ᠵᠤᠤ ᠷᠦᠢ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠢ ᠥᠷᠨᠢᠭᠦᠯᠦᠭᠰᠡᠨ ᠪᠠᠶᠢᠳᠠᠯ ᠪᠣᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/11/13
     11 ᠰᠠᠷ᠎ᠠ ᠶᠢᠨ 11 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠤᠤ ᠷᠦᠢ ᠳ᠋ᠢᠶᠠᠨ ᠽᠢ ᠪᠠᠯᠭᠠᠰᠤᠨ ᠤ ᠪᠠᠢ ᠵᠢᠶᠠ ᠶᠢᠩ ᠲᠣᠰᠬᠤᠨ ᠳᠤ ᠭᠦᠨᠵᠡᠭᠡᠶᠢᠷᠡᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠢ ᠥᠷᠨᠢᠭᠦᠯᠬᠦ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃      ᠵᠤᠤ ᠷᠦᠢ ᠲᠤᠬᠠᠢ ᠶᠢᠨ ᠲᠠᠯᠠᠪᠠᠢ ᠳᠤ ᠳ᠋ᠢᠶᠠᠨ ᠽᠢ ᠪᠠᠯᠭᠠᠰᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠳ ᠤᠨ ᠭᠡᠷ︾ ᠤᠨ ᠲᠠᠰᠤᠭ ︵ᠦᠷᠳᠡᠭᠡ︶ ᠤᠨ ᠠᠵᠢᠯᠯᠠᠭᠠᠨ ᠤ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠳ᠋ᠢᠶᠠᠨ ᠽᠢ ᠪᠠᠯᠭᠠᠰᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠳ ᠤᠨ ᠭᠡᠷ︾ ᠤᠨ ᠲᠠᠰᠤᠭ ︵ᠦᠷᠳᠡᠭᠡ︶ ᠤᠨ ᠪᠦᠲᠦᠮᠵᠢᠲᠡᠢ ᠠᠵᠢᠯᠯᠠᠭᠠᠨ ᠵᠢᠴᠢ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠨᠤᠲᠠᠯᠠᠪᠠ᠃ ᠳᠠᠷᠠᠭ᠎ᠠ ᠨᠢ᠂ ᠵᠤᠤ ᠷᠦᠢ ᠬᠠᠷᠢᠭᠤ ᠮᠡᠳᠡᠭᠦᠯᠦᠯᠲᠡ ᠶᠢ ᠰᠣᠨᠣᠰᠬᠤ᠂ ᠡᠬᠡ ᠲᠠᠩᠰᠠ ᠶᠢᠨ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠲᠤᠰ ᠪᠠᠯᠭᠠᠰᠤ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ᠂ ᠤᠯᠠᠨ ᠲᠦᠮᠡᠨ ᠤ ᠠᠵᠢᠯ ᠣᠯᠭᠤᠯᠲᠠ᠂ ᠠᠵᠤ ᠦᠢᠯᠡᠰ ᠤᠨ ᠣᠷᠣᠯᠭ᠎ᠠ ᠶᠢᠨ ᠨᠡᠮᠡᠭᠳᠡᠯ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠣᠳᠣᠬᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠰᠠᠶᠢᠲᠤᠷ ᠬᠢᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠪᠠ᠃      ᠵᠤᠤ ᠷᠦᠢ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ ᠥᠪᠡᠷ ᠢ ᠪᠠᠨ ᠤᠮᠳᠤᠭᠠᠶᠢᠯᠠᠬᠤ ᠦᠵᠡᠯ ᠰᠠᠨᠠᠭ᠎ᠠ ᠪᠣᠯᠤᠨ ᠰᠤᠯᠠᠷᠠᠬᠤ ᠰᠡᠳᠬᠢᠯᠭᠡ ᠪᠠᠨ ᠲᠠᠶᠠᠭᠳᠠᠵᠤ᠂ ᠠᠰᠠᠭᠤᠳᠠᠯ ᠢ ᠲᠣᠳᠣᠷᠬᠠᠶᠢᠯᠠᠵᠤ᠂ ᠪᠠᠶᠢᠳᠠᠯ ᠢ ᠲᠣᠳᠣᠷᠬᠠᠶ ᠲᠠᠨᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠢ ᠴᠢᠬᠤᠯᠠ ᠪᠠᠶᠢᠷᠢᠨ ᠳᠤ ᠲᠠᠯᠪᠢᠬᠤ ᠬᠡᠷᠡᠭᠲᠡᠶ᠃ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦᠯ ᠳᠠᠷᠠᠭᠠᠯᠠᠨ ᠰᠢᠭᠰᠢᠨ ᠪᠠᠶᠢᠴᠠᠭᠠᠵᠤ᠂ ᠵᠤᠷᠪᠤᠰ ᠳᠠᠷᠠᠭᠠᠯᠠᠨ ᠪᠦᠷᠢᠳᠬᠡᠵᠦ᠂ ᠳᠤᠲᠠᠭᠤᠳᠠᠯ ᠢ ᠪᠠᠶᠢᠴᠠᠭᠠᠨ ᠨᠥᠬᠦᠪᠥᠷᠢᠯᠡᠵᠦ᠂ ᠳᠤᠲᠠᠭᠤᠳᠠᠯ ᠢ ᠨᠥᠬᠦᠪᠥᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠬᠢᠵᠦ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠠᠪᠰᠤᠷᠤᠨ ᠲᠡᠳᠬᠦᠵᠦ ᠬᠢᠨᠠᠨ ᠬᠡᠮᠵᠢᠬᠦ ᠶᠢ ᠴᠢᠩᠭᠠᠳᠬᠠᠵᠤ᠂ ᠲᠠᠬᠢᠨ ᠶᠠᠳᠠᠭᠤᠷᠠᠬᠤ ᠠᠶᠤᠯ ᠲᠦᠭᠰᠢᠭᠦᠷᠢ ᠶᠢᠨ ᠭᠡᠮ ᠰᠣᠭᠤᠭ ᠢ ᠭᠦᠨᠵᠡᠭᠡᠢ ᠵᠢᠭᠰᠠᠭᠠᠨ ᠪᠠᠶᠢᠴᠠᠭᠠᠵᠤ᠂ ᠡᠯ᠎ᠡ ᠲᠦᠷᠦᠯ ᠤᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠪᠠᠶᠢᠳᠠᠯ ᠦᠯᠦ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠺᠠᠳ᠋ᠷᠴᠤᠳ ᠤᠯᠤᠰ ᠲᠥᠷᠥ ᠶᠢᠨ ᠡᠭᠦᠷᠭᠡᠯᠡᠯ ᠪᠠ ᠤᠯᠤᠰ ᠲᠥᠷᠥ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠴᠠᠭ ᠲᠤᠬᠠᠶ ᠳᠤᠨᠢ ᠳᠣᠷᠣᠭᠰᠢ ᠪᠠᠭᠤᠵᠤ ᠰᠤᠷᠪᠤᠯᠵᠢᠯᠠᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃      ᠶᠠᠷᠢᠯᠴᠠᠬᠤ ᠬᠤᠷᠠᠯ ᠤᠨ ᠲᠠᠷᠠᠭ᠎ᠠ᠂ ᠵᠤᠤ ᠷᠦᠢ ᠪᠠᠢ ᠵᠢᠶᠠ ᠶᠢᠩ ᠲᠣᠰᠬᠤᠨ ᠤ ᠰᠣᠩᠭᠤᠭᠤᠯᠢ ᠶᠢᠨ ᠲᠣᠭᠤᠷᠢᠭ ᠲᠤ ᠭᠦᠨᠵᠡᠭᠡᠶᠢᠷᠡᠵᠦ᠂ ᠰᠣᠩᠭᠤᠭᠤᠯᠢ ᠶᠢᠨ ᠠᠷᠠᠳ ᠢ ᠰᠤᠷᠪᠤᠯᠵᠢᠯᠠᠵᠤ᠂ ᠲᠡᠳᠡᠨ ᠲᠠᠢ ᠳᠣᠲᠣᠨᠣ ᠪᠠᠷ ᠶᠠᠷᠢᠯᠴᠠᠵᠤ᠂ ᠰᠣᠩᠭᠤᠭᠤᠯᠢ ᠶᠢᠨ ᠠᠷᠠᠳ ᠤᠨ ᠰᠠᠨᠠᠯ ᠪᠠ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠠᠵᠢᠯᠲᠠᠳ ᠲᠤ ᠤᠯᠠᠨ ᠲᠦᠮᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ᠂ ᠲᠥᠭᠡᠷᠢᠭᠳᠡᠯ ᠢ ᠲᠠᠶᠢᠯᠬᠤ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ᠬᠦᠴᠢᠷ ᠵᠣᠪᠠᠭᠤᠷᠢ ᠶᠢ ᠦᠨᠡᠨ ᠬᠦ ᠰᠢᠢᠳᠪᠦᠷᠢᠯᠡᠵᠦ᠂ ᠵᠥᠷᠢᠴᠡᠯ ᠵᠢᠭᠤᠷᠠᠯᠳᠤᠭᠠᠨ ᠢ ᠠᠷᠢᠯᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠤᠯᠠᠨ ᠲᠦᠮᠡᠨ ᠲᠠᠢ ᠨᠡᠩ ᠤᠢᠢᠷᠠᠳᠤᠭᠤᠯᠵᠤ᠂ ᠰᠡᠳᠬᠢᠯ ᠵᠢᠷᠦᠬᠡ ᠪᠠᠨ ᠨᠡᠩ ᠨᠢᠭᠲᠠ ᠬᠤᠯᠪᠣᠬᠤ ᠬᠡᠷᠡᠭᠲᠡᠢ ᠭᠡᠵᠦ ᠵᠠᠬᠢᠪᠠ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3