠᠭᠠᠭᠰᠠᠨ ᠨᠥᠬᠦᠪᠥᠷᠢ ᠪᠡᠯᠡ ᠮᠥᠩᠭᠦ ᠨᠢᠭᠡᠪᠦᠷᠢ ᠶᠢ ᠴᠥᠮ ᠤᠯᠠᠨ ᠲᠦᠮᠡᠨ ᠳᠤ ᠲᠣᠳᠣᠷᠬᠠᠢ ᠲᠠᠶᠢᠯᠪᠤᠷᠢᠯᠠᠨ ᠥᠭᠴᠦ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠨᠠᠮ ᠤᠨ ᠠᠴᠢ ᠲᠤᠰᠠ ᠶᠢ ᠮᠡᠳᠡᠷᠡᠭᠦᠯᠵᠦ᠂ ᠨᠠᠮ ᠤᠨ ᠦᠭᠡ ᠶᠢ ᠰᠣᠨᠣᠰᠴᠤ᠂ ᠨᠠᠮ ᠢ ᠲᠠᠭᠠᠪᠠ᠃      ᠲᠥᠯᠥᠭᠡᠯᠡᠭᠴᠢ ᠭᠡᠰᠢᠭᠦᠳ ᠬᠠᠯᠠᠭᠤᠨ ᠳᠤᠯᠠᠭᠠᠨ ᠤ ᠠᠰᠠᠭᠤᠳᠠᠯ ᠢ ᠠᠰᠠᠭᠤᠵᠤ ᠪᠠᠶᠢᠭ᠎ᠠ ᠨᠢ ᠣᠯᠠᠨ ᠲᠦᠮᠡᠨ ᠢ ᠲᠣᠬᠤᠨᠢᠭᠤᠯᠵᠤ ᠪᠠᠶᠢᠭ᠎ᠠ ᠶᠠᠪᠤᠳᠠᠯ ᠮᠥᠨ      ᠪᠦᠬᠦ ᠰᠢᠶᠠᠩ ᠢᠶᠠᠷ ᠢᠶᠠᠨ ᠭᠠᠭᠴᠠᠭᠠᠷ ᠰᠠᠭᠤᠭ᠎ᠠ ᠨᠠᠰᠤᠲᠠᠨ᠂ ᠠᠬᠠᠮᠠᠳ ᠨᠠᠮ ᠤᠨ ᠭᠡᠰᠢᠭᠦᠨ᠂ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠵᠡᠷᠭᠡ ᠣᠨᠴᠠᠭᠠᠢ ᠬᠠᠮᠲᠤᠯᠢᠭ ᠲᠤ ᠴᠢᠭᠯᠡᠭᠦᠯᠵᠦ᠂ ᠰᠢᠶᠠᠨ ᠤ ᠱᠠᠲᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠳᠤᠮᠳᠠ ︽ᠨᠢᠭᠡ ᠨᠠᠰᠤᠲᠠᠨ ᠨᠢᠭᠡ ᠬᠡᠦᠬᠡᠳ︾ ᠲᠠᠢ ᠬᠠᠷᠢᠯᠴᠠᠬᠤ ᠰᠡᠳᠬᠢᠯ ᠢᠶᠠᠨ ᠬᠤᠯᠪᠣᠭᠰᠠᠨ ᠡᠷᠦᠬᠡ ᠶᠢᠨ ᠳᠦᠷᠢᠮ ᠢ ᠬᠡᠷᠡᠭᠵᠢᠭᠦᠯᠵᠦ᠂ ᠲᠥᠯᠥᠭᠡᠯᠡᠭᠴᠢ ᠭᠡᠰᠢᠭᠦᠨ ᠪᠣᠯᠤᠨ ᠤᠯᠠᠨ ᠲᠦᠮᠡᠨ ︽ᠭᠠᠭᠴᠠ ᠴᠢᠭᠯᠡᠯ ᠢᠶᠠᠷ ᠬᠦᠳᠦᠯᠦᠨ ᠳᠠᠭᠠᠭᠤᠯᠬᠤ︾ ᠪᠠᠶᠢᠭᠰᠠᠨ ᠠᠴᠠ ᠪᠠᠨ ︽ᠬᠤᠣᠰ ᠴᠢᠭᠯᠡᠯ ᠢᠶᠠᠷ ᠤᠷᠤᠭᠰᠢᠯᠠᠬᠤ︾ ᠪᠣᠯᠭᠠᠨ ᠬᠤᠪᠢᠷᠠᠭᠤᠯᠵᠠᠢ᠃ ᠨᠠᠰᠤᠲᠠᠶᠢᠴᠤᠳ ᠤᠨ ᠭᠡᠷ ᠲᠤ ᠲᠥᠯᠥᠭᠡᠯᠡᠭᠴᠢᠳ ᠭᠡᠰᠢᠭᠦᠳ ᠨᠠᠰᠤᠲᠠᠶᠢᠴᠤᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠪᠡᠶ᠎ᠡ ᠮᠠᠬᠠᠪᠣᠳ ᠤᠨ ᠪᠠᠶᠢᠳᠠᠯ ᠪᠠ ᠠᠮᠢᠳᠤᠷᠠᠯ ᠤᠨ ᠪᠠᠶᠢᠳᠠᠯ ᠢ ᠯᠠᠪᠯᠠᠨ ᠠᠰᠠᠭᠤᠵᠤ᠂ ᠨᠠᠰᠤᠲᠠᠶᠢᠴᠤᠳ ᠤᠨ ᠰᠡᠳᠬᠢᠯ ᠤᠨ ᠦᠭᠡ ᠪᠠ ᠬᠡᠷᠡᠭᠴᠡᠭᠡ ᠶᠢ ᠨᠠᠷᠢᠨ ᠬᠢᠨᠠᠮᠠᠭᠠᠶ ᠰᠣᠨᠣᠰᠬᠤ ᠶᠢᠨ ᠬᠠᠮᠲᠤ ᠲᠡᠳᠡᠨ ᠤ ᠪᠣᠳᠠᠲᠠᠶ ᠬᠦᠴᠢᠷᠳᠡᠯ ᠢ ᠣᠶᠢᠯᠠᠭᠠᠪᠠ᠃ ᠬᠡᠷ ᠲᠡᠭᠡᠨ ᠬᠤᠴᠣᠷᠤᠭᠰᠠᠨ ᠬᠡᠤᠬᠡᠳ ᠤᠨ ᠬᠡᠷ ᠲᠤ᠂ ᠲᠥᠯᠥᠭᠡᠯᠡᠭᠴᠢ ᠭᠡᠰᠢᠭᠦᠳ ᠠᠴᠠ ᠰᠤᠷᠤᠭᠴᠢᠳ ᠤᠨ ᠰᠤᠷᠤᠯᠭ᠎ᠠ ᠠᠮᠢᠳᠤᠷᠠᠯ ᠵᠢᠴᠢ ᠬᠡᠷ ᠪᠦᠯᠢ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠢ ᠰᠢᠷᠭᠠᠭᠤ ᠬᠠᠲᠠᠭᠤᠵᠢᠯᠲᠠᠶ ᠴᠢᠷᠮᠠᠶᠢᠨ ᠰᠤᠷᠤᠯᠴᠠᠬᠤ ᠬᠡᠷᠡᠭᠲᠡᠶ ᠭᠡᠵᠦ ᠵᠣᠷᠢᠭᠵᠢᠭᠤᠯᠪᠠ᠃      ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠯ ᠵᠢᠷᠭᠠᠯ ᠤᠨ ᠬᠦᠷᠢᠶᠡᠯᠡᠩ ᠤᠨ ᠬᠢᠨ ᠰᠡᠳᠬᠢᠯ ᠳᠦᠭᠦᠷᠡᠩ ᠬᠠᠯᠠᠮᠵᠢᠯᠠᠵᠤ ᠪᠠᠶᠢᠨ᠎ᠠ      ᠠᠵᠢᠯᠯᠠᠭ᠎ᠠ ᠶᠢᠨ ᠳᠤᠮᠳᠠ᠂ ᠲᠥᠯᠥᠭᠡᠯᠡᠭᠴᠢ ᠭᠡᠰᠢᠭᠦᠳ ᠪᠠᠰᠠ ᠳ᠋ᠠ ᠲᠦᠩ ᠶᠣᠣ ᠰᠢᠶᠠᠩ ᠤᠨ ᠵᠣᠯ ᠵᠢᠷᠭᠠᠯ ᠤᠨ ᠬᠦᠷᠢᠶᠡᠯᠡᠩ ᠳᠤ ᠬᠦᠷᠴᠦ᠂ ᠨᠠᠰᠤᠲᠠᠶᠢᠴᠤᠳ ᠲᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠰᠠᠶᠢᠨ ᠳᠤᠷ᠎ᠠ ᠶᠢᠨ ᠠᠵᠢᠯᠯᠠᠭᠴᠢᠳ ᠨᠢᠭᠡ ᠲᠠᠯ᠎ᠠ ᠪᠠᠷ ᠨᠠᠰᠤᠲᠠᠶᠢᠴᠤᠳ ᠲᠠᠢ ᠵᠣᠭᠤᠭ ᠳᠡᠯᠭᠡᠵᠦ᠂ ᠨᠢᠭᠡ ᠲᠠᠯ᠎ᠠ ᠪᠠᠷ ᠪᠣᠯᠪᠠᠰᠤᠷᠠᠩᠭᠤᠢ ᠪᠠᠷ ᠦᠰᠦ ᠵᠠᠰᠠᠵᠤ᠂ ᠪᠣᠯᠪᠠᠰᠤᠷᠠᠩᠭᠤᠢ ᠮᠡᠷᠭᠡᠵᠢᠯ ᠲᠠᠢ᠂ ᠬᠠᠯᠠᠭᠤᠮᠰᠤᠭ ᠦᠢᠯᠡᠴᠢᠯᠡᠭᠡ ᠪᠠᠷ ᠲᠣᠰᠬᠤᠨ ᠤ ᠠᠷᠠᠳ ᠤᠨ ᠰᠠᠶᠢᠨ ᠦᠨᠡᠯᠡᠯᠲᠡ ᠶᠢ ᠣᠯᠵᠠᠢ᠃  ︽ᠲᠡᠳᠡ ᠮᠠᠨ ᠤ ᠨᠠᠰᠤᠲᠠᠶᠢᠴᠤᠳ ᠲᠤ ᠰᠦᠢᠳᠬᠡᠯ ᠬᠤᠷᠢᠶᠠᠬᠤ ᠦᠭᠡᠶ ᠪᠠᠷ ᠦᠰᠦ ᠵᠠᠰᠠᠵᠤ ᠥᠭᠭᠦᠭᠰᠡᠨ ᠳᠤ ᠪᠢᠳᠡ ᠮᠠᠰᠢ ᠪᠠᠶᠠᠷᠯᠠᠵᠤ ᠪᠠᠶᠢᠨ᠎ᠠ᠂ ᠲᠡᠳᠡᠨ ᠤ ᠬᠠᠯᠠᠭᠤᠨ ᠳᠣᠲᠣᠨᠣ ᠦᠢᠯᠡᠴᠢᠯᠡᠭᠡ ᠳᠤ ᠲᠠᠯᠠᠷᠬᠠᠵᠤ ᠪᠠᠶᠢᠨ᠎ᠠ︾᠃ ᠭᠡᠵᠦ ᠯᠠᠨ ᠮᠢᠩ ᠰᠢ ᠨᠠᠰᠤᠲᠠᠨ ᠢᠯᠡᠳᠬᠡᠪᠡ᠃ ᠲᠣᠰ ᠤᠳᠠᠭᠠᠨ ᠤ ᠠᠵᠢᠯᠯᠠᠭ᠎ᠠ ᠨᠢ ᠵᠣᠯ ᠵᠢᠷᠭᠠᠯ ᠤᠨ ᠬᠦᠷᠢᠶᠡᠯᠡᠩ ᠤᠨ ᠬᠤᠷᠢ ᠭᠠᠷᠤᠶ ᠨᠠᠰᠤᠲᠠᠶᠢᠴᠤᠳ ᠲᠤ ᠬᠠᠶᠢᠷ᠎ᠠ ᠬᠠᠯᠠᠮᠵᠢ ᠶᠢᠨ ᠤᠶᠢᠯᠡᠴᠢᠯᠡᠭᠡ ᠬᠠᠩᠭᠠᠵᠤ᠂ ᠨᠠᠰᠤᠲᠠᠶᠢᠴᠤᠳ ᠲᠤ ᠴᠠᠭᠠᠨ ᠰᠠᠷ᠎ᠠ ᠶᠢ ᠤᠭᠲᠤᠵᠤ᠂ ᠲᠡᠳᠡᠨ ᠳᠤ ᠪᠠᠰᠠ ᠳ᠋ᠠ ᠲᠦᠩ ᠶᠣᠣ ᠰᠢᠶᠠᠩ ᠤᠨ ᠶᠡᠭᠡ ᠬᠡᠷ ᠪᠦᠯᠢ ᠶᠢᠨ ᠬᠠᠶᠢᠷ᠎ᠠ ᠬᠠᠯᠠᠮᠵᠢ ᠪᠠ ᠬᠠᠯᠠᠭᠤᠨ ᠳᠤᠯᠠᠭᠠᠨ ᠢ ᠦᠨᠡᠨ ᠬᠦ ᠬᠦᠷᠲᠡᠭᠡᠭᠰᠡᠨ ᠪᠠᠶᠢᠨ᠎ᠠ᠃      ᠡᠭᠦᠨ ᠤ ᠵᠡᠷᠭᠡ ᠳᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ ᠨᠠᠰᠤᠲᠠᠶᠢᠴᠤᠳ ᠤᠨ ᠳᠤᠮᠳᠠ ᠭᠠᠭᠴᠠᠭᠠᠷ ᠰᠠᠭᠤᠵᠤ᠂ ᠭᠡᠷ ᠡᠷᠦᠬᠡ ᠪᠠᠷ ᠢᠶᠠᠨ ᠬᠤᠭ ᠲᠣᠭᠤᠰᠣ ᠠᠷᠢᠯᠭᠠᠵᠤ᠂ ᠨᠠᠰᠤᠲᠠᠶᠢᠴᠤᠳ ᠢ ᠠᠮᠤᠷ ᠵᠢᠷᠭᠠᠯ ᠲᠠᠢ ᠪᠠᠷ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠭᠰᠠᠨ ᠪᠠᠶᠢᠨ᠎ᠠ᠃      ᠢᠷᠥᠭᠡᠯ ᠪᠦᠬᠦᠨ ᠨᠢ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠠᠮᠤᠷ ᠮᠡᠨᠳᠦᠴᠢᠯᠡᠯ ᠢᠶᠠᠷ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ᠃ ᠲᠤᠰ ᠤᠳᠠᠭᠠᠨ ᠤ ᠴᠠᠭᠠᠨ ᠰᠠᠷ᠎ᠠ ᠶᠢᠨ ᠠᠶᠢᠯᠴᠢᠯᠠᠯᠲᠠ ᠪᠠᠷ ᠲᠣᠬᠤᠨᠢᠭᠤᠯᠬᠤ ᠠᠵᠢᠯᠯᠠᠭ᠎ᠠ ᠳᠤ ᠬᠠᠶᠢᠷ᠎ᠠ ᠰᠡᠳᠬᠢᠯᠭᠡ ᠲᠠᠢ ᠪᠣᠯᠤᠭᠰᠠᠨ ᠢᠶᠠᠷ ᠪᠠᠷᠠᠬᠤ ᠦᠭᠡᠢ ᠠᠷᠠᠳ ᠤᠨ ᠰᠡᠳᠬᠢᠯᠭᠡ ᠲᠠᠢ ᠪᠣᠯᠤᠭᠰᠠᠨ ᠢᠶᠠᠷ ᠪᠠᠷᠠᠬᠤ ᠦᠭᠡᠢ ᠨᠡᠩ ᠴᠤ ᠦᠨᠡᠨ ᠰᠡᠳᠬᠢᠯᠭᠡ ᠲᠠᠢ ᠪᠤᠯᠵᠤ᠂ ᠬᠥᠮᠦᠰ ᠤᠨ ᠰᠡᠳᠬᠢᠯ ᠢ ᠭᠦᠢᠴᠡᠳ ᠳᠤᠯᠠᠭᠠᠴᠠᠭᠤᠯᠵᠤ᠂ ᠳ᠋ᠠ ᠲᠦᠩ ᠶᠣᠣ ᠰᠢᠶᠠᠩ ᠤᠨ ᠨᠠᠮ ᠤᠨ  ᠬᠤᠷᠢᠶ᠎ᠡ ᠵᠠᠰᠠᠭ ᠤᠨ ᠣᠷᠳᠣᠨ ᠪᠣᠯᠤᠨ ᠤᠯᠠᠨ ᠲᠦᠮᠡᠨ ᠤ ᠬᠠᠷᠢᠯᠴᠠᠭ᠎ᠠ ᠶᠢ ᠤᠯᠠᠮ ᠴᠢᠨᠠᠭᠰᠢᠳᠠ ᠨᠢᠭᠲᠠᠷᠠᠭᠤᠯᠵᠤ᠂ ᠲᠡᠳᠡᠨ ᠳᠤ ᠬᠠᠶᠢᠷ᠎ᠠ ᠬᠠᠯᠠᠮᠵᠢ ᠶᠢ ᠦᠨᠡᠨᠬᠦ ᠬᠦᠷᠲᠡᠭᠡᠭᠰᠡᠨ ᠪᠠᠶᠢᠨ᠎ᠠ᠃           ᠵᠤᠬᠢᠶᠠᠭᠴᠢ᠄ ᠳ᠋ᠠ ᠲᠥᠩ ᠶᠣᠣ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3