ᠠᠷᠪᠠᠨ ᠲᠠᠪᠤᠳᠤᠭᠠᠷ ᠬᠤᠭᠤᠴᠠᠭᠠᠨ ᠤ ᠰᠢᠩ ᠾᠧ ᠰᠢᠶᠠᠨ ᠤ ᠨᠠᠮ ᠤᠨ ᠬᠤᠷᠢᠶ᠎ᠠ ᠠᠷᠪᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠳᠤ ᠣᠷᠣᠵᠤ ᠰᠠᠭᠤᠬᠤ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/21
     10 ᠰᠠᠷ᠎ᠠ ᠶᠢᠨ 17 ᠤ ᠡᠳᠦᠷ᠂ ᠠᠷᠪᠠᠨ ᠲᠠᠪᠤᠳᠤᠭᠠᠷ ᠬᠤᠭᠤᠴᠠᠭᠠᠨ ᠤ ᠰᠢᠩ ᠡᡁᠧ ᠰᠢᠶᠠᠨ ᠤ ᠨᠠᠮ ᠤᠨ ᠬᠤᠷᠢᠶ᠎ᠠ ᠶᠢᠨ 4 ᠲᠣᠭᠤᠷᠢᠨ ᠪᠠᠶᠢᠴᠠᠭᠠᠬᠤ ᠳᠤᠭᠤᠶᠢᠯᠠᠩ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ᠂ ᠤᠬᠠᠭᠤᠯᠬᠤ ᠬᠡᠯᠲᠡᠰ ᠤᠨ ᠬᠤᠷᠠᠯ ᠤᠨ ᠭᠡᠷ ᠲᠤ ᠣᠷᠣᠵᠤ ᠰᠠᠭᠤᠬᠤ ᠠᠵᠢᠯ ᠤᠨ ᠲᠠᠶᠢᠴᠢᠯᠠᠯᠳᠠ ᠶᠢᠨ ᠬᠤᠷᠠᠯ ᠢ ᠲᠤᠰ ᠲᠤᠰ ᠬᠤᠷᠠᠯᠳᠤᠭᠤᠯᠵᠤ᠂ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠣᠷᠣᠵᠤ ᠰᠠᠭᠤᠬᠤ ᠡᠭᠦᠷᠭᠡ ᠪᠠᠨ ᠪᠡᠶᠡᠯᠡᠭᠦᠯᠪᠡ᠃      ᠳᠠᠶᠢᠴᠢᠯᠠᠯᠲᠠ ᠶᠢᠨ ᠬᠤᠷᠠᠯ ᠳᠡᠭᠡᠷ᠎ᠡ᠂ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠪᠥᠬᠦ ᠣᠷᠣᠨ ᠤ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠵᠢᠴᠢ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ᠲᠣᠰ ᠤᠳᠠᠭᠠᠨ ᠤ ᠲᠣᠭᠤᠷᠢᠨ ᠪᠠᠶᠢᠴᠠᠭᠠᠬᠤ ᠡᠭᠦᠷᠭᠡ ᠶᠢ ᠲᠣᠳᠣᠷᠬᠠᠶᠢᠯᠠᠭᠰᠠᠨ ᠤ ᠬᠠᠮᠲᠤ ᠲᠣᠭᠤᠷᠢᠨ ᠪᠠᠶᠢᠴᠠᠭᠠᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠴᠠᠭᠳᠠᠨ ᠪᠠᠶᠢᠴᠠᠭᠠᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠴᠠᠭᠳᠠᠨ ᠪᠠᠶᠢᠴᠠᠭᠠᠭᠳᠠᠬᠤ ᠨᠢᠭᠡᠴᠡ ᠶᠢᠨ ᠨᠠᠮ ᠤᠨ ᠭᠡᠰᠢᠭᠦᠨ ᠺᠠᠳ᠋ᠷᠴᠤᠳ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠪᠠᠶᠢᠷᠢ ᠲᠣᠭᠲᠠᠭᠠᠯᠲᠠ ᠪᠠ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠶ ᠤᠶᠢᠯᠠᠭᠠᠨ ᠡᠵᠡᠮᠰᠢᠵᠦ᠂ ᠤᠯᠤᠰ ᠲᠥᠷᠥ ᠶᠢᠨ ᠵᠣᠭᠰᠣᠯᠲᠠ ᠪᠠ ᠤᠯᠤᠰ ᠲᠥᠷᠥ ᠶᠢᠨ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠦᠨ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢᠶᠠᠨ ᠤ ᠨᠠᠮ ᠤᠨ ᠬᠤᠷᠢᠶᠠᠨ ᠤ ᠲᠣᠰ ᠡᠭᠡᠯᠵᠢ ᠶᠢᠨ ᠴᠠᠭᠳᠠᠨ ᠪᠠᠶᠢᠴᠠᠭᠠᠬᠤ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠴᠠᠭᠳᠠᠨ ᠪᠠᠶᠢᠴᠠᠭᠠᠬᠤ ᠪᠠᠷ ᠳᠠᠮᠵᠢᠭᠤᠯᠤᠨ ᠤᠯᠤᠰ ᠲᠥᠷᠥ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ ᠡᠯ᠎ᠡ ᠨᠢᠭᠡᠴᠡ ᠨᠦᠭᠦᠳ ᠲᠣᠭᠤᠷᠢᠨ ᠪᠠᠶᠢᠴᠠᠭᠠᠬᠤ ᠠᠵᠢᠯ ᠳᠤ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠬᠤᠯᠪᠣᠭᠳᠠᠯ ᠪᠦᠬᠦᠢ ᠮᠠᠲ᠋ᠧᠷᠢᠶᠠᠯ ᠢ ᠦᠨᠡᠨ ᠪᠣᠳᠠᠲᠠᠢ ᠪᠠᠷ ᠬᠠᠩᠭᠠᠵᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢᠶᠠᠨ ᠤᠷᠤᠭᠰᠢᠲᠠᠢ ᠥᠷᠨᠢᠭᠦᠯᠬᠦ ᠳᠤ ᠪᠠᠲᠤᠯᠠᠭ᠎ᠠ ᠬᠠᠩᠭᠠᠵᠤ᠂ ᠲᠤᠰ ᠤᠳᠠᠭᠠᠨ ᠤ ᠲᠣᠭᠤᠷᠢᠨ ᠪᠠᠶᠢᠴᠠᠭᠠᠬᠤ ᠠᠵᠢᠯ ᠤᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠢ᠃      ᠲᠣᠭᠤᠷᠢᠨ ᠪᠠᠶᠢᠴᠠᠭᠠᠭᠳᠠᠵᠤ ᠪᠠᠶᠢᠭ᠎ᠠ ᠡᠯ᠎ᠡ ᠰᠢᠶᠠᠨ ᠤ ᠰᠢᠭᠤᠳ ᠬᠠᠷᠢᠶ᠎ᠠ ᠨᠢᠭᠡᠴᠡ ᠶᠢᠨ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠦᠭᠡ ᠬᠡᠯᠡᠪᠡ᠂ ᠲᠡᠳᠡ᠂ ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠡᠯ᠎ᠡ ᠨᠢᠭᠡᠴᠡ ᠶᠢᠨ ᠬᠢᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠵᠤ᠂ ᠲᠣᠭᠤᠷᠢᠨ ᠪᠠᠶᠢᠴᠠᠭᠠᠬᠤ ᠰᠠᠬᠢᠯᠭ᠎ᠠ ᠪᠠᠲᠤ ᠶᠢ ᠤᠬᠠᠮᠰᠠᠷ ᠠᠴᠠ ᠪᠠᠨ ᠵᠢᠷᠤᠮᠯᠠᠵᠤ᠂ ᠲᠣᠭᠤᠷᠢᠨ ᠪᠠᠶᠢᠴᠠᠭᠠᠬᠤ ᠶᠢ ᠵᠣᠯᠭᠠᠭᠤᠯᠬᠤ ᠶᠢ ᠢᠳᠡᠪᠬᠢᠲᠡᠢ ᠰᠠᠶᠢᠲᠤᠷ ᠬᠢᠵᠦ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨᠠᠯᠲᠠ ᠪᠠᠶᠢᠴᠠᠭᠠᠯᠲᠠ ᠶᠢ ᠰᠠᠨᠠᠭᠠᠴᠢᠯᠠᠭ᠎ᠠ ᠠᠴᠠ ᠪᠠᠨ ᠳᠡᠮᠵᠢᠬᠦ ᠪᠠ ᠬᠠᠮᠵᠢᠯᠴᠠᠵᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠪᠣᠯᠤᠨ ᠠᠵᠢᠯ ᠤᠨ ᠱᠠᠭᠠᠷᠳᠠᠯᠭ᠎ᠠ ᠶᠢ ᠳᠠᠷᠤᠤ ᠬᠢᠴᠢᠶᠡᠩᠭᠦᠢ ᠪᠠᠷ ᠬᠦᠯᠢᠶᠡᠨ᠎ᠡ ᠭᠡᠵᠦ ᠢᠯᠡᠳᠬᠡᠪᠡ᠃ ᠡᠭᠦᠨ ᠤ ᠬᠠᠮᠲᠤ ᠲᠣᠰ ᠤᠳᠠᠭᠠᠨ ᠤ ᠲᠣᠭᠤᠷᠢᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠬᠦᠯᠵᠦ᠂ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ ᠡᠷᠬᠡ ᠶᠢᠨ ᠠᠵᠢᠯᠯᠠᠭᠠᠨ ᠢ ᠵᠢᠷᠤᠮᠵᠢᠭᠤᠯᠵᠤ᠂ ᠠᠵᠢᠯ ᠤᠨ ᠬᠢᠷᠢ ᠲᠦᠪᠰᠢᠨ ᠪᠠ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠰᠢᠩ ᠾᠧ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤᠯᠠᠭ᠎ᠠ ᠬᠠᠩᠭᠠᠨ᠎ᠠ᠃             ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3