ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠦᠨᠳᠦᠳᠭᠡᠬᠦ᠂ | ᠨᠠᠰᠤᠲᠠᠨ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠬᠤ ᠶᠢᠨ ᠲᠥᠯᠥᠭᠡ᠂ 10 ᠰᠠᠷ᠎ᠠ ᠶᠢᠨ | 11 ᠤ ᠡᠳᠦᠷ᠂ ᠰᠢᠩ ᠾᠧ ᠰᠢᠶᠠᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠰᠢᠶᠠᠨ ᠤ ᠤᠯᠠᠭᠠᠨ ᠮᠧᠶ | ᠰᠤᠪᠢᠯᠠᠯᠲᠠ ᠶᠢᠨ ᠲᠥᠪ ᠲᠤ ᠬᠦᠷᠴᠦ ︽ᠨᠠᠰᠤᠲᠠᠨ ᠢᠶᠠᠨ ᠬᠦᠨᠳᠦᠯᠡᠬᠦ ᠬᠠᠶᠢᠷ᠎ᠠ ᠶᠢᠨ ᠶᠢᠰᠦᠨ ᠰᠠᠷ᠎ᠠ ᠶᠢᠨ ᠶᠢᠰᠦᠨ ᠤ | ᠡᠳᠦᠷ︾ ᠤᠨ ᠭᠤᠤᠯ ᠰᠡᠳᠦᠪᠲᠦ ᠬᠦᠳᠡᠯᠭᠡᠭᠡᠨ ᠥᠷᠨᠢᠭᠦᠯᠪᠡ᠃ | ᠬᠦᠳᠡᠯᠭᠡᠭᠡᠨ ᠨᠢ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠬᠥᠰᠢᠭᠡ ᠪᠠᠨ ᠰᠡᠬᠦᠵᠦ᠂ ᠨᠠᠶᠢᠷᠠᠯ | ᠳᠠᠭᠤᠤ ︽ᠳᠤᠮᠳᠠᠳᠤ ᠤᠯᠤᠰ ᠤᠨ ᠭᠠᠯ ᠤᠯᠠᠭᠠᠨ ᠨᠠᠷᠠ ᠦᠨᠢᠳᠡ ᠤᠨᠠᠬᠤ ᠦᠭᠡᠢ︾᠂ ᠱᠠᠨ ᠰᠢ ᠵᠦᠴᠦᠭᠡ ︽ | ᠨᠠᠷᠠ ᠰᠠᠷᠠᠨ ᠤ ᠵᠢᠷᠤᠭ︾᠂ ᠡᠯ ᠷᠧᠨ ᠲᠠᠢ ︽ᠤᠯᠠᠭᠠᠨ ᠳ᠋ᠧᠩ ᠡᠯᠭᠦᠬᠦ︾ ᠵᠡᠷᠭᠡ ᠨᠠᠰᠤᠲᠠᠶᠢᠴᠤᠳ ᠤᠨ ᠦᠵᠡᠵᠦ | ᠰᠣᠨᠢᠷᠬᠠᠬᠤ ᠳᠤᠷᠠᠲᠠᠢ ᠲᠣᠭᠯᠠᠯᠲᠠ ᠨᠢ ᠨᠢᠵᠢᠭᠢᠨᠡᠲᠡᠯ᠎ᠡ ᠠᠯᠠᠭ᠎ᠠ ᠲᠠᠰᠢᠯᠲᠠ ᠬᠦᠷᠲᠡᠪᠡ᠃ ᠳᠠᠷᠠᠭ᠎ᠠ ᠨᠢ᠂ | ᠰᠤᠪᠢᠯᠠᠯᠲᠠ ᠶᠢᠨ ᠲᠥᠪ ᠤᠨ ᠠᠵᠢᠯᠲᠠᠳ ᠨᠠᠰᠤᠲᠠᠶᠢᠴᠤᠳ ᠢᠶᠠᠨ ᠳᠠᠭᠠᠭᠤᠯᠤᠨ ︽ᠠᠯᠮᠤᠷᠠᠳ ᠤᠨ ᠦᠨᠦᠷ︾ ᠢ | ᠪᠥᠵᠢᠭᠯᠡᠵᠦ ᠠᠬᠤᠢ ᠲᠠᠯᠠᠪᠠᠢ ᠶᠢᠨ ᠠᠭᠤᠷ ᠠᠮᠢᠰᠬᠤᠯ ᠢ ᠭᠦᠢᠴᠡᠳ ᠳᠠᠶᠢᠴᠢᠯᠠᠪᠠ᠃ ᠠᠵᠢᠯᠯᠠᠭ᠎ᠠ ᠶᠢᠨ ᠳᠤᠮᠳᠠ᠂ | ᠰᠤᠪᠢᠯᠠᠯᠲᠠ ᠶᠢᠨ ᠲᠥᠪ ᠨᠢ ᠰᠢᠩ ᠬᠤᠸᠠ ᠨᠡᠶᠢᠭᠡᠮ ᠲᠣᠭᠤᠷᠢᠭ ᠲᠠᠢ ᠬᠠᠮᠲᠤᠷᠠᠨ ᠪᠠᠰᠠ ᠨᠠᠰᠤᠲᠠᠶᠢᠴᠤᠳ ᠤᠨ | ᠪᠠᠶᠢᠩᠭᠤ ᠲᠣᠬᠢᠶᠠᠯᠳᠤᠳᠠᠭ ᠡᠪᠡᠳᠴᠢᠨ ᠪᠠ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ ᠵᠠᠰᠠᠬᠤ᠂ ᠭᠡᠮᠲᠦᠯ ᠢ | ᠤᠷᠢᠳᠴᠢᠯᠠᠨ ᠰᠡᠷᠭᠡᠶᠢᠯᠡᠬᠦ᠂ ᠰᠡᠳᠬᠢᠴᠡ ᠶᠢᠨ ᠡᠷᠡᠭᠦᠯ ᠮᠡᠨᠳᠦ ᠵᠡᠷᠭᠡ ᠡᠷᠡᠭᠦᠯ ᠮᠡᠨᠳᠦ ᠶᠢᠨ ᠮᠡᠳᠡᠯᠭᠡ ᠶᠢ | ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠨᠠᠰᠤᠲᠠᠶᠢᠴᠤᠳ ᠲᠤ ᠪᠠᠶᠢᠩᠭᠤ ᠲᠣᠬᠢᠶᠠᠯᠳᠤᠳᠠᠭ ᠡᠪᠡᠳᠴᠢᠨ ᠢ | ᠰᠡᠷᠭᠡᠶᠢᠯᠡᠨ ᠵᠠᠰᠠᠬᠤ ᠪᠠ ᠡᠳᠦᠷ ᠲᠤᠲᠤᠮ ᠤᠨ ᠠᠩᠬᠠᠷᠬᠤ ᠵᠦᠢᠯᠡᠰ ᠢ ᠲᠠᠶᠢᠯᠪᠤᠷᠢᠯᠠᠨ ᠥᠭᠴᠡᠶ᠃ | ᠬᠦᠳᠡᠯᠭᠡᠭᠡᠨ ᠤ ᠲᠤᠬᠠᠢ ᠶᠢᠨ ᠲᠠᠯᠠᠪᠠᠢ ᠳᠤ᠂ ᠠᠰᠠᠷᠠᠨ ᠰᠤᠪᠢᠯᠠᠭᠴᠢᠳ ᠪᠣᠯᠤᠨ ᠰᠠᠶᠢᠨ ᠳᠤᠷ᠎ᠠ ᠶᠢᠨ | ᠦᠢᠯᠡᠴᠢᠯᠡᠭᠴᠢᠳ ᠨᠠᠰᠤᠲᠠᠶᠢᠴᠤᠳ ᠲᠤ ᠪᠠᠶᠠᠷ ᠤᠨ ᠡᠳᠦᠷ ᠤᠨ ᠵᠥᠩᠨᠡᠯ ᠵᠢᠴᠢ ᠵᠢᠮᠢᠰ ᠵᠡᠷᠭᠡ ᠪᠠᠶᠠᠷ ᠤᠨ ᠡᠳᠦᠷ ᠤᠨ | ᠲᠣᠬᠤᠨᠢᠭᠤᠯᠬᠤ ᠪᠣᠳᠠᠰ ᠬᠦᠷᠭᠡᠵᠦ᠂ ᠨᠠᠰᠤᠲᠠᠶᠢᠴᠤᠳ ᠲᠤ ᠪᠠᠶᠠᠷ ᠪᠠᠶᠠᠰᠤᠯ ᠪᠠ ᠬᠠᠯᠠᠭᠤᠨ ᠳᠤᠯᠠᠭᠠᠨ ᠢ | ᠠᠪᠴᠢᠷᠠᠵᠤ᠂ ᠲᠡᠳᠡᠨ ᠤ ᠵᠣᠯ ᠵᠢᠷᠭᠠᠯᠲᠤ ᠲᠥᠷᠥᠭᠳᠡᠯ ᠪᠠ ᠣᠷᠣᠯᠴᠠᠬᠤ ᠲᠥᠷᠥᠭᠳᠡᠯ ᠢ ᠳᠡᠭᠡᠭᠰᠢᠯᠡᠭᠦᠯᠪᠡ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |