11 ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠰᠢᠩ ᠾᠧ | ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 | ᠣᠨ ᠤ 23 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ | ᠵᠣᠷᠢᠭ ᠰᠠᠨᠠᠭ᠎ᠠ᠂ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ | ᠪᠦᠬᠦ ᠰᠢᠶᠠᠨ ᠤ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠨᠠᠮ ᠤᠨ ᠪᠠᠶᠢᠭᠤᠯᠤᠯᠲᠠ᠂ ᠪᠦᠬᠦ ᠰᠢᠶᠠᠨ ᠤ ᠡᠯ᠎ᠡ ᠤᠯᠠᠨ | ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ 2024 ᠣᠨ ᠤ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃ | ᠬᠤᠷᠠᠯ ᠠᠴᠠ ᠴᠢᠩᠭᠠᠳᠬᠠᠭᠰᠠᠨ ᠨᠢ᠂ ᠠᠭᠤᠤ ᠶᠡᠭᠡ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ | ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ︽ᠲᠦᠮᠡᠨ ᠵᠠᠯᠠᠭᠤ︾ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ | ᠭᠠᠵᠠᠷ ᠪᠣᠯᠤᠨ ︽ᠬᠤᠪᠢᠰᠬᠠᠯᠲᠤ ᠰᠤᠮᠤᠨ ᠠᠭᠤᠯᠠ︾ ᠵᠡᠷᠭᠡ ᠤᠯᠤᠰ ᠢᠶᠠᠨ ᠬᠠᠶᠢᠷᠠᠯᠠᠬᠤ ᠦᠵᠡᠯ ᠤᠨ | ᠬᠥᠮᠦᠵᠢᠯ ᠤᠨ ᠰᠠᠭᠤᠷᠢᠨ ᠢ ᠰᠠᠶᠢᠲᠤᠷ ᠠᠰᠢᠭᠯᠠᠵᠤ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ | ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠤᠳᠬ᠎ᠠ ᠤᠷᠠᠯᠢᠭ ᠤᠨ ᠠᠵᠢᠯ ᠢ ᠪᠦᠬᠦ | ᠲᠠᠯ᠎ᠠ ᠪᠠᠷ ᠴᠢᠩᠭᠠᠳᠬᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ | ᠤᠯᠠᠭᠠᠨᠮᠥ᠋ᠴᠢᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠨᠡᠩ ᠤᠯᠠᠨ ᠰᠣᠶᠣᠯ ᠤᠨ ᠰᠣᠳᠣᠨ | ᠪᠦᠲᠦᠭᠡᠯ ᠢ ᠲᠥᠰᠦᠪᠯᠡᠨ ᠭᠠᠷᠭᠠᠵᠤ᠂ ᠤᠮᠠᠷᠠᠲᠤ ᠬᠢᠯᠢ ᠶᠢᠨ ᠰᠣᠶᠣᠯ ᠤᠨ ︽ᠮᠠᠨᠳᠤᠯᠲᠠ︾ ᠶᠢ ᠲᠦᠷᠭᠡᠳᠬᠡᠨ | ᠴᠣᠭᠴᠠᠯᠠᠬᠤ ᠬᠡᠷᠡᠭᠲᠡᠢ᠃ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠪᠠᠲᠤᠯᠠᠬᠤ ᠡᠯ᠎ᠡ | ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ | ᠲᠥᠷᠥ ᠶᠢᠨ ᠪᠣᠳᠣᠯᠭ᠎ᠠ ᠶᠢ ᠨᠠᠷᠢᠯᠢᠭ ᠪᠣᠳᠠᠲᠠᠶ ᠨᠠᠶᠢᠳᠠᠪᠤᠷᠢᠵᠢᠭᠤᠯᠬᠤ ᠬᠡᠷᠡᠭᠲᠡᠶ᠃ ᠬᠥᠳᠡᠭᠡ ᠲᠣᠰᠬᠤᠨ ᠤ ᠳᠣᠣᠷ᠎ᠠ | ᠣᠷᠣᠯᠭ᠎ᠠ ᠲᠠᠢ ᠬᠥᠮᠦᠨ ᠠᠮᠠ ᠳᠤ ᠠᠵᠢᠯ ᠣᠯᠭᠤᠬᠤ ᠶᠢ ᠬᠠᠪᠰᠤᠷᠤᠨ ᠲᠡᠳᠬᠦᠬᠦ ᠶᠢ ᠪᠠᠶᠢᠩᠭᠤᠵᠢᠭᠤᠯᠬᠤ ᠶᠢ | ᠠᠬᠢᠭᠤᠯᠵᠤ᠂ ᠠᠵᠢᠯ ᠠᠯᠳᠠᠭᠰᠠᠨ ᠠᠴᠠ ᠪᠤᠯᠵᠤ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠶᠢ ᠰᠡᠷᠭᠡᠶᠢᠯᠡᠬᠦ | ᠬᠡᠷᠡᠭᠲᠡᠢ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠭᠦᠨᠵᠡᠭᠡᠢ | ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ | ᠠᠵᠢᠯ ᠤᠨ ᠭᠤᠣᠯ ᠰᠢᠵᠢᠮ ᠢ ᠢᠮᠠᠭᠲᠠ ᠥᠭᠡᠷᠡᠴᠢᠯᠡᠯᠲᠡ ᠶᠢᠨ ᠪᠦᠬᠦ ᠶᠠᠪᠤᠴᠠ ᠳᠤ ᠲᠤᠤᠱᠯᠠᠭᠤᠯᠵᠤ᠂ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠰᠢᠰᠲ᠋ᠧᠮ ᠤᠨ ᠬᠤᠷᠠᠮᠳᠤᠯ᠂ ᠬᠠᠨᠳᠤᠰᠢ ᠨᠢᠭᠡᠳᠦᠯᠲᠡᠢ ᠪᠠᠶᠢᠬᠤ ᠶᠢ | ᠴᠢᠩᠭᠠᠳᠬᠠᠵᠤ᠂ ᠤᠷᠮᠠᠰᠢᠭᠤᠯᠤᠨ ᠵᠣᠷᠢᠭᠵᠢᠭᠤᠯᠬᠤ᠂ ᠵᠠᠯᠬᠠᠭᠠᠨ ᠴᠡᠭᠡᠷᠯᠡᠭᠦᠯᠬᠦ ᠪᠠ ᠠᠯᠳᠠᠭ᠎ᠠ ᠪᠤᠷᠤᠭᠤ ᠶᠢ | ᠠᠭᠤᠴᠢᠯᠠᠬᠤ ᠲᠣᠭᠲᠠᠴᠠ ᠶᠢ ᠰᠠᠶᠢᠲᠤᠷ ᠬᠡᠷᠡᠭᠯᠡᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠲᠦᠷᠭᠡᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠨᠡᠩ ᠥᠨᠳᠥᠷ ᠤᠯᠤᠰ | ᠲᠦᠷᠦ ᠶᠢᠨ ᠵᠣᠭᠰᠣᠴᠠ ᠪᠣᠯᠤᠨ ᠨᠡᠩ ᠵᠥᠪ ᠠᠵᠢᠯ ᠤᠨ ᠤᠢᠢᠯᠠᠭᠠᠭᠳᠠᠬᠤᠨ ᠢ ᠪᠤᠢ ᠪᠣᠯᠭᠠᠵᠤ᠂ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ | ᠬᠤᠷᠠᠯ ᠠᠴᠠ ᠴᠢᠩᠭᠠᠳᠬᠠᠭᠰᠠᠨ ᠨᠢ᠂ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠲᠤᠬᠠᠢ ᠲᠣᠭᠲᠠᠭᠠᠯ ᠤᠳ︾ ᠢ ᠨᠠᠷᠢᠨ ᠬᠢᠨᠠᠮᠠᠭᠠᠢ ᠰᠤᠷᠤᠯᠴᠠᠵᠤ᠂ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠪᠠ ᠠᠭᠤᠷ ᠠᠮᠢᠰᠬᠤᠯ ᠢ ᠪᠤᠢ ᠪᠣᠯᠭᠠᠬᠤ ᠶᠢ ᠰᠠᠶᠢᠲᠤᠷ ᠠᠳᠬᠤᠵᠤ᠂ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠡᠯ᠎ᠡ ᠵᠦᠢᠯ ᠤᠨ ᠠᠵᠢᠯ ᠢ ᠯᠠᠪᠳᠠᠭᠤᠨ ᠢᠶᠠᠷ ᠠᠬᠢᠭᠤᠯᠬᠤ ᠶᠢ ᠪᠠᠲᠤᠯᠠᠬᠤ | ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ | ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠨᠠᠮ ᠤᠨ ᠤᠳᠤᠷᠢᠳᠤᠯᠭ᠎ᠠ ᠶᠢ ᠡᠮᠨᠡᠯᠭᠡ ᠶᠢᠨ ᠬᠤᠷᠢᠶᠠᠨ ᠤ | ᠵᠠᠰᠠᠯᠲᠠ ᠶᠢᠨ ᠡᠯ᠎ᠡ ᠭᠤᠭᠴᠤᠭ᠎ᠠ ᠳᠤ ᠠᠭᠤᠰᠤᠯᠴᠠᠭᠤᠯᠬᠤ ᠶᠢ ᠪᠠᠷᠢᠮᠲᠠᠯᠠᠬᠤ ᠬᠡᠷᠡᠭᠲᠡᠢ᠃ ᠡᠷᠡᠭᠦᠯ ᠮᠠᠨᠳᠤ ᠪᠠ | ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠡᠮ ᠡᠮᠨᠡᠯᠭᠡ ᠶᠢᠨ ᠳᠠᠭᠠᠳᠬᠠᠯ ᠢ ᠰᠢᠭᠤᠳ ᠮᠡᠳᠡᠭᠦᠯᠬᠦ ᠦᠢᠯᠡᠴᠢᠯᠡᠭᠡ ᠶᠢ ᠢᠳᠡᠪᠬᠢᠲᠡᠢ | ᠬᠡᠷᠡᠭᠵᠢᠭᠦᠯᠵᠦ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ | ᠬᠤᠷᠠᠯ ᠠᠴᠠ ᠴᠢᠩᠭᠠᠳᠬᠠᠭᠰᠠᠨ ᠨᠢ᠂ ᠤᠯᠠᠨ ᠲᠦᠮᠡᠨ ᠤ ᠪᠦᠯᠬᠦᠮ ᠤᠨ ᠠᠵᠢᠯ ᠳᠠᠬᠢ ᠨᠠᠮ ᠤᠨ | ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ ᠴᠢᠩᠭᠠᠳᠬᠠᠵᠤ᠂ ᠤᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠬᠥᠭᠦᠷᠭᠡ ᠪᠠ ᠬᠤᠯᠪᠣᠭᠠᠰᠤ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠤᠯᠠᠨ ᠲᠦᠮᠡᠨ ᠤ | ᠬᠦᠰᠡᠯ ᠱᠠᠭᠠᠷᠳᠠᠯᠭ᠎ᠠ ᠶᠢ ᠢᠳᠡᠪᠬᠢᠲᠡᠢ ᠰᠣᠨᠣᠰᠴᠤ᠂ ᠤᠯᠠᠨ ᠲᠦᠮᠡᠨ ᠤ ᠬᠦᠰᠡᠯ ᠰᠠᠨᠠᠭ᠎ᠠ ᠶᠢ ᠲᠤᠰᠬᠠᠵᠤ᠂ | ᠠᠷᠠᠳ ᠤᠨ ᠠᠮᠢᠳᠤᠷᠠᠯ ᠢ ᠦᠷᠭᠦᠯᠵᠢᠯᠡᠨ ᠪᠠᠲᠤᠯᠠᠨ ᠰᠠᠶᠢᠵᠢᠷᠠᠭᠤᠯᠬᠤ ᠬᠡᠷᠡᠭᠲᠡᠢ᠃ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠶᠢ ᠭᠦᠨᠵᠡᠭᠡᠢ ᠠᠬᠢᠭᠤᠯᠵᠤ᠂ ᠥᠭᠡᠷᠡᠴᠢᠯᠡᠯᠲᠡ ᠶᠢᠨ ᠠᠵᠢᠯ ᠤᠨ ᠳᠤᠮᠳᠠᠬᠢ ᠲᠦᠭᠵᠢᠷᠡᠯ | ᠂ ᠬᠦᠴᠢᠷ ᠠᠰᠠᠭᠤᠳᠠᠯ ᠢ ᠲᠠᠰᠤᠷᠠᠯᠲᠠ ᠦᠭᠡᠢ ᠨᠡᠪᠲᠡᠷᠡᠭᠦᠯᠵᠦ᠂ ︽ᠭᠤᠷᠪᠠᠨ ᠰᠢᠨ᠎ᠡ︾ ᠶᠢᠨ ᠬᠦᠷᠢᠶᠡᠨ ᠤ ᠤᠯᠠᠨ | ᠲᠦᠮᠡᠨ ᠤ ᠪᠦᠯᠬᠦᠮ ᠤᠨ ᠠᠵᠢᠯ ᠤᠨ ᠰᠢᠨ᠎ᠡ ᠲᠣᠭᠲᠠᠴᠠ᠂ ᠰᠢᠨ᠎ᠡ ᠠᠷᠭ᠎ᠠ ᠶᠢ ᠢᠳᠡᠪᠬᠢᠲᠡᠢ ᠰᠦᠪᠡᠭᠴᠢᠯᠡᠬᠦ ᠬᠡᠷᠡᠭᠲᠡᠢ | ᠃ | ᠬᠤᠷᠠᠯ ᠠᠴᠠ ᠴᠢᠩᠭᠠᠳᠬᠠᠭᠰᠠᠨ ᠨᠢ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ | ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠠᠴᠠ ᠤᠬᠠᠭᠤᠯᠭ᠎ᠠ ᠶᠢ ᠬᠠᠮᠢᠶᠠᠷᠬᠤ᠂ ᠨᠠᠮ ᠠᠴᠠ ᠵᠠᠭᠤᠴᠢᠯᠠᠭᠤᠷ ᠢ | ᠬᠠᠮᠢᠶᠠᠷᠬᠤ᠂ ᠨᠠᠮ ᠠᠴᠠ ᠦᠵᠡᠯ ᠤᠬᠠᠮᠰᠠᠷ ᠤᠨ ᠬᠡᠯᠪᠡᠷᠢ ᠶᠢ ᠬᠠᠮᠢᠶᠠᠷᠬᠤ ᠡᠯ᠎ᠡ ᠵᠦᠢᠯ ᠤᠨ ᠱᠠᠭᠠᠷᠳᠠᠯᠭ᠎ᠠ ᠶᠢ | ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠶᠠᠷᠢᠶ᠎ᠠ ᠬᠡᠯᠡᠯᠴᠡᠭᠡᠨ ᠤ ᠵᠢᠯᠤᠭᠤᠳᠤᠯᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠡᠯ᠎ᠡ ᠲᠦᠷᠦᠯ ᠤᠨ ᠤᠬᠠᠭᠤᠯᠤᠨ | ᠲᠠᠶᠢᠯᠪᠤᠷᠢᠯᠠᠬᠤ ᠶᠢ ᠤᠨᠢᠨ ᠳᠡᠭᠡᠷ᠎ᠡ ᠨᠢ ᠪᠦᠲᠦᠮᠵᠢᠲᠡᠢ ᠥᠷᠨᠢᠭᠦᠯᠬᠦ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ | ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ | ᠴᠢᠩᠭᠠᠳᠬᠠᠨ᠂ ᠦᠵᠡᠯ ᠤᠬᠠᠮᠰᠠᠷ ᠤᠨ ᠬᠡᠯᠪᠡᠷᠢ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠶᠢᠨ | ᠠᠵᠢᠯ ᠤᠨ ᠪᠣᠯᠪᠠᠰᠤᠷᠠᠯ ᠢ ᠴᠢᠩᠭᠠᠳᠬᠠᠵᠤ᠂ ᠺᠠᠳ᠋ᠷ ᠤᠨ ᠡᠩᠨᠡᠭᠡᠨ ᠤ ᠬᠠᠷᠢᠭᠤᠴᠠᠯᠭᠠᠲᠤ ᠤᠬᠠᠮᠰᠠᠷ ᠪᠠ | ᠴᠢᠳᠠᠪᠤᠷᠢ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |