ᠰᠢᠩ ᠾᠧ ᠰᠢᠶᠠᠨ ᠤ ᠴᠧᠩ ᠭᠤᠸᠠᠨ ᠪᠠᠯᠭᠠᠰᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠄ ᠤᠰᠤ ᠭᠤᠭᠤᠵᠢᠭᠰᠠᠨ ᠰᠠᠭᠤᠭᠠᠯᠢ ᠠᠷᠠᠳ ᠤᠨ ᠵᠣᠪᠠᠨᠢᠯ ᠢ ᠣᠯᠠᠨ ᠲᠠᠯ᠎ᠠ ᠪᠠᠷ ᠵᠣᠬᠢᠴᠠᠭᠤᠯᠤᠨ ᠰᠢᠢᠳᠪᠤᠷᠢᠯᠡᠪᠡ
ᠨᠡᠶᠢᠲᠡᠯᠡᠭᠰᠡᠨ ᠴᠠᠭ᠄
2024/10/14
     ᠣᠶᠢᠷ᠎ᠠ ᠳᠤ᠂ ᠰᠢᠩ ᠾᠧ ᠰᠢᠶᠠᠨ ᠤ ᠴᠧᠩ ᠭᠤᠸᠠᠨ ᠪᠠᠯᠭᠠᠰᠤᠨ ᠤ ᠰᠢᠩ ᠶᠠᠨ ᠭᠤᠳᠤᠮᠵᠢ ᠶᠢᠨ 77 ᠳ᠋ᠤᠭᠠᠷ ᠲᠣᠭᠠᠲᠤ ᠰᠠᠭᠤᠭᠠᠯᠢ ᠠᠷᠠᠳ ᠰᠢᠤᠸᠠᠢ ᠬᠠᠶ ᠶᠦᠨ ᠰᠢᠩ ᠹᠦ᠋ ᠨᠡᠶᠢᠭᠡᠮ ᠲᠣᠭᠤᠷᠢᠭ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ ᠤ ᠬᠡᠷ︾ ᠬᠦᠷᠲᠡᠯ᠎ᠡ ᠭᠠᠵᠠᠷ ᠳᠣᠤᠷᠠᠬᠢ ᠲᠦᠭᠡᠭᠡᠯ ᠤᠰᠤᠨ ᠤ ᠬᠤᠭᠤᠯᠠᠶ ᠬᠠᠭᠠᠷᠠᠵᠤ᠂ ᠥᠪᠡᠷ ᠢᠶᠠᠨ ᠨᠢᠭᠡᠨᠲᠡ ᠥᠪᠡᠷ ᠤᠨ ᠭᠡᠷ ᠢᠶᠠᠨ ᠭᠠᠵᠠᠷ ᠤᠨ ᠭᠠᠳᠠᠷᠭᠤ ᠳᠤ ᠮᠠᠯᠲᠠᠵᠤ ᠭᠠᠷᠭᠠᠭᠠᠳ ᠤᠰᠤ ᠭᠤᠭᠤᠵᠢᠬᠤ ᠴᠡᠭ ᠢ ᠡᠷᠢᠵᠦ ᠤᠯᠬᠤ ᠥᠬᠡᠶ ᠪᠣᠯᠵᠣ᠂ ᠬᠡᠷᠡᠮ ᠨᠢ ᠨᠢᠭᠡᠨᠲᠡ ᠤᠰᠤ ᠬᠠᠯᠴᠠᠷᠠᠭᠰᠠᠨ ᠠᠴᠠ ᠪᠣᠯᠵᠣ᠂ ᠥᠪᠡᠷ ᠤᠨ ᠬᠡᠷ ᠪᠠᠶᠢᠰᠢᠩ ᠢᠶᠠᠨ ᠬᠤᠬᠢᠷᠠᠭᠤᠯᠤᠭᠰᠠᠨ ᠠᠴᠠ ᠪᠣᠯᠵᠣ᠂ ᠲᠥᠯᠥᠭᠡᠯᠡᠭᠴᠢ ᠭᠡᠰᠢᠭᠦᠨ ᠠᠴᠠ ᠤᠰᠤᠨ ᠬᠤᠭᠤᠯᠠᠶ ᠡᠪᠳᠡᠷᠡᠵᠦ ᠤᠰᠤ ᠭᠤᠭᠤᠵᠢᠬᠤ ᠠᠰᠠᠭᠤᠳᠠᠯ ᠢ ᠵᠣᠬᠢᠴᠠᠭᠤᠯᠤᠨ ᠰᠢᠢᠳᠪᠤᠷᠢᠯᠡᠭᠦᠯᠬᠦ ᠶᠢ ᠲᠤᠯᠭᠠᠮ᠎ᠠ ᠱᠠᠭᠠᠷᠳᠠᠵᠤ ᠪᠠᠶᠢᠨ᠎ᠠ᠃ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠸᠠᠩ ᠰᠦ᠋ ᠴᠧᠨ ᠣᠯᠠᠨ ᠲᠦᠮᠡᠨ ᠤ ᠲᠤᠰᠬᠠᠭᠰᠠᠨ ᠪᠠᠶᠢᠳᠠᠯ ᠢ ᠣᠯᠤᠭᠰᠠᠨ ᠤ ᠳᠠᠷᠠᠭ᠎ᠠ᠂ ᠲᠡᠷᠡ ᠳᠠᠷᠤᠶ ᠳᠤᠨᠢ ᠨᠡᠶᠢᠭᠡᠮ ᠲᠣᠭᠤᠷᠢᠭ ᠤᠨ ᠠᠵᠢᠯᠲᠠᠨ ᠲᠠᠢ ᠰᠠᠭᠤᠭᠠᠯᠢ ᠠᠷᠠᠳ ᠤᠨ ᠬᠡᠷ ᠲᠤ ᠬᠦᠷᠴᠦ ᠲᠤᠬᠠᠶ ᠶᠢᠨ ᠭᠠᠵᠠᠷ ᠲᠤᠨᠢ ᠰᠤᠷᠪᠤᠯᠵᠢᠯᠠᠨ᠂ ᠲᠤᠬᠠᠶ ᠶᠢᠨ ᠲᠠᠯᠠᠪᠤᠷ ᠲᠤ ᠪᠠᠶᠢᠴᠠᠭᠠᠨ ᠦᠵᠡᠬᠦ᠂ ᠰᠠᠭᠤᠭᠠᠯᠢ ᠠᠷᠠᠳ ᠲᠠᠢ ᠨᠠᠷᠢᠨ ᠨᠢᠭᠲᠠ ᠨᠡᠪᠲᠡᠷᠡᠯᠴᠡᠬᠦ ᠪᠠᠷ ᠳᠡᠮᠵᠢᠨ᠂ ᠬᠡᠷ ᠪᠠᠶᠢᠰᠢᠩ ᠤᠨ ᠭᠠᠳᠠᠨ᠎ᠠ ᠣᠷᠣᠨ ᠤ ᠲᠦᠭᠡᠭᠡᠯ ᠤᠰᠤᠨ ᠤ ᠬᠤᠭᠤᠯᠠᠶ ᠬᠠᠭᠠᠷᠠᠭᠰᠠᠨ ᠠᠴᠠ ᠪᠣᠯᠵᠣ ᠤᠰᠤ ᠰᠠᠭᠤᠭᠠᠯᠢ ᠠᠷᠠᠳ ᠤᠨ ᠬᠡᠷ ᠲᠤ ᠨᠡᠪᠴᠢᠵᠦ ᠤᠷᠤᠭᠰᠠᠨ ᠢ ᠠᠩᠬ᠎ᠠ ᠠᠯᠬᠤᠮ ᠮᠠᠭᠠᠳᠯᠠᠪᠠ᠃      ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠸᠠᠩ ᠰᠦ᠋ ᠴᠧᠨ ᠲᠦᠭᠡᠭᠡᠯ ᠤᠰᠤᠨ ᠤ ᠺᠣᠮᠫᠠᠨᠢ ᠶᠢᠨ ᠬᠠᠷᠢᠭᠤᠴᠠᠯᠭᠠᠲᠠᠨ ᠲᠠᠢ ᠴᠠᠭ ᠲᠤᠬᠠᠶ ᠳᠤᠨᠢ ᠬᠠᠷᠢᠯᠴᠠᠬᠤ ᠶᠢᠨ ᠬᠠᠮᠲᠤ ᠤᠰᠤ ᠭᠤᠭᠤᠵᠢᠭᠰᠠᠨ ᠪᠠᠶᠢᠳᠠᠯ ᠢ ᠲᠣᠳᠣᠷᠬᠠᠶᠢᠯᠠᠵᠤ᠂ ᠲᠦᠭᠡᠭᠡᠯ ᠤᠰᠤᠨ ᠤ ᠺᠣᠮᠫᠠᠨᠢ ᠲᠠᠢ ᠨᠢᠭᠲᠠ ᠬᠠᠮᠵᠢᠯᠴᠠᠨ ᠵᠠᠪᠳᠤᠨ ᠵᠠᠰᠠᠬᠤ ᠲᠥᠰᠦᠯ ᠢ ᠲᠣᠭᠲᠠᠭᠠᠵᠤ᠂ ᠲᠤᠰᠬᠠᠶ ᠰᠡᠯᠪᠢᠨ ᠵᠠᠰᠠᠬᠤ ᠡᠩᠨᠡᠭᠡ ᠶᠢ ᠰᠢᠯᠵᠢᠭᠦᠯᠦᠨ ᠴᠤᠭᠯᠠᠭᠤᠯᠵᠤ ᠡᠪᠳᠡᠷᠡᠭᠰᠡᠨ ᠤᠰᠤᠨ ᠤ ᠬᠤᠭᠤᠯᠠᠢ ᠶᠢ ᠪᠠᠴᠢᠮ ᠰᠡᠷᠭᠦᠭᠡᠪᠡ᠃      ᠭᠤᠭᠤᠵᠢᠭᠳᠠᠭᠰᠠᠨ ᠢ ᠲᠣᠭᠲᠠᠭᠠᠭᠰᠠᠨ ᠤ ᠳᠠᠷᠠᠭ᠎ᠠ᠂ ᠲᠤᠰᠬᠠᠢ ᠰᠡᠯᠪᠢᠨ ᠵᠠᠰᠠᠬᠤ ᠡᠩᠨᠡᠭᠡ ᠳᠠᠷᠤᠢ ᠲᠦᠷᠭᠡᠨ ᠮᠠᠯᠲᠠᠪᠠ᠃ ᠰᠡᠯᠪᠢᠨ ᠵᠠᠰᠠᠬᠤ ᠶᠠᠪᠤᠴᠠ ᠳᠤ᠂ ᠸᠠᠩ ᠰᠦ ᠴᠧᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠣᠯᠠᠨᠲᠠ ᠬᠦᠷᠴᠦ ᠰᠡᠯᠪᠢᠨ ᠵᠠᠰᠠᠬᠤ ᠠᠬᠢᠴᠠ ᠶᠢ ᠳᠠᠭᠠᠵᠤ᠂ ᠰᠡᠯᠪᠢᠨ ᠵᠠᠰᠠᠬᠤ ᠢᠨᠵᠧᠨᠧᠷᠢᠩ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠪᠠ᠃      ᠰᠠᠭᠤᠭᠠᠯᠢ ᠠᠷᠠᠳ ᠲᠥᠯᠥᠭᠡᠯᠡᠭᠴᠢ᠄ ︽ᠵᠣᠯ ᠢᠶᠠᠷ ᠲᠥᠯᠥᠭᠡᠯᠡᠭᠴᠢ ᠴᠠᠭ ᠲᠤᠬᠠᠶ ᠳᠤᠨᠢ ᠬᠠᠪᠰᠤᠷᠤᠨ ᠵᠣᠬᠢᠴᠠᠭᠤᠯᠤᠨ ᠰᠢᠢᠳᠪᠦᠷᠢᠯᠡᠵᠦ᠂ ᠡᠰᠡ ᠲᠡᠭᠡᠪᠡᠯ ᠮᠠᠨ ᠤ ᠬᠡᠷ ᠤᠨ ᠶᠠᠷᠰᠢᠭ ᠲᠦᠪᠡᠭ︾ ᠭᠡᠵᠦ ᠮᠠᠭᠲᠠᠨ ᠰᠠᠶᠢᠰᠢᠶᠠᠪᠠ᠃      ᠣᠯᠠᠨ ᠲᠦ᠋ᠮᠡᠨ ᠤ ᠬᠠᠵᠠᠬᠤ ᠳᠤ ᠪᠠᠭ᠎ᠠ ᠤᠴᠢᠷ ᠦᠭᠡᠢ᠃ ᠴᠧᠩ ᠭᠤᠸᠠᠨ ᠪᠠᠯᠭᠠᠰᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠪᠠᠭ᠎ᠠ ᠲᠠᠯ᠎ᠠ ᠠᠴᠠ ᠪᠣᠳᠣᠯᠬᠢᠯᠠᠬᠤ᠂ ᠶᠡᠭᠡ ᠲᠠᠯ᠎ᠠ ᠠᠴᠠ ᠭᠠᠷᠳᠠᠬᠤ ᠶᠢ ᠪᠠᠷᠢᠮᠲᠠᠯᠠᠵᠤ᠂ ᠤᠯᠠᠨ ᠲᠦᠮᠡᠨ ᠲᠠᠢ ᠤᠯᠠᠮ ᠨᠢᠭᠲᠠ ᠬᠠᠷᠢᠯᠴᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠠᠷᠠᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠰᠠᠶᠢᠲᠤᠷ ᠬᠢᠵᠦ᠂ ᠦᠨᠡᠨ ᠬᠦ ᠤᠯᠠᠨ ᠲᠦᠮᠡᠨ ᠪᠣᠯᠤᠨ ᠨᠠᠮ ᠪᠣᠯᠤᠨ ᠵᠠᠰᠠᠭ ᠤᠨ ᠣᠷᠳᠣᠨ ᠤ ᠬᠤᠭᠤᠷᠣᠨᠳᠣᠬᠢ ᠰᠣᠯᠢᠯᠴᠠᠭᠠᠨ ᠤ ︽ᠰᠡᠳᠬᠢᠯ ᠤᠨ ᠬᠥᠭᠦᠷᠭᠡ︾ ᠪᠣᠯᠬᠤ ᠪᠣᠯᠤᠨ᠎ᠠ᠃           ᠵᠤᠬᠢᠶᠠᠭᠴᠢ᠄ ᠴᠧᠩ ᠭᠤᠸᠠᠨ ᠪᠠᠯᠭᠠᠰᠤ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3