ᠰᠢᠩ ᠾᠧ ᠰᠢᠶᠠᠨ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠠᠭᠤᠯᠠ ᠠᠪᠠᠷᠢᠬᠤ ᠬᠦᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2024/10/12
    ᠶᠢᠰᠦᠨ ᠰᠠᠷ᠎ᠠ ᠶᠢᠨ ᠶᠢᠰᠦᠨ ᠤ ᠪᠠᠶᠠᠷ ᠰᠤᠮᠤᠨ ᠠᠭᠤᠯᠠ ᠶᠢᠨ ᠦᠵᠡᠮᠵᠢ ᠶᠢᠨ ᠣᠷᠣᠨ ᠬᠠᠮᠤᠭ ᠤᠨ  ᠰᠠᠶᠢᠬᠠᠨ ᠤᠯᠠᠷᠢᠯ ᠢ ᠤᠭᠲᠤᠨ ᠠᠪᠴᠢᠷᠠᠯ᠎ᠠ᠃ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠲᠠᠪᠤᠨ ᠵᠠᠭᠤ ᠭᠠᠷᠤᠢ ᠨᠠᠰᠤᠲᠠᠶᠢᠴᠤᠳ ᠰᠤᠮᠤᠨ ᠠᠭᠤᠯᠠᠨ ᠳᠤ ᠴᠤᠭᠯᠠᠷᠠᠵᠤ᠂ ᠵᠠᠮ ᠲᠤᠵᠢ ᠪᠠᠶᠠᠷ ᠬᠥᠷ ᠲᠠᠢ ᠳᠠᠭᠤᠯᠠᠵᠤ᠂ ᠦᠵᠡᠰᠬᠦᠯᠡᠩᠲᠦ ᠰᠠᠶᠢᠬᠠᠨ ᠦᠵᠡᠮᠵᠢ ᠶᠢ ᠰᠣᠨᠢᠷᠬᠠᠵᠤ᠂ ᠨᠣᠶᠠᠨ ᠤᠷᠬᠢᠯ ᠳᠤ ᠠᠪᠠᠷᠢᠵᠤ᠂ ᠥᠩᠭᠡ ᠦᠵᠡᠮᠵᠢ ᠨᠢ ᠵᠢᠷᠤᠭ ᠮᠡᠲᠦ ᠭᠤᠶᠢᠳᠠ ᠰᠠᠶᠢᠬᠠᠨ ᠰᠤᠮᠤᠨ ᠠᠭᠤᠯᠠᠨ ᠳᠤ ᠭᠠᠷᠴᠤ ᠨᠠᠮᠤᠷ ᠤᠨ ᠭᠤᠶᠤ ᠦᠵᠡᠮᠵᠢ ᠶᠢ ᠮᠡᠳᠡᠷᠡᠵᠦ᠂ ᠥᠨᠳᠥᠷ ᠲᠤ ᠵᠣᠭᠰᠣᠨ ᠠᠯᠤᠰ ᠢ ᠪᠠᠷᠠᠯᠠᠬᠤ ᠷᠢᠳᠢ ᠰᠢᠳᠢ ᠶᠢ ᠣᠶᠢᠯᠠᠭᠠᠪᠠ᠃
     ᠥᠷᠯᠥᠭᠡ ᠡᠷᠲᠡ ᠶᠢᠨ ᠠᠩᠬᠠᠨ ᠤ ᠨᠠᠷᠠ ᠶᠢ ᠳᠠᠭᠠᠵᠤ ᠣᠢ ᠶᠢᠨ ᠵᠠᠪᠰᠠᠷ ᠲᠤ ᠨᠠᠰᠤᠲᠠᠶᠢᠴᠤᠳ ᠪᠤᠶᠤ ᠬᠠᠮᠲᠤ ᠶᠠᠪᠤᠬᠤ ᠪᠤᠶᠤ ᠬᠠᠷᠢᠯᠴᠠᠨ ᠲᠦᠰᠢᠵᠦ᠂ ᠨᠠᠮᠤᠷ ᠲᠤ ᠪᠠᠨ ᠮᠣᠷᠳᠠᠵᠠᠢ᠃ ᠲᠡᠳᠡᠨ ᠤ ᠴᠢᠷᠠᠢ ᠳᠤ ᠢᠨᠢᠶᠡᠮᠰᠦᠭᠯᠡᠯ ᠲᠣᠳᠣᠷᠠᠵᠤ᠂ ᠨᠢᠳᠦᠨ ᠳᠤᠨᠢ ᠠᠮᠢᠳᠤᠷᠠᠯ ᠤᠨ ᠬᠠᠶᠢᠷ᠎ᠠ ᠰᠡᠳᠬᠢᠯᠭᠡ ᠪᠠ ᠪᠠᠶᠢᠭᠠᠯᠢ ᠶᠢ ᠪᠢᠰᠢᠷᠡᠨ ᠵᠢᠷᠦᠬᠡᠰᠢᠶᠡᠵᠦ ᠪᠠᠶᠢᠯ᠎ᠠ᠃ ᠡᠨᠡ ᠨᠢ ᠵᠥᠪᠬᠡᠨ ᠪᠡᠶ᠎ᠡ ᠮᠠᠬᠠᠪᠣᠳ ᠤᠨ ᠪᠣᠯᠪᠠᠰᠤᠷᠠᠯ ᠲᠡᠳᠦᠢ ᠦᠭᠡᠢ᠂ ᠨᠡᠩ ᠴᠤ ᠰᠡᠳᠬᠢᠯ ᠰᠠᠨᠠᠭᠠᠨ ᠤ ᠤᠬᠢᠶᠠᠯ ᠪᠣᠯᠬᠤ ᠶᠤᠮ᠃      ᠬᠦᠳᠡᠯᠭᠡᠭᠡᠨ ᠤ ᠳᠤᠮᠳᠠ᠂ ᠵᠣᠬᠢᠶᠠᠨ ᠪᠠᠶᠢᠭᠤᠯᠤᠭᠴᠢ ᠠᠴᠠ ᠨᠠᠰᠤᠲᠠᠶᠢᠴᠤᠳ ᠲᠤ ᠲᠣᠬᠢᠷᠠᠬᠤ ᠠᠭᠤᠯᠠ ᠠᠪᠠᠷᠢᠬᠤ ᠱᠤᠭᠤᠮ ᠢ ᠨᠠᠷᠢᠨ ᠨᠢᠮᠪᠠᠶ ᠲᠣᠬᠢᠷᠠᠭᠤᠯᠵᠤ᠂ ᠠᠮᠤᠷ ᠲᠦᠪᠰᠢᠨ ᠢ ᠪᠠᠲᠤᠯᠠᠬᠤ ᠶᠢᠨ ᠬᠠᠮᠲᠤ ᠪᠠᠰᠠ ᠣᠷᠣᠯᠴᠠᠭᠰᠠᠳ ᠨᠢᠭᠡᠪᠦᠷᠢ ᠳᠤ ᠠᠭᠤᠯᠠ ᠠᠪᠠᠷᠢᠬᠤ ᠪᠠᠶᠠᠷ ᠪᠠᠶᠠᠰᠤᠯ ᠢ ᠭᠦᠢᠴᠡᠳ ᠮᠡᠳᠡᠷᠡᠭᠦᠯᠪᠡ᠃ ᠵᠠᠮ ᠳᠠᠭᠠᠤ ᠶᠢᠨ ᠦᠵᠡᠮᠵᠢ ᠵᠢᠷᠤᠭ ᠰᠢᠭ᠋᠂ ᠡᠨᠡ ᠤᠳᠠᠭᠠᠨ ᠤ ᠬᠥᠳᠡᠯᠭᠡᠭᠡᠨ ᠳᠤ ᠬᠡᠳᠦᠨ ᠬᠤᠪᠢ ᠶᠢᠨ ᠰᠢᠯᠦᠭ ᠤᠨ ᠰᠠᠨᠠᠭ᠎ᠠ ᠨᠡᠮᠡᠭᠰᠡᠨ  ᠪᠠᠶᠢᠨ᠎ᠠ᠃      ᠲᠤᠰ ᠤᠳᠠᠭᠠᠨ ᠤ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠡᠳᠦᠷ ᠤᠨ ᠠᠭᠤᠯᠠ ᠠᠪᠠᠷᠢᠬᠤ ᠠᠵᠢᠯᠯᠠᠭ᠎ᠠ ᠨᠢ ᠨᠠᠰᠤᠲᠠᠶᠢᠴᠤᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠪᠠᠰᠠ ᠨᠡᠶᠢᠭᠡᠮ ᠠᠴᠠ ᠨᠠᠰᠤᠲᠠᠶᠢᠴᠤᠳ ᠢ ᠬᠠᠯᠠᠮᠵᠢᠯᠠᠨ ᠬᠦᠨᠳᠦᠳᠬᠡᠭᠰᠡᠨ ᠪᠠᠶᠢᠨ᠎ᠠ᠃ ᠰᠤᠮᠤᠨ ᠠᠭᠤᠯᠠ ᠶᠢᠨ ᠣᠢ ᠰᠢᠭᠤᠢ ᠶᠢᠨ ᠴᠡᠴᠡᠷᠯᠢᠭ ᠤᠨ ᠨᠣᠮᠢᠨ ᠨᠣᠭᠤᠭᠠᠨ ᠡᠪᠦᠷ ᠲᠦᠯᠡ ᠪᠦᠷᠢ ᠳᠤ᠂ ᠨᠠᠰᠤᠲᠠᠶᠢᠴᠤᠳ ᠮᠠᠷᠲᠠᠭᠳᠠᠰᠢ ᠦᠭᠡᠢ ᠤᠳᠬ᠎ᠠ ᠠᠭᠤᠯᠭ᠎ᠠ ᠲᠠᠢ ᠶᠢᠰᠦᠨ ᠰᠠᠷ᠎ᠠ ᠶᠢᠨ ᠶᠢᠰᠦᠨ ᠤ ᠪᠠᠶᠠᠷ ᠢ ᠥᠩᠭᠡᠷᠡᠭᠡᠵᠡᠢ᠃                                                             ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3