ᠰᠢᠩ ᠾᠧ ᠰᠢᠶᠠᠨ ᠤ ᠡᠦ ᠬᠥ᠋ ᠴᠢᠤᠸᠠᠨ ᠰᠢᠶᠠᠩ ᠤᠨ ᠡᠦ ᠬᠥ᠋ ᠴᠢᠤᠸᠠᠨ ᠲᠣᠰᠬᠤᠨ ᠤ ᠬᠥᠬᠡ ᠨᠥᠭᠡᠴᠡᠯᠡᠵᠦ | ᠪᠠᠶᠢᠭ᠎ᠠ ᠡᠷᠳᠡᠨᠢ ᠰᠢᠰᠢ ᠶᠢᠨ ᠲᠠᠷᠢᠶᠠᠨ ᠳᠤ᠂ ᠮᠠᠰᠢᠨ ᠤ ᠬᠦᠩᠭᠢᠨᠡᠮ᠎ᠡ ᠲᠠᠭᠤᠨ ᠢ ᠳᠠᠭᠠᠯᠳᠤᠨ᠂ ᠬᠥᠬᠡ ᠳᠠᠷᠤᠰᠢ ᠶᠢᠨ | ᠬᠠᠳᠤᠵᠤ ᠬᠤᠷᠢᠶᠠᠬᠤ ᠮᠠᠰᠢᠨ ᠶᠠᠭ ᠲᠠᠷᠢᠶᠠᠨ ᠳᠤᠮᠳᠠ ᠶᠠᠭᠠᠷᠠᠯᠳᠤᠵᠤ᠂ ᠥᠨᠳᠥᠷ ᠬᠤᠷᠳᠤᠴᠠ ᠪᠠᠷ ᠡᠷᠭᠢᠯᠳᠦᠵᠤ ᠪᠠᠶᠢᠭ᠎ᠠ | ᠠᠷᠠᠭᠠᠲᠤ ᠬᠦᠷᠳᠦ ᠶᠠᠭ ᠰᠠᠶᠢᠬᠠᠨ ᠲᠠᠷᠢᠶᠠᠨ ᠭᠠᠵᠠᠷ ᠲᠤ ᠪᠠᠶᠢᠵᠤ᠂ ᠨᠢᠭᠡ ᠮᠥᠷ ᠲᠡᠷᠢ ᠲᠡᠭᠰᠢ ᠨᠣᠭᠤᠭᠠᠨ ᠨᠥᠭᠡᠴᠡ | ᠡᠷᠳᠡᠨᠢ ᠰᠢᠰᠢ ᠶᠢ ᠬᠠᠳᠤᠵᠤ ᠬᠡᠮᠬᠡᠯᠬᠦ᠂ ᠬᠡᠮᠬᠡᠯᠬᠦ᠂ ᠵᠥᠭᠡᠭᠡᠪᠦᠷᠢᠯᠡᠬᠦ ᠳᠤ ᠮᠠᠰᠢ ᠶᠠᠭᠠᠷᠠᠯᠲᠠᠶ ᠪᠠᠶᠢᠳᠠᠯ ᠢᠯᠡᠷᠡᠵᠦ᠂ ︽ᠬᠡᠳᠦᠨ | ᠡᠳᠦᠷ ᠤᠨ ᠪᠣᠷᠣᠭᠠᠨ ᠢ ᠬᠥᠭᠡᠭᠡᠵᠦ ᠭᠦᠢᠴᠡᠬᠦ ᠦᠭᠡᠢ᠂ ᠮᠠᠨ ᠤ ᠲᠠᠷᠢᠶᠠᠨ ᠤ ᠬᠥᠮᠦᠰ ᠤᠨ ᠰᠡᠳᠬᠢᠯ ᠢ ᠪᠠᠴᠢᠮ ᠪᠠᠶᠢᠯ᠎ᠠ᠂ | ᠲᠥᠯᠥᠭᠡᠯᠡᠭᠴᠢ ᠭᠡᠰᠢᠭᠦᠳ ᠮᠠᠨ ᠤ ᠭᠡᠷ ᠢ ᠬᠠᠪᠰᠤᠷᠤᠨ ᠳᠠᠭᠤᠳᠠᠵᠤ ᠬᠠᠳᠤᠵᠤ ᠬᠤᠷᠢᠶᠠᠬᠤ ᠮᠠᠰᠢᠨ ᠭᠡᠵᠦ ᠲᠠᠭᠤᠳᠠᠬᠤ ᠨᠢ | ᠦᠨᠡᠬᠡᠷ ᠴᠠᠭ ᠲᠤᠬᠠᠶ ᠳᠤᠨᠢ ᠪᠣᠯᠵᠠᠢ︾ ᠭᠡᠵᠦ ᠬᠡᠯᠡᠪᠡ᠃ ᠡᠦ ᠭᠦ᠋ ᠴᠢᠤᠸᠠᠨ ᠲᠣᠰᠬᠤᠨ ᠤ ᠲᠠᠷᠢᠮᠠᠯ ᠤᠨ ᠡᠷᠦᠬᠡ ᠸᠠᠩ | ᠨᠠᠰᠤᠲᠠᠨ ᠤ ᠴᠢᠷᠠᠢ ᠳᠤ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠪᠢᠯᠬᠠᠵᠤ ᠪᠠᠶᠢᠪᠠ᠃ | ᠣᠳᠣᠬᠠᠨ ᠳᠤ ᠲᠠᠷᠢᠮᠠᠯ ᠵᠠᠯᠭᠠᠭ᠎ᠠ ᠪᠠᠷ ᠪᠣᠯᠪᠠᠰᠤᠷᠠᠵᠤ᠂ ᠤᠳᠠᠯ ᠦᠭᠡᠢ ᠬᠤᠷᠢᠶᠠᠯᠲᠠ ᠶᠢᠨ ᠬᠤᠭᠤᠴᠠᠭᠠᠨ ᠳᠤ | ᠣᠷᠣᠬᠤ ᠭᠡᠵᠦ ᠪᠠᠶᠢᠨ᠎ᠠ᠂ ᠭᠡᠪᠡᠴᠦ ᠬᠡᠳᠦᠨ ᠡᠳᠦᠷ ᠤᠨ ᠲᠤᠷᠰᠢ ᠦᠷᠭᠦᠯᠵᠢᠯᠡᠨ ᠪᠣᠷᠣᠭᠠᠨ ᠣᠷᠣᠵᠤ᠂ ᠬᠡᠰᠡᠭ ᠲᠠᠷᠢᠮᠠᠯ | ᠬᠤᠬᠢᠷᠠᠵᠤ᠂ ᠲᠠᠷᠢᠮᠠᠯ ᠤᠨ ᠵᠦᠢᠯ ᠢ ᠴᠠᠭ ᠲᠤᠬᠠᠢ ᠳᠤᠨᠢ ᠬᠤᠷᠢᠶᠠᠬᠤ ᠶᠢ ᠪᠠᠲᠤᠯᠠᠵᠤ᠂ ᠤᠯᠠᠨ ᠲᠦᠮᠡᠨ ᠢ ᠬᠠᠪᠰᠤᠷᠤᠨ | ᠬᠤᠬᠢᠷᠠᠯ ᠢ ᠪᠠᠭᠠᠰᠬᠠᠬᠤ ᠶᠢᠨ ᠲᠥᠯᠥᠭᠡ ᠶᠤᠮ᠃ ᠡᠦ ᠭᠦ᠋ ᠴᠢᠤᠸᠠᠨ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠲᠣᠬᠢᠷᠠᠭᠤᠯᠤᠯᠲᠠ ᠵᠢᠯᠤᠭᠤᠳᠤᠯᠭ᠎ᠠ ᠳᠣᠣᠷ᠎ᠠ᠂ ᠰᠢᠶᠠᠩ ᠬᠤᠯᠪᠣᠭ᠎ᠠ ᠠᠪᠬᠤ ᠲᠠᠰᠤᠭ ᠠᠵᠢᠯᠯᠠᠭ᠎ᠠ ᠶᠢᠨ | ᠪᠠᠶᠢᠷᠢᠯᠠᠭᠤᠯᠤᠯᠲᠠ ᠬᠢᠵᠦ᠂ ᠲᠥᠯᠥᠭᠡᠯᠡᠭᠴᠢ ᠭᠡᠰᠢᠭᠦᠳ ᠢ ᠵᠣᠬᠢᠶᠠᠨ ᠪᠠᠶᠢᠭᠤᠯᠤᠨ ᠲᠠᠷᠢᠶᠠᠨ ᠭᠠᠵᠠᠷ ᠲᠤ ᠭᠦᠨᠵᠡᠭᠡᠶᠢᠷᠡᠵᠦ᠂ | ᠲᠥᠯᠥᠭᠡᠯᠡᠭᠴᠢ ᠭᠡᠰᠢᠭᠦᠳ ᠤᠨ ᠤᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠤᠯᠠᠨ ᠲᠦᠮᠡᠨ ᠤ ᠰᠡᠳᠬᠢᠯ ᠤᠨ ᠦᠭᠡ ᠶᠢ ᠰᠠᠨᠠᠭᠠᠴᠢᠯᠠᠭ᠎ᠠ ᠠᠴᠠ ᠪᠠᠨ ᠰᠣᠨᠣᠰᠴᠤ᠂ ᠲᠡᠳᠡᠨ ᠤ ᠵᠠᠪᠳᠤᠨ | ᠬᠤᠷᠢᠶᠠᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠣᠶᠢᠯᠠᠭᠠᠬᠤ ᠶᠢᠨ ᠬᠠᠮᠲᠤ ᠥᠪᠡᠷ ᠤᠨ ᠠᠵᠢᠯ | ᠲᠦᠷᠦᠯ ᠤᠨ ᠲᠤᠰᠬᠠᠢ ᠴᠢᠳᠠᠪᠤᠷᠢ ᠪᠠᠨ ᠠᠰᠢᠭᠯᠠᠨ ᠵᠣᠬᠢᠴᠠᠭᠤᠯᠤᠨ ᠰᠢᠢᠳᠪᠦᠷᠢᠯᠡᠵᠦ᠂ ᠤᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠤᠰᠤᠳ ᠨᠠᠮ ᠤᠨ ᠭᠡᠰᠢᠭᠦᠨ ᠺᠠᠳ᠋ᠷ ᠲᠠᠢ ᠬᠠᠮᠲᠤ ᠪᠠᠷ ᠤᠯᠠᠨ ᠲᠦᠮᠡᠨ ᠤ ᠨᠠᠮᠤᠷ ᠤᠨ ᠠᠮᠤ | ᠪᠤᠳᠠᠭ᠎ᠠ ᠶᠢ ᠵᠠᠪᠳᠤᠨ ᠬᠤᠷᠢᠶᠠᠬᠤ ᠳᠤ ᠬᠦᠴᠦᠨ ᠨᠡᠮᠡᠷᠢᠯᠡᠵᠦ᠂ ᠲᠤᠰᠢᠶᠠᠯ ᠬᠠᠷᠢᠭᠤᠴᠠᠯᠭ᠎ᠠ ᠪᠠᠨ ᠪᠠᠶᠢᠩᠭᠤ ᠭᠦᠢᠴᠡᠳᠬᠡᠬᠦ | ᠳᠤᠮᠳᠠ ᠤᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠬᠦ ︽ᠦᠢᠯᠡᠴᠢᠯᠡᠭᠴᠢ︾ ᠪᠣᠯᠤᠭᠰᠠᠨ ᠪᠠᠶᠢᠨ᠎ᠠ᠃ | ᠮᠠᠰᠢᠨ ᠲᠥᠬᠦᠭᠡᠷᠦᠮᠵᠢ ᠶᠢ ᠲᠣᠬᠢᠷᠠᠭᠤᠯᠵᠤ᠂ ᠵᠠᠪᠳᠤᠨ ᠬᠤᠷᠢᠶᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠲᠥᠯᠥᠭᠡᠯᠡᠭᠴᠢ ᠭᠡᠰᠢᠭᠦᠳ ᠪᠣᠷᠣᠭᠠᠨ ᠤ ᠳᠠᠷᠠᠭ᠎ᠠ ᠲᠤᠬᠠᠶ ᠶᠢᠨ ᠭᠠᠵᠠᠷ ᠲᠤᠨᠢ ᠲᠠᠷᠢᠶᠠᠨ ᠭᠠᠵᠠᠷ ᠢ ᠵᠢᠭᠰᠠᠭᠠᠨ ᠪᠠᠶᠢᠴᠠᠭᠠᠵᠤ᠂ | ᠲᠠᠷᠢᠮᠠᠯ ᠤᠨ ᠭᠠᠮᠰᠢᠭᠳᠠᠭᠰᠠᠨ ᠪᠠᠶᠢᠳᠠᠯ ᠢ ᠬᠢᠨᠠᠨ ᠬᠠᠷᠭᠤᠭᠤᠯᠬᠤ ᠳᠠᠭᠠᠨ ᠬᠡᠰᠡᠭ ᠲᠠᠷᠢᠮᠠᠯ ᠤᠨ ᠡᠷᠦᠬᠡ ᠶᠢᠨ ᠲᠠᠷᠢᠶᠠᠯᠠᠩ ᠤᠨ | ᠮᠠᠰᠢᠨ ᠪᠠᠭᠠᠵᠢ ᠪᠠ ᠬᠥᠳᠡᠯᠮᠦᠷᠢ ᠬᠦᠴᠦ ᠳᠤᠲᠠᠭᠳᠠᠵᠤ ᠪᠠᠶᠢᠬᠤ ᠶᠢ ᠣᠶᠢᠯᠠᠭᠠᠵᠤ᠂ ᠵᠠᠪᠳᠤᠨ ᠬᠤᠷᠢᠶᠠᠬᠤ ᠠᠬᠢᠴᠠ ᠶᠢ | ᠨᠥᠯᠥᠭᠡᠯᠡᠵᠦ᠂ ᠥᠪᠡᠷ ᠤᠨ ᠪᠡᠶ᠎ᠡ ᠪᠠᠷ ᠢᠶᠠᠨ ᠣᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢᠶᠠᠨ ᠠᠰᠢᠭᠯᠠᠨ᠂ | ᠲᠠᠷᠢᠮᠠᠯ ᠤᠨ ᠲᠣᠮᠣ ᠡᠷᠦᠬᠡ ᠶᠢ ᠳᠣᠭᠢᠷᠠᠭᠤᠯᠬᠤ ᠲᠥᠬᠦᠭᠡᠷᠦᠮᠵᠢ ᠪᠠ ᠬᠥᠮᠦᠨ ᠤ ᠬᠦᠴᠦᠨ ᠢ ᠢᠳᠡᠪᠬᠢᠲᠡᠶ ᠵᠣᠬᠢᠴᠠᠭᠤᠯᠵᠤ᠂ | ᠣᠯᠠᠨ ᠲᠦᠮᠡᠨ ᠤ ᠪᠣᠳᠠᠲᠠᠶ ᠬᠦᠴᠢᠷᠳᠡᠯ ᠢ ᠰᠢᠢᠳᠪᠦᠷᠢᠯᠡᠪᠡ᠃ ᠣᠳᠣᠬᠠᠨ ᠳᠤ᠂ ᠡᠦ ᠬᠥ᠋ ᠴᠢᠤᠸᠠᠨ ᠰᠢᠶᠠᠩ ᠤᠨ ᠬᠠᠷᠢᠶ᠎ᠠ | ᠣᠷᠣᠨ ᠳᠤ ᠬᠠᠳᠤᠵᠤ ᠬᠤᠷᠢᠶᠠᠬᠤ ᠮᠠᠰᠢᠨ᠂ ᠲᠷᠠᠺᠲ᠋ᠣᠷ᠂ ᠠᠴᠢᠶᠠᠯᠠᠬᠤ ᠮᠠᠰᠢᠨ ᠵᠡᠷᠭᠡ 393 ᠲᠠᠷᠢᠶᠠᠯᠠᠩ ᠤᠨ ᠮᠠᠰᠢᠨ | ᠪᠠᠭᠠᠵᠢ ᠶᠢ ᠶᠠᠭ ᠡᠮᠬᠢ ᠵᠢᠷᠤᠮ ᠲᠠᠢ ᠪᠠᠷ ᠠᠵᠢᠯᠯᠠᠭᠤᠯᠵᠤ᠂ 20 ᠬᠠᠳᠤᠵᠤ ᠬᠤᠷᠢᠶᠠᠬᠤ ᠮᠠᠰᠢᠨ ᠢ ᠤᠳᠠᠯ ᠦᠭᠡᠢ ᠲᠠᠷᠢᠶᠠᠨ | ᠭᠠᠵᠠᠷ ᠲᠤ ᠲᠣᠬᠢᠷᠠᠭᠤᠯᠵᠤ᠂ ᠬᠥᠮᠦᠨ ᠤ ᠬᠦᠴᠦ ᠪᠠᠷ ᠬᠠᠷᠢᠯᠴᠠᠨ ᠬᠠᠮᠵᠢᠯᠴᠠᠵᠤ᠂ ᠠᠭᠤᠳᠠᠯᠬᠤ᠂ ᠲᠡᠭᠦᠬᠦ᠂ ᠲᠡᠷᠭᠡᠨ ᠳᠤ | ᠠᠴᠢᠶᠠᠯᠠᠬᠤ᠂ ᠵᠥᠭᠡᠭᠡᠪᠦᠷᠢᠯᠡᠬᠦ ᠳᠤ ᠥᠨᠳᠥᠷ ᠪᠦᠲᠦᠮᠵᠢᠲᠡᠶ ᠴᠤᠪᠤᠷᠠᠯ ᠱᠤᠭᠤᠮ ᠢ ᠪᠦᠷᠢᠯᠳᠦᠭᠦᠯᠪᠡ᠃ ᠣᠲᠣ ᠪᠣᠯᠲᠠᠯ᠎ᠠ᠂ | ᠡᠦ ᠬᠥ᠋ ᠴᠢᠤᠸᠠᠨ ᠰᠢᠶᠠᠩ ᠠᠮᠤ ᠪᠤᠳᠠᠭᠠᠨ ᠤ ᠲᠠᠷᠢᠮᠠᠯ ᠢ ᠨᠢᠭᠡᠨᠲᠡ 6 ᠲᠦᠮᠡᠨ ᠮᠥ ᠵᠠᠪᠳᠤᠨ ᠬᠤᠷᠢᠶᠠᠵᠤ᠂ ᠠᠵᠤ | ᠠᠬᠤᠶ ᠶᠢᠨ ᠲᠠᠷᠢᠮᠠᠯ ᠢ 1 ᠲᠦᠮᠡᠨ ᠮᠥ ᠵᠠᠪᠳᠤᠨ ᠬᠤᠷᠢᠶᠠᠵᠠᠶ᠃ | ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤ ᠨᠢ ᠬᠦᠷᠭᠡᠵᠦ᠂ ᠵᠥᠷᠢᠴᠡᠯ ᠭᠠᠷᠬᠤ ᠶᠢ ᠰᠡᠷᠭᠡᠶᠢᠯᠡᠵᠦ᠃ | ᠲᠥᠯᠥᠭᠡᠯᠡᠭᠴᠢ ᠭᠡᠰᠢᠭᠦᠳ ᠲᠠᠷᠢᠶᠠᠨ ᠭᠠᠵᠠᠷ ᠲᠤ ᠬᠦᠷᠴᠦ᠂ ᠥᠪᠡᠷ ᠤᠨ ᠪᠡᠶ᠎ᠡ ᠪᠠᠨ ᠠᠰᠢᠭᠯᠠᠨ ᠲᠠᠷᠢᠮᠠᠯ ᠤᠨ ᠦᠢᠯᠡᠰ ᠤᠨ | ᠲᠠᠯ᠎ᠠ ᠪᠠᠷ ᠬᠢ ᠲᠤᠰᠬᠠᠶ ᠮᠡᠷᠭᠡᠵᠢᠯ ᠢ ᠲᠦᠭᠡᠮᠡᠯᠵᠢᠭᠦᠯᠵᠦ᠂ ᠣᠯᠠᠨ ᠲᠦᠮᠡᠨ ᠢ ᠳᠠᠶᠢᠴᠢᠯᠠᠨ ᠵᠣᠬᠢᠴᠠᠩᠭᠤᠶ ᠠᠷᠭ᠎ᠠ ᠬᠡᠮᠵᠢᠶ᠎ᠡ | ᠠᠪᠴᠤ᠂ ᠲᠠᠷᠢᠮᠠᠯ ᠤᠨ ᠬᠢᠷᠠᠭᠤ ᠬᠥᠯᠳᠡᠬᠦ᠂ ᠢᠯᠵᠢᠷᠡᠬᠦ ᠵᠡᠷᠭᠡ ᠠᠰᠠᠭᠤᠳᠠᠯ ᠭᠠᠷᠬᠤ ᠶᠢ ᠰᠡᠷᠭᠡᠶᠢᠯᠡᠬᠦ ᠶᠢᠨ ᠬᠠᠮᠲᠤ | ᠲᠠᠷᠢᠶᠠᠯᠠᠩ ᠤᠨ ᠳᠠᠭᠠᠳᠬᠠᠯ ᠤᠨ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠵᠤ᠂ ᠣᠯᠠᠨ | ᠲᠦᠮᠡᠨ ᠤ ᠲᠥᠷᠥ ᠶᠢᠨ ᠪᠣᠳᠣᠯᠭ᠎ᠠ ᠶᠢ ᠮᠡᠳᠡᠬᠦ ᠨᠣᠷᠮ᠎ᠠ ᠶᠢ ᠦᠨᠡᠨ ᠬᠦ ᠳᠡᠭᠡᠭᠰᠢᠯᠡᠭᠦᠯᠵᠦ᠂ ᠣᠯᠠᠨ ᠲᠦᠮᠡᠨ ᠤ ᠬᠤᠬᠢᠷᠠᠯ ᠢ | ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠠᠰᠬᠠᠬᠤ ᠪᠠᠷ ᠴᠢᠷᠮᠠᠶᠢᠨ᠎ᠠ᠃ | ᠪᠣᠷᠣᠯᠠᠭᠤᠯᠭ᠎ᠠ ᠶᠢᠨ ᠵᠠᠮ ᠢ ᠥᠷᠭᠡᠳᠬᠡᠬᠦ ᠲᠠᠢ ᠤᠶᠠᠯᠳᠤᠭᠤᠯᠤᠨ᠂ ᠲᠠᠷᠢᠶᠠᠴᠢᠨ ᠡᠷᠦᠬᠡ ᠶᠢᠨ ᠣᠷᠣᠯᠭ᠎ᠠ ᠶᠢᠨ | ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠨᠡ ᠵᠢᠯ ᠤᠨ ᠪᠣᠷᠣᠭᠠᠨ ᠤ ᠤᠯᠠᠷᠢᠯ ᠤᠷᠲᠤ ᠪᠠᠶᠢᠳᠠᠭ᠂ | ᠥᠪᠡᠷ ᠢᠶᠠᠨ ᠨᠢᠭᠡ ᠵᠢᠯ ᠵᠦᠳᠡᠷᠡᠵᠦ ᠲᠠᠷᠢᠭᠰᠠᠨ ᠠᠮᠤ ᠪᠤᠳᠠᠭ᠎ᠠ ᠨᠢ ᠪᠣᠷᠣᠯᠠᠭᠤᠯᠭ᠎ᠠ ᠶᠢᠨ ᠬᠦᠴᠢᠷ ᠠᠰᠠᠭᠤᠳᠠᠯ ᠪᠣᠯᠵᠤ᠂ | ᠬᠠᠵᠠᠭᠤᠳᠠᠬᠢ ᠲᠥᠯᠥᠭᠡᠯᠡᠭᠴᠢ ᠭᠡᠰᠢᠭᠦᠳ ᠢᠶᠠᠨ ᠡᠷᠢᠵᠦ ᠥᠪᠡᠷ ᠤᠨ ᠪᠡᠶ᠎ᠡ ᠳᠡᠭᠡᠨ ᠪᠣᠷᠣᠯᠠᠭᠤᠯᠬᠤ ᠵᠠᠮ ᠡᠷᠢᠬᠦ ᠶᠢ ᠬᠦᠰᠡᠵᠦ | ᠪᠠᠶᠢᠨ᠎ᠠ᠂ ᠲᠥᠯᠥᠭᠡᠯᠡᠭᠴᠢ ᠭᠡᠰᠢᠭᠦᠳ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢ ᠣᠶᠢᠯᠠᠭᠠᠭᠰᠠᠨ ᠤ ᠳᠠᠷᠠᠭ᠎ᠠ᠂ ᠲᠤᠰ | ᠪᠡᠶ᠎ᠡ ᠶᠢᠨ ᠠᠵᠢᠯ ᠲᠥᠷᠥᠯ ᠤᠨ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠬᠤᠳᠠᠯᠳᠤᠨ ᠠᠪᠬᠤ ᠠᠵᠤ ᠠᠬᠤᠶᠢᠯᠠᠯ ᠯᠤᠭ᠎ᠠ | ᠵᠣᠯᠭᠠᠭᠤᠯᠬᠤ ᠪᠠᠨ ᠴᠢᠩᠭᠠᠳᠬᠠᠵᠤ᠂ ᠪᠣᠷᠣᠯᠠᠭᠤᠯᠬᠤ ᠠᠷᠭ᠎ᠠ ᠵᠠᠮ ᠢᠶᠠᠨ ᠥᠷᠭᠡᠳᠬᠡᠨ᠂ ᠰᠢᠬᠢᠷ ᠯᠤᠤᠪᠠᠩ᠂ ᠲᠥᠮᠥᠰᠥ᠂ | ᠲᠥᠮᠥᠰᠥ ᠶᠢᠨ ᠨᠤᠨᠲᠠᠭ ᠵᠡᠷᠭᠡ ᠵᠠᠬᠢᠶᠠᠯᠠᠭ᠎ᠠ ᠶᠢᠨ ᠭᠡᠷ᠎ᠡ ᠲᠣᠭᠲᠠᠵᠤ᠂ ᠲᠠᠷᠢᠮᠠᠯ ᠤᠨ ᠪᠣᠷᠣᠯᠠᠭᠤᠯᠭ᠎ᠠ ᠶᠢᠨ ᠵᠠᠮ ᠢ | ᠪᠦᠲᠦᠮᠵᠢᠲᠡᠶ ᠪᠠᠲᠤᠯᠠᠵᠤ᠂ ᠣᠯᠠᠨ ᠲᠦᠮᠡᠨ ᠤ ᠣᠷᠣᠯᠭ᠎ᠠ ᠶᠢᠨ ᠵᠢᠱᠢᠯᠲᠡ ᠶᠢ ᠲᠣᠭᠲᠠᠪᠤᠷᠢᠵᠢᠭᠤᠯᠪᠠ᠃ | ᠣᠳᠣᠬᠠᠨ ᠳᠤ᠂ ᠲᠠᠷᠢᠶᠠᠨ ᠭᠠᠵᠠᠷ ᠲᠤ ᠶᠠᠭᠠᠷᠠᠪᠴᠢᠯᠠᠨ ᠬᠤᠷᠢᠶᠠᠬᠤ ᠶᠠᠭᠠᠷᠠᠯᠲᠠᠢ ᠦᠵᠡᠭᠳᠡᠯ ᠢᠯᠡᠷᠡᠵᠦ᠂ ᠲᠠᠪᠤᠨ | ᠪᠤᠯᠠᠭ ᠰᠢᠶᠠᠩ ᠤᠨ ᠲᠥᠯᠥᠭᠡᠯᠡᠭᠴᠢ ᠭᠡᠰᠢᠭᠦᠨ᠂ ᠨᠠᠮ ᠤᠨ ᠭᠡᠰᠢᠭᠦᠨ ᠺᠠᠳ᠋ᠷ᠂ ᠤᠯᠠᠨ ᠲᠦᠮᠡᠨ ᠬᠦᠴᠦ ᠪᠠᠨ ᠬᠠᠮᠲᠤᠳᠬᠠᠨ | ᠴᠠᠭ ᠮᠥᠴᠡ ᠶᠢ ᠠᠮᠵᠢᠨ ᠭᠠᠮᠰᠢᠭ ᠢ ᠰᠡᠷᠭᠡᠶᠢᠯᠡᠵᠦ ᠵᠠᠪᠳᠤᠨ ᠬᠤᠷᠢᠶᠠᠬᠤ ︽ᠠᠮᠤ ᠪᠤᠳᠠᠭᠠᠨ ᠤ ᠡᠯᠪᠡᠭ ᠪᠠᠶᠠᠯᠢᠭ ᠦᠵᠡᠮᠵᠢ︾ | ᠶᠢᠨ ᠵᠢᠷᠤᠭ ᠢ ᠵᠢᠷᠤᠭᠯᠠᠪᠠ᠃ | | ᠵᠤᠬᠢᠶᠠᠭᠴᠢ᠄ ᠦ᠋ ᠬᠥ᠋ ᠴᠢᠤᠸᠠᠨ ᠰᠢᠶᠠᠩ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |