ᠬᠦᠴᠦ ᠪᠠᠨ ᠲᠥᠪᠯᠡᠷᠡᠭᠦᠯᠦᠨ ᠪᠣᠳᠠᠲᠤ ᠶᠠᠪᠤᠳᠠᠯ ᠬᠢᠵᠦ ᠡᠪᠦᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/10/25
     ᠰᠠᠶᠢᠬᠤᠰᠤ ᠪᠠᠯᠭᠠᠰᠤᠨ ᠤ ᠾᠧ ᠰᠢᠩ ᠭᠦᠩ ᠲᠣᠰᠬᠤᠨ ᠤ ᠠᠷᠠᠳ ᠰᠢᠨ᠎ᠡ ᠪᠠᠷ ᠲᠡᠭᠡᠭᠡᠵᠦ ᠠᠪᠴᠢᠷᠠᠭᠰᠠᠨ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢᠨ ᠡᠮᠦᠨ᠎ᠡ ᠨᠠᠳᠠ ᠪᠠᠷ ᠶᠠᠷᠢᠯᠴᠠᠵᠠᠭ᠄ ᠲᠣᠰᠬᠤᠨ ᠤ ᠠᠷᠠᠳ ᠸᠠᠩ ᠳ᠋ᠠ ᠶᠧ᠄ ︽ᠣᠶᠢᠷ᠎ᠠ ᠳᠤ ᠠᠭᠠᠷ ᠤᠨ ᠳᠤᠯᠠᠭᠠᠨ ᠮᠡᠳᠡᠭᠳᠡᠮ᠎ᠡ ᠳᠣᠷᠣᠭᠰᠢᠯᠠᠪᠠ᠂ ᠪᠢᠳᠡ ᠡᠨᠡ ᠬᠡᠳᠦᠨ ᠡᠳᠦᠷ ᠶᠠᠭᠠᠬᠢᠵᠤ ᠳᠤᠯᠠᠭᠠᠴᠠᠳᠠᠭ ᠂ ᠵᠠᠰᠠᠭ ᠤᠨ ᠣᠷᠳᠣᠨ ᠠᠴᠠ ᠵᠢᠯ ᠪᠦᠷᠢ ᠪᠢᠳᠡᠨ ᠳᠤ ᠲᠦᠭᠡᠭᠡᠵᠦ ᠥᠭᠭᠦᠭᠰᠡᠨ ᠬᠠᠯᠠᠭᠤᠨ ᠳᠤᠯᠠᠭᠠᠨ ᠨᠡᠭᠦᠷᠡᠰᠦ ᠶᠢ ᠪᠠᠰᠠ ᠡᠷᠲᠡ ᠬᠦᠷᠭᠡᠵᠦ ᠢᠷᠡᠪᠡ᠂ ᠡᠨᠡ ᠵᠢᠯ ᠤᠨ ᠨᠡᠭᠦᠷᠡᠰᠦ ᠦᠵᠡᠪᠡᠯ ᠰᠠᠶᠢᠨ ᠨᠡᠭᠦᠷᠡᠰᠦ ᠪᠣᠯᠤᠨ᠎ᠠ᠂ ᠪᠢᠳᠡ ᠳᠤᠯᠠᠭᠠᠨ ᠡᠪᠦᠯ ᠢ ᠥᠩᠭᠡᠷᠡᠭᠦᠯᠵᠦ ᠳᠡᠶᠢᠯᠦᠨ᠎ᠡ︾ ᠭᠡᠵᠦ ᠬᠡᠯᠡᠪᠡ᠃      ᠠᠭᠤᠷ ᠠᠮᠢᠰᠭᠤᠯ ᠡᠳᠦᠷ ᠢᠷᠡᠬᠦᠶ᠎ᠡ ᠬᠦᠢᠲᠡᠷᠡ ᠬᠦ ᠶᠢ ᠳᠠᠭᠠᠯᠳᠤᠨ᠂ ᠡᠪᠦᠯ ᠤᠨ ᠤᠯᠠᠷᠢᠯ ᠳᠤ ᠨᠡᠭᠦᠷᠡᠰᠦ ᠬᠤᠳᠠᠯᠳᠤᠨ ᠠᠪᠴᠤ ᠳᠤᠯᠠᠭᠠᠯ ᠠᠬᠤ ᠨᠢ ᠥᠷᠭᠡᠨ ᠣᠯᠠᠨ ᠲᠦᠮᠡᠨ ᠤ ᠬᠠᠮᠤᠭ ᠤᠨ ︽ᠰᠡᠳᠭᠢᠯ ᠲᠠᠯᠪᠢᠬᠤ︾ ᠶᠡᠭᠡ ᠶᠠᠪᠤᠳᠠᠯ ᠪᠣᠯᠵᠠᠢ᠃ ᠣᠶᠢᠷ᠎ᠠ ᠶᠢᠨ ᠡᠳᠦᠷ ᠤᠳ ᠲᠤ᠂ ᠰᠠᠶᠢᠬᠤᠰᠤ ᠪᠠᠯᠭᠠᠰᠤ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠲᠠᠷᠬᠠᠭᠠᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠬᠠᠩᠭᠠᠬᠤ ᠶᠣᠰᠣᠲᠠᠶ ᠶᠢ ᠨᠢ ᠴᠥᠮ ᠬᠠᠩᠭᠠᠬᠤ ᠵᠠᠷᠴᠢᠮ ᠶᠣᠰᠣᠭᠠᠷ᠂ ᠨᠡᠭᠦᠷᠡᠰᠦ ᠬᠡᠷᠡᠭᠯᠡᠬᠦ ᠬᠡᠷᠡᠭᠴᠡᠭᠡ ᠶᠢ ᠲᠡᠷᠡ ᠳᠠᠷᠤᠶ ᠳᠤᠨᠢ ᠪᠦᠷᠢᠳᠬᠡᠵᠦ᠂ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠨ᠂ ᠲᠤᠰᠬᠠᠶ ᠬᠥᠮᠦᠨ ᠲᠣᠮᠢᠯᠠᠵᠤ ᠪᠥᠬᠦ ᠶᠠᠪᠤᠴᠠ ᠳᠤ ᠳᠠᠭᠠᠵᠤ᠂ ᠠᠵᠢᠯ ᠤᠨ ᠲᠣᠬᠢᠷᠠᠭᠤᠯᠤᠯᠲᠠ ᠪᠠᠨ ᠲᠠᠰᠤᠷᠠᠯᠲᠠ ᠥᠬᠡᠶ ᠴᠢᠩᠭᠠᠳᠬᠠᠨ᠂ ᠠᠷᠠᠳ ᠤᠨ ᠠᠮᠢᠳᠤᠷᠠᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠴᠠᠭ ᠲᠤᠬᠠᠶ ᠳᠤᠨᠢ ᠡᠷᠦᠬᠡ ᠳᠤ ᠣᠯᠭᠤᠬᠤ ᠶᠢ ᠦᠨᠡᠨ ᠬᠦ ᠪᠠᠲᠤᠯᠠᠪᠠ᠃      ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠲᠠᠷᠬᠠᠭᠠᠬᠤ ᠲᠤᠬᠠᠢ ᠶᠢᠨ ᠲᠠᠯᠠᠪᠠᠢ ᠳᠤ᠂ ᠲᠣᠰᠬᠤᠨ ᠤ ᠠᠷᠠᠳ ᠲᠠᠷᠢᠶᠠᠯᠠᠩ ᠳᠤ ᠬᠡᠷᠡᠭᠯᠡᠬᠦ ᠲᠡᠷᠭᠡ ᠶᠢ ᠡᠷᠲᠡ ᠵᠢᠯᠣᠭᠤᠳᠴᠤ᠂ ᠡᠮᠬᠢ ᠵᠢᠷᠤᠮ ᠲᠠᠢ ᠪᠠᠷ ᠮᠥᠷᠯᠡᠨ ᠬᠦᠯᠢᠶᠡᠪᠡ᠃ ᠲᠣᠰᠬᠤᠨ ᠤ ᠬᠤᠶᠠᠷ ᠵᠥᠪᠯᠡᠯ ᠤᠨ ᠺᠠᠳ᠋ᠷ᠂ ᠲᠥᠯᠥᠭᠡᠯᠡᠭᠴᠢ ᠭᠡᠰᠢᠭᠦᠳ ᠡᠭᠦᠨ ᠳᠤ ᠬᠠᠯᠠᠭᠤᠮᠰᠤᠭ ᠢᠶᠠᠷ ᠨᠠᠷᠢᠨ ᠨᠢᠮᠪᠠᠶ ᠬᠠᠷᠭᠤᠭᠤᠯᠤᠨ ᠳᠡᠩᠰᠡᠯᠡᠵᠦ᠂ ᠨᠡᠭᠦᠷᠡᠰᠦ ᠲᠡᠭᠡᠭᠡᠪᠦᠷᠢᠯᠡᠵᠦ᠂ ᠭᠠᠷ ᠤᠨ ᠥᠰᠥᠭ ᠵᠢᠷᠤᠵᠤ ᠠᠪᠴᠤ᠂ ᠨᠢᠭᠡ ᠲᠠᠯ᠎ᠠ ᠪᠠᠷ ᠨᠡᠭᠦᠷᠡᠰᠦ ᠤᠲᠤᠭᠠᠨ ᠳᠤ ᠬᠤᠣᠷᠳᠠᠭᠳᠠᠬᠤ ᠶᠢ ᠰᠡᠷᠭᠡᠶᠢᠯᠡᠬᠦ ᠵᠡᠷᠭᠡ ᠬᠠᠮᠢᠶ᠎ᠠ ᠪᠥᠬᠦᠶ ᠠᠮᠤᠷ ᠲᠦᠪᠰᠢᠨ ᠢᠶᠠᠷ ᠬᠡᠷᠡᠭᠯᠡᠬᠦ ᠮᠡᠳᠡᠯᠭᠡ ᠶᠢ ᠳᠠᠬᠢᠨ ᠳᠠᠪᠲᠠᠨ ᠵᠠᠬᠢᠭᠰᠠᠨ ᠪᠠᠶᠢᠨ᠎ᠠ᠃ ᠵᠠᠯᠭᠠᠭᠠᠳ᠂ ︽ᠬᠠᠶᠢᠷ᠎ᠠ ᠬᠠᠯᠠᠮᠵᠢ ᠶᠢᠨ ᠨᠡᠭᠦᠷᠡᠰᠦ︾ ᠶᠢ ᠳᠦᠭᠦᠷᠲᠡᠯ᠎ᠡ ᠲᠡᠭᠡᠭᠡᠭᠰᠡᠨ ᠨᠢᠭᠡ ᠲᠡᠷᠭᠡ ᠠᠭᠠᠵᠢᠮ ᠢᠶᠠᠷ ᠶᠠᠪᠤᠵᠤ᠂ ᠡᠨᠡ ᠬᠦ ︽ᠬᠠᠯᠠᠭᠤᠨ ᠳᠤᠯᠠᠭᠠᠨ︾ ᠢ ᠠᠪᠴᠤ ᠪᠤᠴᠠᠬᠤ ᠵᠠᠮ ᠢᠶᠠᠷ ᠵᠠᠮᠨᠠᠪᠠ᠃      ᠣᠶᠢᠯᠠᠭᠠᠭᠰᠠᠨ ᠢᠶᠠᠷ᠂ ᠡᠨᠡ ᠵᠢᠯ ᠰᠠᠶᠢᠬᠤᠰᠤ ᠪᠠᠯᠭᠠᠰᠤ ᠡᠷᠦᠬᠡ ᠪᠦᠷᠢ ᠳᠤ ᠬᠠᠮᠤᠭ ᠤᠨ ᠠᠷᠪᠢᠨ ᠳᠠᠭᠠᠨ 2 ᠲᠣᠨ ᠪᠠᠷᠢᠮᠵᠢᠶ᠎ᠠ ᠪᠠᠷ ᠪᠥᠬᠦ ᠪᠠᠯᠭᠠᠰᠤᠨ ᠤ 718 ᠡᠷᠦᠬᠡ ᠲᠣᠰᠬᠤᠨ ᠤ ᠠᠷᠠᠳ ᠲᠤ 1050.5 ᠲᠣᠨ ᠠᠷᠠᠳ ᠤᠨ ᠠᠮᠢᠳᠤᠷᠠᠯ ᠤᠨ ᠳᠤᠯᠠᠭᠠᠯᠠᠭ᠎ᠠ ᠶᠢᠨ ᠨᠡᠭᠦᠷᠡᠰᠦ ᠬᠠᠩᠭᠠᠵᠤ᠂ ᠲᠣᠰᠬᠤᠨ ᠤ ᠠᠷᠠᠳ ᠤᠨ ᠳᠤᠯᠠᠭᠠᠨ ᠡᠪᠦᠯᠵᠢᠬᠦ ᠶᠢ ᠪᠠᠲᠤᠯᠠᠵᠤ᠂ ᠵᠢᠱᠢᠯᠲᠡ ᠪᠠᠷ 10 ᠰᠠᠷ᠎ᠠ ᠶᠢᠨ 30 ᠤ ᠡᠳᠦᠷ ᠠᠴᠠ ᠡᠮᠦᠨ᠎ᠡ ᠪᠥᠬᠦ ᠪᠠᠯᠭᠠᠰᠤᠨ ᠤ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠲᠠᠷᠬᠠᠭᠠᠬᠤ ᠠᠵᠢᠯ ᠢ ᠪᠡᠶᠡᠯᠡᠭᠦᠯᠬᠦ ᠪᠣᠯᠤᠨ᠎ᠠ᠃      ᠲᠠᠷᠠᠭᠠᠴᠢ ᠶᠢᠨ ᠠᠯᠬᠤᠮ ᠳᠤ᠂ ᠰᠠᠶᠢᠬᠤᠰᠤ ᠪᠠᠯᠭᠠᠰᠤ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠦᠷᠭᠦᠯᠵᠢᠯᠡᠨ ᠪᠠᠲᠤ ᠰᠠᠬᠢᠵᠤ᠂ ᠨᠠᠩ ᠶᠡᠭᠡ ᠡᠷᠴᠢᠮ ᠪᠠ ᠨᠠᠩ ᠨᠠᠷᠢᠯᠢᠭ ᠠᠷᠭ᠎ᠠ ᠬᠡᠮᠵᠢᠶ᠎ᠡ ᠪᠠᠷ ᠡᠨᠡ ᠡᠪᠦᠯ ᠢᠷᠡᠬᠦ ᠬᠠᠪᠤᠷ ᠤᠨ ᠳᠤᠯᠠᠭᠠᠯᠠᠭ᠎ᠠ ᠶᠢᠨ ᠨᠡᠭᠦᠷᠡᠰᠦᠨ ᠤ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃               ᠵᠤᠬᠢᠶᠠᠭᠴᠢ᠄ ᠰᠠᠶᠢᠬᠤᠰᠤ ᠪᠠᠯᠭᠠᠰᠤ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3