ᠸᠠᠩ ᠬᠤᠢ ᠢᠦᠶ ᠮᠠᠨ ᠤ ᠰᠢᠶᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/11/25
     11 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠰᠢᠩ ᠾᠧ ᠰᠢᠶᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠳ᠋ᠠ ᠲᠦᠩ ᠶᠣᠣ ᠰᠢᠶᠠᠩ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠡᠷᠳᠡᠨᠢ ᠪᠠᠯᠭᠠᠰᠤ ᠶᠢᠨ ᠵᠢᠦ ᠶᠢᠩᠽᠢ ᠲᠣᠰᠬᠤᠨ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠮᠠᠨ ᠤ ᠰᠢᠶᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠮᠢᠶᠠᠷᠤᠯᠲᠠ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠶᠢᠨ ᠡᠵᠡᠩᠨᠡᠯᠲᠡ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠢᠦᠢ ᠬᠤᠩ ᠯᠢᠶᠠᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠰᠢᠩ ᠾᠧ ᠰᠢᠶᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ᠂ ᠸᠠᠩ ᠬᠤᠢ ᠢᠦᠢ ᠡᠵᠡᠩᠨᠡᠯᠲᠡ ᠶᠢᠨ ᠵᠠᠭᠪᠤᠷ᠂ ᠴᠢᠳᠠᠮᠵᠢ ᠶᠢᠨ ᠲᠤᠬᠢᠷᠠᠭᠤᠯᠤᠯᠳᠠ᠂ ᠦᠢᠯᠡᠴᠢᠯᠡᠭᠡᠨ ᠤ ᠪᠠᠲᠤᠯᠠᠭ᠎ᠠ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠭᠠᠯ ᠤᠨᠲᠠᠷᠠᠭᠠᠬᠤ ᠲᠥᠬᠦᠭᠡᠷᠦᠮᠵᠢ ᠂ ᠢᠳᠡᠭᠡᠨ ᠤ ᠠᠮᠤᠷ ᠲᠦᠪᠰᠢᠨ ᠵᠢᠴᠢ ᠠᠶᠤᠯᠭᠦᠢ ᠦᠢᠯᠡᠳᠪᠦᠷᠢᠯᠡᠯ ᠤᠨ ᠲᠦᠷᠢᠮ ᠲᠣᠭᠲᠠᠭᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ ᠣᠶᠢᠯᠠᠭᠠᠪᠠ᠃ ᠲᠡᠷᠡ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠨᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠨ᠎ᠠ᠂ ᠬᠤᠯᠪᠣᠭᠳᠠᠯ ᠪᠦᠬᠦᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠦᠢᠯᠡᠴᠢᠯᠡᠭᠡᠨ ᠤ ᠶᠠᠰᠤ ᠴᠢᠨᠠᠷ ᠪᠣᠯᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢᠶᠠᠨ ᠴᠢᠨᠠᠭᠰᠢᠳᠠ ᠳᠡᠭᠡᠭᠰᠢᠯᠡᠭᠦᠯᠵᠦ᠂ ᠡᠳᠦᠷ ᠲᠤᠳᠤᠮ ᠤᠨ ᠠᠰᠠᠷᠠᠨ ᠬᠠᠷᠠᠭᠠᠯᠵᠠᠬᠤ᠂ ᠡᠷᠡᠭᠦᠯᠵᠢᠯ ᠤᠨ ᠡᠮ ᠡᠮᠨᠡᠯᠭᠡ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠲᠠᠯ᠎ᠠ ᠪᠠᠷ ᠨᠢᠭᠲᠠ ᠠᠴᠠ ᠨᠢᠭᠲᠠ ᠪᠠᠶᠢᠵᠤ᠂ ᠨᠠᠰᠤᠲᠠᠶᠢᠴᠤᠳ ᠤᠨ ᠠᠳᠠᠯᠢ ᠪᠤᠰᠤ ᠲᠡᠰ ᠳᠠᠪᠬᠤᠷᠭ᠎ᠠ᠂ ᠠᠳᠠᠯᠢ ᠪᠤᠰᠤ ᠬᠡᠷᠡᠭᠴᠡᠭᠡ ᠶᠢᠨ ᠦᠢᠯᠡᠴᠢᠯᠡᠭᠡᠨ ᠤ ᠬᠡᠷᠡᠭᠴᠡᠭᠡ ᠶᠢ ᠭᠦᠢᠴᠡᠳ ᠬᠠᠩᠭᠠᠬᠤ ᠬᠡᠷᠡᠭᠲᠡᠢ᠃ ᠡᠭᠦᠨ ᠤ ᠬᠠᠮᠲᠤ᠂ ᠨᠠᠰᠤᠵᠢᠯ ᠤᠨ ᠪᠠᠶᠢᠭᠤᠯᠤᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠴᠠᠬᠢᠯᠭᠠᠨ ᠬᠡᠷᠡᠭᠯᠡᠬᠦ ᠲᠥᠬᠦᠭᠡᠷᠦᠮᠵᠢ ᠶᠢᠨ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠠᠮᠤᠷ ᠲᠦᠪᠰᠢᠨ ᠤ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ ᠨᠠᠰᠤᠲᠠᠶᠢᠴᠤᠳ ᠲᠤ ᠠᠮᠤᠷ ᠲᠦᠪᠰᠢᠨ᠂ ᠲᠠᠭᠠᠯᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠦᠨᠡᠨᠬᠦ ᠬᠠᠩᠭᠠᠬᠤ ᠬᠡᠷᠡᠭᠲᠡᠶ ᠭᠡᠵᠡᠢ᠃      ᠳ᠋ᠠ ᠲᠦᠩ ᠶᠣᠣ ᠰᠢᠶᠠᠩ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠪᠣᠯᠤᠨ ᠡᠷᠳᠡᠨᠢ ᠪᠠᠯᠭᠠᠰᠤ ᠶᠢᠨ ᠵᠢᠦ ᠶᠢᠩᠽᠢ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠳᠤ᠂ ᠸᠠᠩ ᠬᠤᠢ ᠢᠦᠢ ᠬᠦᠷᠢᠶᠡᠨ ᠤ ᠣᠷᠴᠢᠨ ᠲᠣᠭᠤᠷᠢᠨ᠂ ᠢᠵᠢ ᠪᠦᠷᠢᠳᠦᠭᠰᠡᠨ ᠲᠥᠬᠦᠭᠡᠷᠦᠮᠵᠢ ᠪᠣᠯᠤᠨ ᠨᠠᠰᠤᠲᠠᠶᠢᠴᠤᠳ ᠤᠨ ᠡᠳᠦᠷ ᠳᠤᠳᠤᠮ ᠤᠨ ᠠᠮᠢᠳᠤᠷᠠᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠲᠠᠰᠢᠷᠠᠮ ᠢᠶᠠᠷ ᠡᠷᠦᠬᠡ ᠳᠤ ᠣᠷᠣᠵᠤ ᠰᠤᠷᠪᠤᠯᠵᠢᠯᠠᠪᠠ᠃ ᠲᠡᠷᠡ᠂ ᠨᠠᠰᠤᠲᠠᠶᠢᠴᠤᠳ ᠤᠨ ᠬᠦᠰᠡᠯ ᠡᠷᠡᠮᠡᠯᠵᠡᠯ ᠤᠨ ᠲᠣᠭᠤᠷᠢᠨ ᠳᠤ ᠬᠤᠭᠤᠯᠠᠯᠠᠬᠤ ᠳᠤ ᠲᠤᠰᠠᠯᠠᠬᠤ᠂ ᠠᠷᠢᠭᠤᠨ ᠴᠡᠪᠡᠷ ᠲᠤ ᠲᠤᠰᠠᠯᠠᠬᠤ᠂ ᠤᠬᠢᠶᠠᠯᠭ᠎ᠠ ᠳᠤ ᠲᠤᠰᠠᠯᠠᠬᠤ᠂ ᠡᠮᠨᠡᠯᠭᠡ ᠳᠤ ᠲᠤᠰᠠᠯᠠᠬᠤ᠂ ᠠᠶᠠᠨᠴᠢᠳ ᠢ ᠲᠤᠰᠠᠯᠠᠬᠤ᠂ ᠪᠠᠴᠢᠮ ᠪᠠᠶᠢᠳᠠᠯ ᠳᠤ ᠲᠤᠰᠠᠯᠠᠬᠤ ᠵᠡᠷᠭᠡ ᠦᠢᠯᠡᠴᠢᠯᠡᠭᠡ ᠶᠢ ᠦᠷᠭᠦᠯᠵᠢᠯᠡᠨ ᠬᠠᠩᠭᠠᠵᠤ᠂ ᠥᠷᠭᠡᠨ ᠤᠯᠠᠨ ᠨᠠᠰᠤᠲᠠᠶᠢᠴᠤᠳ ᠤᠨ ᠤᠯᠠᠨ ᠶᠠᠩᠵᠤ ᠶᠢᠨ ᠨᠠᠰᠤᠵᠢᠯ ᠤᠨ ᠦᠢᠯᠡᠴᠢᠯᠡᠭᠡᠨ ᠤ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ᠃ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠤᠨ ︽ᠭᠤᠷᠪᠠ ᠶᠢ ᠵᠠᠰᠠᠵᠤ ᠭᠤᠷᠪᠠ ᠶᠢ ᠥᠭᠡᠷᠡᠴᠢᠯᠡᠬᠦ︾ ᠢᠨᠵᠧᠨᠧᠷᠢᠩ ᠢ ᠲᠦᠷᠭᠡᠳᠬᠡᠨ ᠠᠬᠢᠭᠤᠯᠵᠤ᠂ ︽ᠤᠯᠠᠭᠠᠨ ᠵᠣᠯ ᠵᠢᠷᠭᠠᠯ ᠤᠨ ᠬᠦᠷᠢᠶᠡᠯᠡᠩ︾ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃      ᠳᠠᠷᠠᠭ᠎ᠠ ᠨᠢ᠂ ᠳ᠋ᠠ ᠲᠦᠩ ᠶᠣᠣ ᠲᠣᠰᠬᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠸᠠᠩ ᠬᠤᠢ ᠢᠦᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠭᠰᠠᠨ ᠪᠥᠭᠡᠳ ᠰᠢᠶᠠᠩ᠂ ᠲᠣᠰᠬᠤᠨ ᠬᠤᠶᠠᠷ ᠱᠠᠲᠤᠨ ᠤ ᠺᠠᠳ᠋ᠷᠴᠤᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠲᠡᠷᠡ᠂ ᠡᠷᠦᠬᠡ ᠳᠤ ᠣᠷᠣᠵᠤ ᠰᠤᠷᠪᠤᠯᠵᠢᠯᠠᠬᠤ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠵᠦ᠂ ᠬᠢᠨᠠᠨ ᠬᠡᠮᠵᠢᠬᠦ ᠡᠲᠡᠭᠡᠳ ᠤᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠢᠭᠲᠠ ᠠᠩᠬᠠᠷᠴᠤ᠂ ︽ᠨᠢᠭᠡ ᠡᠷᠦᠬᠡ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ ︾ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠶ ᠪᠠᠷ ᠨᠠᠶᠢᠳᠠᠪᠤᠷᠢᠵᠢᠭᠤᠯᠵᠤ᠂ ᠣᠯᠠᠨ ᠲᠦᠮᠡᠨ ᠢ ᠴᠠᠭ ᠲᠤᠬᠠᠶ ᠳᠤᠨᠢ ᠬᠠᠪᠰᠤᠷᠤᠨ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠬᠦᠴᠢᠷᠳᠡᠯ ᠲᠠᠢ ᠠᠰᠠᠭᠤᠳᠠᠯ ᠢ ᠨᠢ ᠰᠢᠢᠳᠪᠦᠷᠢᠯᠡᠵᠦ᠂ ᠬᠠᠪᠰᠤᠷᠤᠨ ᠲᠡᠳᠬᠦᠬᠦ ᠠᠵᠢᠯ ᠢ ᠰᠡᠳᠬᠢᠯ ᠳᠡᠯᠪᠢᠨ ᠬᠦᠴᠦ ᠣᠷᠣᠭᠤᠯᠤᠨ ᠰᠠᠶᠢᠲᠤᠷ ᠬᠢᠵᠦ᠂ ᠡᠯ᠎ᠡ ᠵᠦᠢᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃                ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ                ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                ᠤᠷᠴᠢᠭᠤᠯᠤᠭᠴᠢ᠄ ᠮᠥᠩᠭᠦᠨᠰᠤᠶᠢᠬᠡ                ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3