ᠠᠷᠪᠠᠨ ᠲᠠᠪᠤᠳᠤᠭᠠᠷ ᠬᠤᠭᠤᠴᠠᠭᠠᠨ ᠤ ᠰᠢᠩ ᠾᠧ ᠰᠢᠶᠠᠨ ᠤ ᠨᠠᠮ ᠤᠨ ᠬᠤᠷᠢᠶ᠎ᠠ ᠶᠢᠨ ᠶᠢᠰᠦᠳᠦᠭᠡᠷ ᠡᠭᠡᠯᠵᠢ ᠶᠢᠨ ᠴᠠᠭᠳᠠᠨ ᠪᠠᠶᠢᠴᠠᠭᠠᠯᠲᠠ ᠶᠢ ᠲᠥᠪᠯᠡᠷᠡᠭᠦᠯᠦᠨ ᠬᠠᠷᠢᠭᠤ ᠲᠤᠰᠬᠠᠬᠤ ᠵᠢᠴᠢ ᠠᠷᠪᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/14
     10 ᠰᠠᠷ᠎ᠠ ᠶᠢᠨ 12 ᠤᠨ ᠡᠳᠦᠷ᠂ ᠠᠷᠪᠠᠨ ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠶᠢᠰᠦᠳᠦᠭᠡᠷ ᠡᠭᠡᠯᠵᠢ ᠶᠢᠨ ᠴᠠᠭᠳᠠᠨ ᠪᠠᠶᠢᠴᠠᠭᠠᠯᠲᠠ ᠶᠢ ᠲᠥᠪᠯᠡᠷᠡᠭᠦᠯᠦᠨ ᠬᠠᠷᠢᠭᠤ ᠲᠤᠰᠬᠠᠬᠤ ᠵᠢᠴᠢ ᠠᠷᠪᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠸᠠᠩ ᠸᠧᠢ ᠪᠢᠩ ᠬᠤᠷᠠᠯ ᠳᠤ ᠣᠷᠣᠯᠴᠠᠪᠠ᠃      ᠬᠤᠷᠠᠯ ᠠᠴᠠ ᠶᠢᠰᠦᠳᠦᠭᠡᠷ ᠡᠭᠡᠯᠵᠢ ᠶᠢᠨ ᠴᠠᠭᠳᠠᠨ ᠪᠠᠶᠢᠴᠠᠭᠠᠭᠰᠠᠨ ᠪᠠᠶᠢᠳᠠᠯ ᠢ ᠲᠥᠪᠯᠡᠷᠡᠭᠦᠯᠦᠨ ᠬᠠᠷᠢᠭᠤ ᠲᠤᠰᠬᠠᠵᠤ᠂ ᠠᠷᠪᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠳᠡᠳ᠋ ᠳᠠᠷᠤᠭ᠎ᠠ ᠶᠢᠨ ᠡᠷᠬᠡ ᠣᠯᠭᠤᠬᠤ ᠵᠢᠴᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠣᠭᠲᠠᠭᠠᠯ ᠢ ᠨᠡᠶᠢᠲᠡᠯᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠷᠴᠠ ᠰᠡᠯᠡᠮ᠎ᠡ ᠶᠢᠨ ᠦᠢᠯᠡᠳᠦᠯ ᠢ ᠪᠠᠳᠠᠷᠠᠭᠤᠯᠬᠤ ᠳᠤ ᠡᠷᠬᠡᠪᠰᠢ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ︽ᠠᠰᠠᠭᠤᠳᠠᠯ ᠢ ᠢᠯᠡᠷᠡᠭᠦᠯᠬᠦ᠂ ᠰᠦᠷᠳᠡᠭᠦᠯᠦᠯ ᠢ ᠪᠤᠢ ᠪᠣᠯᠭᠠᠬᠤ᠂ ᠥᠭᠡᠷᠡᠴᠢᠯᠡᠯᠲᠡ ᠶᠢ ᠠᠬᠢᠭᠤᠯᠬᠤ ᠂ ᠬᠥᠭᠵᠢᠯᠲᠡ ᠶᠢ ᠠᠬᠢᠭᠤᠯᠬᠤ︾ ᠠᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠣᠭᠤᠷᠢᠨ ᠪᠠᠶᠢᠴᠠᠭᠠᠬᠤ ᠠᠵᠢᠯ ᠢ ᠤᠬᠠᠮᠰᠠᠷ ᠠᠴᠠ ᠪᠠᠨ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠲᠠᠯᠪᠢᠵᠤ ᠪᠣᠳᠣᠯᠬᠢᠯᠠᠨ᠂ ᠲᠥᠯᠥᠪᠵᠢᠭᠦᠯᠵᠦ᠂ ᠠᠬᠢᠭᠤᠯᠵᠤ᠂ ︽ᠡᠮᠦᠨ᠎ᠡ ᠬᠠᠷᠠᠭᠤᠯ︾᠂ ︽ᠬᠤᠰᠢᠭᠤᠴᠢ ᠴᠡᠷᠢᠭ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠴᠢᠩᠭ᠎ᠠ ᠬᠦᠭ ᠠᠶᠠᠰ ᠢ ᠲᠣᠭᠤᠷᠢᠨ ᠪᠠᠶᠢᠴᠠᠭᠠᠬᠤ ᠠᠵᠢᠯ ᠤᠨ ᠪᠦᠬᠦ ᠶᠠᠪᠤᠴᠠ ᠳᠤ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠬᠤ ᠬᠤᠷᠴᠠ ᠰᠡᠯᠡᠮ᠎ᠡ ᠶᠢ ᠥᠨᠳᠥᠷ ᠡᠯᠭᠦᠬᠦ᠂ ᠦᠷᠭᠦᠯᠵᠢ ᠰᠦᠷᠳᠡᠭᠦᠯᠬᠦ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ  ᠂ ᠬᠢᠨᠠᠯᠲᠠ ᠲᠠᠯᠪᠢᠬᠤ ᠶᠠᠰᠤ ᠴᠢᠨᠠᠷ ᠢ ᠳᠡᠭᠡᠭᠰᠢᠯᠡᠭᠦᠯᠵᠦ᠂ ᠠᠷᠪᠠᠨ ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠠᠷᠪᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠡᠭᠦᠷᠭᠡ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠬᠡᠷᠡᠭᠲᠡᠢ᠃ ︽ᠳᠥᠷᠪᠡᠨ ᠠᠩᠬᠠᠷᠤᠯ︾ ᠤᠨ ᠬᠢᠨᠠᠯᠲᠠ ᠲᠠᠯᠪᠢᠬᠤ ᠭᠤᠣᠯᠳᠠᠯᠭ᠎ᠠ ᠶᠢᠨ ᠲᠣᠭᠤᠷᠢᠨ ᠳᠤ᠂ ᠨᠡᠶᠢᠲᠡᠯᠢᠭ ᠴᠢᠨᠠᠷᠲᠠᠶ ᠱᠠᠭᠠᠷᠳᠠᠯᠭ᠎ᠠ ᠶᠢ ᠡᠵᠡᠮᠳᠡᠵᠦ᠂ ᠥᠪᠡᠷᠮᠢᠴᠡ ᠣᠨᠴᠠᠯᠢᠭ ᠢ ᠳᠣᠪᠤᠶᠢᠯᠭᠠᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠴᠢᠩᠭ᠎ᠠ ᠠᠩᠬᠠᠷᠴᠤ᠂ ᠬᠢᠨᠠᠯᠲᠠ ᠲᠠᠯᠪᠢᠬᠤ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ︔ ᠭᠤᠣᠯᠳᠠᠯᠭ᠎ᠠ ᠲᠠᠢ ᠬᠥᠮᠦᠨ᠂ ᠭᠤᠣᠯᠳᠠᠯᠭ᠎ᠠ ᠲᠠᠢ ᠶᠠᠪᠤᠳᠠᠯ᠂ ᠭᠤᠣᠯᠳᠠᠯᠭ᠎ᠠ ᠲᠠᠢ ᠠᠵᠢᠯ ᠤᠨ ᠪᠠᠶᠢᠷᠢ ᠶᠢ ᠴᠢᠩᠭ᠎ᠠ ᠠᠩᠬᠠᠷᠴᠤ᠂ ᠠᠰᠠᠭᠤᠳᠠᠯ ᠤᠨ ᠰᠦᠪᠡᠭᠴᠢ ᠶᠢ ᠭᠦᠨᠵᠡᠭᠡᠢ ᠠᠭᠤᠳᠠᠯᠵᠤ᠂ ᠭᠦᠨᠵᠡᠭᠡᠢ ᠣᠶᠢᠯᠠᠭᠠᠵᠤ᠂ ᠬᠢᠨᠠᠯᠲᠠ ᠲᠠᠯᠪᠢᠬᠤ ᠰᠦᠷ ᠬᠦᠴᠦᠨ ᠢ ᠳᠡᠭᠡᠭᠰᠢᠯᠡᠭᠦᠯᠬᠦ ᠬᠡᠷᠡᠭᠲᠡᠢ︔ ᠲᠣᠭᠤᠷᠢᠨ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠬᠤ᠂ ᠰᠢᠢᠳᠪᠦᠷᠢᠯᠡᠬᠦ ᠶᠢ ᠣᠷᠭᠠᠨᠢᠭ ᠢᠶᠠᠷ ᠤᠶᠠᠯᠳᠤᠭᠤᠯᠵᠤ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠰᠠᠶᠢᠵᠢᠷᠠᠭᠤᠯᠬᠤ᠂ ᠲᠣᠭᠤᠷᠢᠨ ᠪᠠᠶᠢᠴᠠᠭᠠᠬᠤ ᠶᠢᠨ ᠳᠠᠭᠠᠤ ᠪᠠᠶᠢᠴᠠᠭᠠᠬᠤ ᠶᠢ ᠴᠢᠩᠭᠠᠳᠬᠠᠵᠤ᠂ ᠤᠯᠤᠰ ᠲᠦᠷᠦ ᠶᠢᠨ ᠬᠢᠨᠠᠯᠲᠠ ᠶᠢᠨ ᠪᠣᠳᠠᠲᠤ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠷᠪᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠬᠦᠴᠦᠲᠡᠢ ᠡᠮᠬᠢ ᠵᠢᠷᠤᠮ ᠲᠠᠢ ᠥᠷᠨᠢᠬᠦ ᠶᠢ ᠪᠠᠲᠤᠯᠠᠬᠤ ᠬᠡᠷᠡᠭᠲᠡᠢ᠃ ᠶᠠᠪᠤᠴᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠲᠣᠭᠤᠷᠢᠨ ᠪᠠᠶᠢᠴᠠᠭᠠᠬᠤ ᠲᠥᠰᠦᠯ ᠤᠨ ᠵᠢᠯᠤᠭᠤᠳᠤᠯᠭ᠎ᠠ ᠶᠢᠨ ᠴᠢᠳᠠᠮᠵᠢ᠂ ᠳᠤᠮᠳᠠ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠶᠢᠨ ᠬᠡᠯᠪᠠᠶᠢᠭᠦᠦ ᠴᠢᠳᠠᠮᠵᠢ ᠶᠢ ᠭᠦᠢᠴᠡᠳ ᠪᠠᠳᠠᠷᠠᠭᠤᠯᠬᠤ ᠬᠡᠷᠡᠭᠲᠡᠢ︔ ᠬᠠᠮᠵᠢᠯᠴᠠᠬᠤ ᠨᠢᠭᠡᠴᠡ ᠯᠦᠭᠡ ᠶᠢᠨ ᠬᠠᠮᠵᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠣᠲᠣᠷᠠᠬᠢ ᠠᠵᠢᠯ ᠤᠨ ᠨᠢᠭᠡᠳᠦᠯᠲᠡᠶ ᠲᠥᠯᠥᠪᠵᠢᠭᠦᠯᠭᠡ ᠶᠢ ᠴᠢᠩᠭᠠᠷᠠᠭᠤᠯᠤᠨ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠦᠨᠡᠨ ᠬᠦ ᠨᠢᠭᠲᠠᠷᠠᠭᠤᠯᠬᠤ ᠬᠡᠷᠡᠭᠲᠡᠶ᠃ ᠰᠠᠬᠢᠯᠭ᠎ᠠ ᠪᠠᠲᠤ ᠣᠪᠣᠷ ᠰᠤᠷᠲᠠᠯ ᠢ ᠴᠢᠩᠳᠠᠯᠠᠵᠤ᠂ ᠴᠠᠭᠳᠠᠨ ᠪᠠᠶᠢᠴᠠᠭᠠᠬᠤ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠴᠠᠭᠳᠠᠨ ᠪᠠᠶᠢᠴᠠᠭᠠᠬᠤ ᠡᠩᠨᠡᠭᠡᠨ ᠤ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠬᠤ ᠪᠠ ᠬᠠᠮᠠᠭᠠᠯᠠᠬᠤ ᠬᠡᠷᠡᠭᠲᠡᠢ᠃ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠲᠡᠭᠦᠰᠦᠭᠰᠡᠨ ᠤ ᠲᠠᠷᠠᠭ᠎ᠠ᠂ ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠭᠡᠷ ᠲᠣᠭᠤᠷᠢᠨ ᠪᠠᠶᠢᠴᠠᠭᠠᠬᠤ ᠪᠣᠯᠪᠠᠰᠤᠷᠠᠯ ᠢ ᠵᠣᠬᠢᠶᠠᠨ ᠪᠠᠶᠢᠭᠤᠯᠵᠤ ᠬᠢᠪᠡ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3