ᠵᠠᠩ ᠭᠤᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠰᠢᠶᠠᠨ ᠤ ᠤᠰᠤᠨ ᠤ ᠶᠠᠪᠤᠳᠠᠯ ᠤᠨ ᠬᠠᠤᠯᠢ ᠬᠡᠷᠡᠭᠵᠢᠭᠦᠯᠬᠦ ᠶᠡᠭᠡ ᠠᠩᠭᠢ ᠲᠠᠢ ᠬᠠᠮᠲᠤᠷᠠᠨ ᠬᠠᠤᠯᠢ ᠪᠤᠰᠤ ᠪᠠᠷ ᠤᠰᠤ ᠲᠠᠲᠠᠭᠰᠠᠨ ᠳᠤ ᠴᠣᠬᠢᠯᠲᠠ ᠥᠭᠬᠦ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/10/15
     ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠵᠤ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠢ ᠵᠦᠶ ᠵᠣᠬᠢᠰᠲᠠᠶ ᠨᠡᠭᠡᠭᠡᠨ ᠠᠰᠢᠭᠯᠠᠵᠤ᠂ ᠳᠤᠷ᠎ᠠ ᠪᠠᠷ ᠢᠶᠠᠨ ᠬᠤᠳᠳᠤᠭ ᠮᠠᠯᠲᠠᠬᠤ᠂ ᠦᠨᠡᠮᠯᠡᠯ ᠥᠬᠡᠶ ᠪᠠᠷ ᠭᠠᠵᠠᠷ ᠳᠣᠤᠷᠠᠬᠢ ᠤᠰᠤ ᠶᠢ ᠠᠪᠴᠤ ᠬᠡᠷᠡᠭᠯᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠰᠤᠨ ᠤ ᠶᠠᠪᠤᠳᠠᠯ ᠤᠨ ᠬᠡᠪ ᠤᠨ ᠡᠮᠬᠢ ᠳᠢᠭᠯᠢᠮ ᠢ ᠬᠠᠮᠠᠭᠠᠯᠠᠬᠤ ᠶᠢᠨ ᠲᠥᠯᠥᠭᠡ᠂ 10 ᠰᠠᠷ᠎ᠠ ᠶᠢᠨ 10 ᠤ ᠡᠳᠦᠷ᠂ ᠵᠠᠩ ᠭᠤᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠰᠢᠶᠠᠨ ᠤ ᠤᠰᠤᠨ ᠤ ᠶᠠᠪᠤᠳᠠᠯ ᠤᠨ ᠬᠠᠤᠯᠢ ᠬᠡᠷᠡᠭᠵᠢᠭᠦᠯᠬᠦ ᠶᠡᠭᠡ ᠠᠩᠭᠢ ᠲᠠᠢ ᠬᠠᠮᠲᠤᠷᠠᠨ ᠬᠠᠤᠯᠢ ᠪᠤᠰᠤ ᠪᠠᠷ ᠤᠰᠤ ᠠᠪᠬᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠪᠠᠶᠢᠴᠠᠭᠠᠯᠲᠠ ᠥᠷᠨᠢᠭᠦᠯᠪᠡ᠃      ᠪᠠᠶᠢᠴᠠᠭᠠᠯᠲᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠬᠠᠤᠯᠢ ᠪᠠᠷ ᠲᠣᠭᠲᠠᠭᠠᠭᠰᠠᠨ ᠵᠢᠷᠤᠮ ᠶᠣᠰᠣᠭᠠᠷ ᠬᠠᠤᠯᠢ ᠠᠴᠠ ᠵᠥᠷᠢᠴᠡᠭᠰᠡᠨ ᠲᠤᠬᠠᠶ ᠶᠢᠨ ᠲᠠᠯᠠᠪᠤᠷ ᠲᠤ ᠭᠡᠷᠡᠴᠢ ᠠᠪᠴᠤ᠂ ᠬᠠᠤᠯᠢ ᠠᠴᠠ ᠵᠥᠷᠢᠴᠡᠨ ᠬᠤᠳᠳᠤᠭ ᠮᠠᠯᠲᠠᠬᠤ ᠠᠵᠢᠯᠯᠠᠭ᠎ᠠ ᠶᠢ ᠨᠤᠲᠠᠯᠠᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠭᠦᠮᠵᠢᠯᠡᠨ ᠬᠥᠮᠦᠵᠢᠭᠦᠯᠬᠦ ᠵᠢᠴᠢ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠭᠰᠡᠨ ᠪᠥᠭᠡᠳ ᠬᠠᠤᠯᠢ ᠶᠣᠰᠣᠭᠠᠷ ᠰᠢᠢᠳᠪᠦᠷᠢᠯᠡᠪᠡ᠃ ᠬᠠᠤᠯᠢ ᠶᠢ ᠵᠥᠷᠢᠴᠡᠭᠰᠡᠨ ᠬᠤᠳᠳᠤᠭ ᠤᠨ ᠣᠷᠣᠨ ᠤ ᠨᠥᠯᠥᠭᠡ ᠶᠢ ᠲᠦᠢᠯᠪᠤᠷᠢᠲᠠᠶ ᠠᠷᠢᠯᠭᠠᠬᠤ ᠶᠢᠨ ᠲᠥᠯᠥᠭᠡ᠂ ᠬᠠᠤᠯᠢ ᠬᠡᠷᠡᠭᠵᠢᠭᠦᠯᠬᠦ ᠠᠵᠢᠯᠲᠠᠨ ᠮᠠᠰᠢᠨ ᠮᠧᠬᠠᠨᠢᠭ᠂ ᠡᠷᠭᠦᠭᠦᠷ ᠲᠡᠷᠭᠡ ᠵᠡᠷᠭᠡ ᠣᠳᠣᠬᠢᠴᠢᠯᠠᠭᠰᠠᠨ ᠮᠠᠰᠢᠨ ᠲᠥᠬᠦᠭᠡᠷᠦᠮᠵᠢ ᠶᠢ ᠠᠰᠢᠭᠯᠠᠨ᠂ ᠬᠡᠷᠡᠭ ᠲᠤ ᠬᠤᠯᠪᠣᠭᠳᠠᠭᠰᠠᠨ ᠬᠤᠳᠳᠤᠭ ᠤᠨ ᠣᠷᠣᠨ ᠢ ᠲᠦᠢᠯᠪᠤᠷᠢᠲᠠᠶ ᠠᠷᠢᠯᠭᠠᠭᠰᠠᠨ ᠪᠥᠭᠡᠳ ᠡᠪᠳᠡᠭᠳᠡᠭᠰᠡᠨ ᠭᠠᠵᠠᠷ ᠤᠨ ᠭᠠᠳᠠᠷᠭᠤ ᠶᠢ ᠵᠠᠰᠠᠨ ᠰᠡᠷᠭᠦᠭᠡᠪᠡ᠃      ᠲᠠᠷᠠᠭᠠᠴᠢ ᠶᠢᠨ ᠠᠯᠬᠤᠮ ᠳᠤ᠂ ᠵᠠᠩ ᠭᠤᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠤᠰᠤᠨ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠡᠭᠦᠨ ᠤ ᠬᠠᠮᠲᠤ᠂ ᠤᠰᠤᠨ ᠳᠤ ᠬᠤᠯᠪᠣᠭᠳᠠᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠡᠷᠴᠢᠮ᠂ ᠥᠷᠭᠡᠴᠡ᠂ ᠭᠦᠨᠴᠡ ᠶᠢ ᠴᠢᠩᠭᠠᠷᠠᠭᠤᠯᠵᠤ᠂ ᠣᠯᠠᠨ ᠲᠦᠮᠡᠨ ᠤ ᠢᠯᠡᠴᠢᠯᠡᠨ ᠮᠡᠳᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠣᠯᠠᠨ ᠲᠦᠮᠡᠨ ᠤ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ᠂ ᠬᠠᠤᠯᠢ ᠶᠢ ᠵᠥᠷᠢᠴᠡᠨ ᠬᠤᠳᠳᠤᠭ ᠮᠠᠯᠲᠠᠬᠤ ᠠᠵᠢᠯᠯᠠᠭ᠎ᠠ ᠶᠢ ᠴᠢᠩᠭ᠎ᠠ᠂ ᠲᠦᠷᠭᠡᠨ᠂ ᠬᠦᠨᠳᠦ ᠪᠠᠷ ᠪᠠᠶᠢᠴᠠᠭᠠᠨ ᠰᠢᠢᠳᠪᠦᠷᠢᠯᠡᠵᠦ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠤᠰᠤᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠬᠠᠮᠠᠭᠠᠯᠠᠨ᠎ᠠ᠃           ᠵᠤᠬᠢᠶᠠᠭᠴᠢ᠄ ᠵᠠᠩ ᠭᠤᠣ ᠪᠠᠯᠭᠠᠰᠤ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3