ᠰᠢᠩ ᠾᠧ ᠰᠢᠶᠠᠨ ᠤ ᠲᠣᠰᠬᠤᠨ ᠤ ᠲᠠᠰ ᠤᠨ ᠬᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠴᠠᠬᠢᠯᠭᠠᠨ ᠥᠷᠲᠡᠭᠡ ᠶᠢᠨ ᠴᠠᠬᠢᠯᠭᠠᠨ ᠤ ᠵᠠᠷᠤᠳᠠᠯ ᠤᠨ ᠠᠰᠢᠭ ᠣᠯᠵᠠᠪᠤᠷᠢ ᠶᠢᠨ ᠬᠤᠪᠢᠶᠠᠷᠢᠯᠠᠯᠲᠠ ᠶᠢᠨ ᠲᠥᠯᠥᠪᠯᠡᠭᠡ ᠶᠢᠨ ᠲᠤᠬᠠᠶ ᠵᠠᠷᠯᠠᠨ ᠨᠡᠶᠢᠲᠡᠯᠡᠬᠦ ᠲᠤᠬᠠᠶ
ᠨᠡᠶᠢᠲᠡᠯᠡᠭᠰᠡᠨ ᠴᠠᠭ᠄
2024/11/25
     ᠥᠪᠥᠷ ᠮᠣᠩᠭᠤᠯ ᠤᠨ ᠰᠢᠶᠠᠩ ᠵᠧᠨ ᠹᠠ ﹇2020﹈ 20 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠪᠠ ᠰᠢᠩ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠠᠮᠲᠤᠷᠠᠭᠰᠠᠨ ᠴᠠᠬᠢᠯᠭᠠᠨ ᠲᠠᠷᠬᠠᠭᠠᠭᠰᠠᠨ ﹇2020﹈ 6 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ︽ᠰᠢᠩ ᠾᠧ ᠰᠢᠶᠠᠨ ᠤ ᠲᠣᠰᠬᠤᠨ ᠤ ᠲᠠᠰ ᠤᠨ ᠬᠡᠷᠡᠯ ᠴᠡᠨᠡᠭ ᠢ ᠬᠠᠪᠰᠤᠷᠤᠨ ᠲᠡᠳᠬᠦᠬᠦ ᠴᠠᠬᠢᠯᠭᠠᠨ ᠥᠷᠲᠡᠭᠡ ᠶᠢᠨ ᠠᠰᠢᠭ ᠣᠷᠣᠯᠭ᠎ᠠ ᠶᠢ ᠬᠤᠪᠢᠶᠠᠷᠢᠯᠠᠬᠤ ᠬᠠᠮᠢᠶᠠᠷᠤᠯᠲᠠ ᠶᠢᠨ ᠠᠷᠭ᠎ᠠ ︵ᠵᠠᠰᠠᠪᠤᠷᠢ ᠣᠷᠣᠭᠤᠯᠤᠭᠰᠠᠨ︶︾ ᠶᠢ ᠳᠠᠷᠤᠮᠠᠯᠯᠠᠨ ᠲᠠᠷᠬᠠᠭᠠᠬᠤ ᠪᠠᠷ ᠳᠡᠮᠵᠢᠨ᠂ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠪᠠᠷ ᠵᠥᠪᠰᠢᠶᠡᠷᠡᠭᠦᠯᠦᠭᠡᠳ᠂ ᠡᠳᠦᠭᠡ ᠬᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠴᠠᠬᠢᠯᠭᠠᠨ ᠥᠷᠲᠡᠭᠡ ᠶᠢᠨ 2024 ᠣᠨ ᠤ 7 ᠳ᠋ᠤᠭᠠᠷ ᠰᠠᠷ᠎ᠠ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠨᠢ 1866.38 ᠲᠦᠮᠡᠨ ᠭᠷᠠᠳᠦ᠋ᠰ᠂ ᠠᠰᠢᠭ ᠣᠷᠣᠯᠭ᠎ᠠ ᠨᠢ 528 ᠲᠦᠮᠡᠨ ᠲᠥᠭᠦᠷᠢᠭ ᠪᠣᠯ ᠨᠢᠭᠡᠨᠲᠡ ᠮᠠᠨ ᠤ ᠰᠢᠶᠠᠨ ᠰᠢᠶᠠᠩ ᠤᠨ ᠴᠠᠬᠢᠯᠭᠠᠨ ᠭᠠᠷᠭᠠᠬᠤ ᠺᠣᠮᠫᠠᠨᠢ ᠶᠢᠨ ᠳ᠋ᠦᠩᠨᠡᠨ ᠰᠢᠯᠵᠢᠭᠦᠯᠦᠭᠰᠡᠨ ᠳᠠᠩᠰᠠᠨ ᠡᠷᠦᠬᠡ ᠳᠤ ᠬᠦᠷᠴᠦ᠂ ᠡᠭᠦᠨ ᠳᠤ ᠠᠵᠢᠯᠯᠠᠭᠤᠯᠵᠤ ᠬᠠᠮᠠᠭᠠᠯᠠᠬᠤ ᠵᠠᠷᠤᠳᠠᠯ 103.09 ᠲᠦᠮᠡᠨ ᠲᠥᠭᠦᠷᠢᠭ᠂ ᠴᠠᠬᠢᠯᠭᠠᠨ ᠥᠷᠲᠡᠭᠡᠨ ᠤ ᠴᠠᠬᠢᠯᠭᠠᠨ ᠬᠡᠷᠡᠭᠯᠡᠬᠦ ᠵᠠᠷᠤᠳᠠᠯ 5.93 ᠲᠦᠮᠡᠨ ᠲᠥᠭᠦᠷᠢᠭ᠂ ᠭᠠᠶᠢᠯᠢ ᠰᠦᠢᠳᠭᠡᠯ 6.06 ᠲᠦᠮᠡᠨ ᠲᠥᠭᠦᠷᠢᠭ᠂ ᠳᠥᠷᠪᠡᠨ ᠪᠠᠷᠢᠮᠵᠢᠶᠠᠲᠤ ᠬᠡᠰᠡᠭ ᠤᠨ ᠰᠥᠷᠭᠡᠦ ᠬᠤᠪᠢᠰᠬᠠᠭᠤᠷ ᠤᠨ ᠮᠠᠰᠢᠨ ᠲᠠᠢ ᠬᠤᠯᠪᠣᠭ᠎ᠠ ᠲᠠᠢ 87 ᠶᠠᠳᠠᠭᠤ ᠠᠴᠠ ᠠᠩᠭᠢᠵᠢᠷᠠᠭᠰᠠᠨ ᠲᠣᠰᠬᠤᠨ ᠳᠤ ᠬᠤᠪᠢᠶᠠᠷᠢᠯᠠᠬᠤ ᠪᠠᠷ ᠲᠣᠭᠲᠠᠪᠠ᠃ ᠡᠳᠦᠭᠡ ᠬᠤᠪᠢᠶᠠᠷᠢᠯᠠᠯᠲᠠ ᠶᠢᠨ ᠲᠥᠯᠥᠪᠯᠡᠭᠡ ᠶᠢ ᠢᠯᠡ ᠨᠡᠶᠢᠲᠡᠯᠡᠵᠦ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 10 ᠡᠳᠦᠷ ︵2024 ᠣᠨ ᠤ 11 ᠰᠠᠷ᠎ᠠ ᠶᠢᠨ 18 ᠤ ᠡᠳᠦᠷ ᠠᠴᠠ 11 ᠰᠠᠷ᠎ᠠ ᠶᠢᠨ 27 ᠤ ᠡᠳᠦᠷ︶ ᠪᠣᠯᠤᠨ᠎ᠠ᠃      ᠬᠢᠨᠠᠯᠲᠠ ᠲᠠᠯᠪᠢᠬᠤ ᠨᠢᠭᠡᠴᠡ᠄ ᠰᠢᠩ ᠾᠧ ᠰᠢᠶᠠᠨ ᠤ ᠬᠥᠳᠡᠭᠡ ᠲᠣᠰᠬᠤᠨ ᠤ ᠬᠥᠭᠵᠢᠯᠲᠡ ᠶᠢᠨ ᠪᠠᠯᠠ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ      ᠬᠢᠨᠠᠯᠲᠠ ᠲᠠᠯᠪᠢᠬᠤ ᠤᠲᠠᠰᠤ᠄ 12317      ᠬᠢᠨᠠᠯᠲᠠ ᠲᠠᠯᠪᠢᠬᠤ ᠨᠢᠭᠡᠴᠡ ᠶᠢᠨ ᠬᠠᠶ᠋ᠢᠭ᠄ ᠰᠢᠩ ᠾᠧ ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ ᠶᠡᠭᠡ ᠠᠰᠠᠷ ᠤᠨ ᠬᠤᠶᠠᠳᠤᠭᠠᠷ ᠳᠠᠪᠬᠤᠷᠯᠢᠭ                ᠰᠢᠩ ᠾᠧ ᠰᠢᠶᠠᠨ ᠤ ᠬᠥᠳᠡᠭᠡ ᠲᠣᠰᠭᠤᠨ ᠤ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ                           2024 ᠣᠨ ᠤ 11 ᠰᠠᠷ᠎ᠠ ᠶᠢᠨ 18 ᠤ ᠡᠳᠦᠷ                ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                ᠤᠷᠴᠢᠭᠤᠯᠤᠭᠴᠢ᠄ ᠮᠥᠩᠭᠦᠨᠰᠤᠶᠢᠬᠡ                ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3