ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠮᠠᠰᠢᠨ ᠪᠠᠭᠠᠵᠢ ᠬᠤᠳᠠᠯᠳᠤᠨ | ᠠᠪᠬᠤ ᠶᠢᠨ ᠬᠢᠨᠠᠨ ᠰᠢᠯᠭᠠᠬᠤ ᠬᠠᠮᠢᠶᠠᠷᠤᠯᠲᠠ ᠶᠢ ᠴᠢᠩᠭᠠᠳᠬᠠᠵᠤ᠂ ᠨᠥᠬᠦᠪᠥᠷᠢ ᠪᠡᠯᠡ ᠮᠥᠩᠭᠦ ᠶᠢᠨ ᠠᠶᠤᠯ ᠦᠭᠡᠶ | ᠪᠠ ᠲᠥᠷᠥ ᠶᠢᠨ ᠪᠣᠳᠣᠯᠭ᠎ᠠ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠬᠤ ᠶᠢ ᠦᠨᠡᠨᠬᠦ ᠪᠠᠲᠤᠯᠠᠬᠤ ᠶᠢᠨ ᠲᠤᠰᠠᠳᠠ | ᠂ ᠡᠳᠦᠭᠡ ᠳᠣᠤᠷᠠᠬᠢ ᠮᠡᠲᠦ ᠰᠠᠨᠠᠯ ᠢ ᠳᠤᠷᠠᠳᠪᠠ᠃ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ | ᠥᠭᠬᠦ ᠮᠠᠰᠢᠨ ᠪᠠᠭᠠᠵᠢ ᠬᠤᠳᠠᠯᠳᠤᠨ ᠠᠪᠬᠤ ᠶᠢ ᠬᠢᠨᠠᠨ ᠰᠢᠯᠭᠠᠬᠤ ᠠᠵᠢᠯ ᠢ ᠰᠠᠶᠢᠲᠤᠷ ᠬᠢᠵᠦ᠂ ᠬᠢᠨᠠᠨ ᠰᠢᠯᠭᠠᠬᠤ | ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠬᠠᠮᠢᠶᠠᠷᠤᠯᠲᠠ ᠶᠢᠨ ᠲᠦᠭᠰᠢᠭᠦᠷᠢ ᠶᠢ ᠰᠡᠷᠭᠡᠶᠢᠯᠡᠵᠦ᠂ ᠨᠥᠬᠦᠪᠥᠷᠢ ᠥᠭᠬᠦ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠯᠠᠮ ᠨᠢᠭᠡ ᠠᠯᠬᠤᠮ ᠠᠷᠠᠳ ᠲᠤ ᠲᠥᠬᠦᠮ ᠦᠵᠡᠭᠦᠯᠵᠦ ᠠᠷᠠᠳ ᠲᠤ | ᠠᠰᠢᠭ ᠬᠦᠷᠲᠡᠭᠡᠵᠦ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠡᠳ᠋ ᠤᠨ ᠵᠠᠰᠠᠭ ᠤᠨ ᠶᠠᠮᠤᠨ ᠤ ᠲᠠᠷᠢᠶᠠᠯᠠᠩ ᠤᠨ | ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠠᠮᠢᠶ᠎ᠠ ᠪᠥᠬᠦᠶ | ᠲᠣᠭᠲᠠᠭᠠᠯ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠬᠤᠳᠠᠯᠳᠤᠨ | ᠠᠪᠬᠤ ᠳᠤ ᠨᠥᠬᠦᠪᠥᠷᠢ ᠥᠭᠬᠦ ᠮᠠᠰᠢᠨ ᠪᠠᠭᠠᠵᠢ ᠬᠤᠳᠠᠯᠳᠤᠨ ᠠᠪᠬᠤ ᠳᠤ ᠲᠠᠩᠰᠠ ᠣᠷᠣᠭᠤᠯᠬᠤ ᠵᠢᠷᠤᠮᠵᠢᠯ ᠬᠢᠭᠡᠳ | ᠬᠢᠨᠠᠨ ᠰᠢᠯᠭᠠᠬᠤ ᠠᠵᠢᠯ ᠤᠨ ᠭᠤᠤᠯᠳᠠᠯᠭ᠎ᠠ︾ ᠶᠢ ᠦᠨᠳᠦᠰᠦᠯᠡᠨ᠂ ᠰᠢᠩ ᠾᠧ ᠰᠢᠶᠠᠨ ᠤ ᠪᠣᠳᠠᠲᠠᠶ ᠲᠠᠢ ᠪᠠᠨ | ᠤᠶᠠᠯᠳᠤᠭᠤᠯᠤᠨ᠂ ᠲᠣᠰ ᠠᠵᠢᠯ ᠤᠨ ᠲᠦᠷᠢᠮ ᠢ ᠲᠣᠭᠲᠠᠭᠠᠪᠠ᠃ | ᠨᠢᠭᠡ᠂ ᠬᠠᠷᠭᠤᠭᠤᠯᠤᠨ ᠰᠢᠯᠭᠠᠬᠤ ᠠᠭᠤᠯᠭ᠎ᠠ | ᠨᠥᠬᠦᠪᠥᠷᠢ ᠥᠭᠬᠦ ᠮᠠᠰᠢᠨ ᠪᠠᠭᠠᠵᠢ ᠶᠢ ᠬᠠᠷᠭᠤᠭᠤᠯᠤᠨ ᠪᠠᠶᠢᠴᠠᠭᠠᠬᠤ ᠭᠡᠳᠡᠭ ᠨᠢ ᠰᠢᠩ ᠾᠧ ᠰᠢᠶᠠᠨ ᠤ | ᠲᠠᠷᠢᠶᠠᠯᠠᠩ ᠤᠨ ᠮᠠᠰᠢᠨᠴᠢᠯᠠᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠤᠯᠪᠣᠭᠳᠠᠯ ᠪᠥᠬᠦᠶ ᠲᠣᠭᠲᠠᠭᠠᠯ | ᠶᠣᠰᠣᠭᠠᠷ ᠰᠢᠩ ᠾᠧ ᠰᠢᠶᠠᠨ ᠤ ᠬᠡᠪᠴᠢᠶᠡᠨ ᠳᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ | ᠭᠥᠷᠳᠡᠬᠦ ᠶᠢ ᠭᠥᠷᠳᠡᠵᠦ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠷᠭᠢᠯᠡᠵᠦ ᠪᠠᠶᠢᠭ᠎ᠠ ᠬᠤᠪᠢ ᠬᠥᠮᠦᠨ | ᠪᠠ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ︵ᠳᠣᠷᠣᠭᠰᠢ | ︽ᠮᠠᠰᠢᠨ ᠬᠤᠳᠠᠯᠳᠤᠨ ᠠᠪᠤᠭᠴᠢ︾ ᠭᠡᠵᠦ ᠲᠣᠪᠴᠢᠯᠠᠨ᠎ᠠ︶ ᠳᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ | ᠨᠥᠬᠦᠪᠥᠷᠢ ᠥᠭᠬᠦ ᠶᠢ ᠭᠤᠶᠤᠴᠢᠯᠠᠨ ᠮᠡᠳᠡᠭᠦᠯᠬᠦ ᠦᠶ᠎ᠡ ᠳᠤ ᠬᠠᠩᠭᠠᠭᠰᠠᠨ ᠬᠠᠮᠢᠶ᠎ᠠ ᠪᠥᠬᠦᠶ ᠮᠠᠲ᠋ᠧᠷᠢᠶᠠᠯ ᠢ | ᠬᠡᠯᠪᠡᠷᠢ ᠶᠢᠨ ᠬᠢᠨᠠᠨ ᠬᠠᠷᠭᠤᠭᠤᠯᠬᠤ᠂ ᠮᠠᠰᠢᠨ ᠪᠠᠭᠠᠵᠢ ᠳᠤ ᠬᠠᠷᠭᠤᠭᠤᠯᠤᠨ ᠪᠠᠶᠢᠴᠠᠭᠠᠬᠤ ᠠᠵᠢᠯ ᠢ ᠵᠢᠭᠠᠵᠤ ᠪᠣᠶ᠃ | ᠬᠠᠷᠭᠤᠭᠤᠯᠤᠨ ᠪᠠᠶᠢᠴᠠᠭᠠᠬᠤ ᠭᠤᠣᠯ ᠠᠭᠤᠯᠭ᠎ᠠ ᠳᠤ᠄ | ︵ᠨᠢᠭᠡ︶ ᠮᠠᠰᠢᠨ ᠬᠤᠳᠠᠯᠳᠤᠨ ᠠᠪᠤᠭᠴᠢ ᠶᠢᠨ ᠪᠡᠶ᠎ᠡ ᠶᠢᠨ ᠭᠠᠷᠤᠯ ᠤᠨ ᠮᠡᠳᠡᠭᠡ ᠵᠠᠩᠭᠢ᠃ ᠬᠤᠪᠢ | ᠬᠥᠮᠦᠨ ᠤ ᠪᠡᠶ᠎ᠡ ᠶᠢᠨ ᠦᠨᠡᠮᠯᠡᠯ ᠪᠤᠶᠤ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ | ᠵᠣᠬᠢᠶᠠᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠨᠡᠮᠯᠡᠯ ᠣᠯᠭᠤᠨ᠎ᠠ︶ ᠵᠢᠴᠢ | ᠲᠡᠭᠦᠨ ᠤ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠬᠥᠮᠦᠨ ᠤ ᠪᠡᠶ᠎ᠡ ᠶᠢᠨ ᠦᠨᠡᠮᠯᠡᠯ ᠵᠡᠷᠭᠡ ᠮᠡᠳᠡᠭᠡ ᠵᠠᠩᠭᠢ︔ | ︵ᠬᠤᠶᠠᠷ︶ ᠮᠡᠳᠡᠭᠡ ᠵᠠᠩᠭᠢ ᠬᠤᠳᠠᠯᠳᠤᠨ ᠠᠪᠬᠤ᠃ ᠨᠥᠬᠦᠪᠥᠷᠢ ᠥᠭᠬᠦ ᠮᠠᠰᠢᠨ ᠪᠠᠭᠠᠵᠢ ᠶᠢᠨ ᠭᠠᠶᠢᠯᠢ | ᠬᠢᠵᠠᠭᠠᠷᠯᠠᠬᠤ ᠪᠠᠷᠢᠮᠲᠠ ᠵᠡᠷᠭᠡ ᠮᠡᠳᠡᠭᠡ ᠵᠠᠩᠭᠢ ᠶᠢ ᠬᠤᠳᠠᠯᠳᠤᠨ ᠠᠪᠤᠨ᠎ᠠ︔ | ︵ᠭᠤᠷᠪᠠ︶ ᠮᠠᠰᠢᠨ ᠪᠠᠭᠠᠵᠢ ᠶᠢᠨ ᠮᠡᠳᠡᠭᠡ ᠵᠠᠩᠭᠢ᠃ ᠮᠠᠰᠢᠨ ᠪᠠᠭᠠᠵᠢ ᠶᠢᠨ ᠪᠣᠳᠠᠲᠤ ᠪᠤᠳᠠᠰ ᠳᠡᠭᠡᠷᠡᠬᠢ | ᠲᠣᠭᠲᠠᠮᠠᠯ ᠫᠠᠶᠢᠰᠠ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠬᠠᠮᠢᠶᠠᠷᠤᠯᠲᠠ ᠶᠢᠨ | ᠰᠢᠰᠲ᠋ᠧᠮ ᠤᠨ ᠬᠠᠷᠠᠭᠠᠯᠵᠠᠭᠰᠠᠨ ᠮᠠᠰᠢᠨ ᠪᠠᠭᠠᠵᠢ ᠶᠢᠨ ᠮᠡᠳᠡᠭᠡ ᠵᠠᠩᠭᠢ᠂ ᠫᠠᠶᠢᠰᠠ ᠦᠨᠡᠮᠯᠡᠯ ᠤᠨ ᠬᠠᠮᠢᠶᠠᠷᠤᠯᠲᠠ ᠶᠢᠨ | ᠮᠠᠰᠢᠨ ᠪᠠᠭᠠᠵᠢ ᠶᠢᠨ ᠵᠠᠮ ᠳᠤ ᠭᠠᠷᠬᠤ ᠦᠨᠡᠮᠯᠡᠯ ᠤᠨ ᠮᠡᠳᠡᠭᠡ ᠵᠠᠩᠭᠢ ᠵᠡᠷᠭᠡ︔ | ︵ᠳᠥᠷᠪᠡ︶ ᠪᠤᠰᠤᠳ ᠮᠡᠳᠡᠭᠡ ᠵᠠᠩᠭᠢ᠃ ᠮᠠᠰᠢᠨ ᠬᠤᠳᠠᠯᠳᠤᠨ ᠠᠪᠤᠭᠴᠢ ᠶᠢᠨ ᠲᠠᠷᠢᠶᠠᠴᠢᠳ ᠲᠤ ᠠᠰᠢᠭ | ᠬᠦᠷᠲᠡᠭᠡᠬᠦ ᠪᠦᠬᠦᠨ ᠳᠤ ᠲᠣᠬᠢᠷᠠᠬᠤ ᠺᠠᠷᠲ ︵ᠪᠠᠩᠬᠢ ᠶᠢᠨ ᠺᠠᠷᠲ︶ ᠤᠨ ᠳᠠᠩᠰᠠᠨ ᠨᠣᠮᠧᠷ᠂ ᠳᠠᠩᠰᠠ ᠨᠡᠭᠡᠭᠡᠭᠰᠡᠨ | ᠨᠡᠷ᠎ᠡ ᠵᠡᠷᠭᠡ ᠮᠡᠳᠡᠭᠡ ᠵᠠᠩᠭᠢ᠂ ᠵᠢᠴᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠱᠠᠭᠠᠷᠳᠠᠯᠭ᠎ᠠ ᠪᠠᠷ ᠬᠠᠩᠭᠠᠭᠰᠠᠨ | ᠪᠤᠰᠤᠳ ᠴᠢᠬᠤᠯᠠ ᠪᠦᠬᠦᠢ ᠮᠡᠳᠡᠭᠡ ᠵᠠᠩᠭᠢ᠃ | ᠳᠡᠭᠡᠷ᠎ᠡ ᠳᠤᠷᠠᠳᠤᠭᠰᠠᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠪᠠ | ᠪᠦᠲᠦᠮᠵᠢᠲᠦ ᠴᠢᠨᠠᠷ ᠢ ᠮᠠᠰᠢᠨ ᠬᠤᠳᠠᠯᠳᠤᠨ ᠠᠪᠤᠭᠴᠢ᠂ ᠦᠢᠯᠡᠳᠪᠦᠷᠢᠯᠡᠯ ᠪᠣᠷᠣᠯᠠᠭᠤᠯᠭ᠎ᠠ ᠶᠢᠨ ᠠᠵᠤ ᠠᠬᠤᠶᠢᠯᠠᠯ | ᠪᠣᠯᠤᠨ ᠲᠠᠷᠢᠶᠠᠯᠠᠩ ᠤᠨ ᠮᠠᠰᠢᠨ ᠤ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠲᠤᠰ ᠲᠤᠰ ᠬᠠᠷᠢᠭᠤᠴᠠᠵᠤ᠂ | ᠦᠢᠯᠡᠳᠪᠦᠷᠢᠯᠡᠯ ᠪᠣᠷᠣᠯᠠᠭᠤᠯᠭ᠎ᠠ ᠶᠢᠨ ᠠᠵᠤ ᠠᠬᠤᠶᠢᠯᠠᠯ ᠤᠨ ᠠᠮᠠᠯᠠᠯᠲᠠ ᠶᠢᠨ ᠳᠦᠷᠢᠮ ᠢ ᠬᠡᠷᠡᠭᠵᠢᠭᠦᠯᠬᠦ ᠶᠢᠨ ᠬᠠᠮᠲᠤ | ᠵᠣᠬᠢᠴᠠᠩᠭᠤᠶ ᠪᠦᠬᠦᠢ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠨ᠎ᠡ᠃ | ᠬᠤᠶᠠᠷ᠂ ᠬᠠᠷᠭᠤᠭᠤᠯᠤᠨ ᠰᠢᠯᠭᠠᠬᠤ ᠶᠠᠪᠤᠴᠠ ᠵᠢᠴᠢ ᠱᠠᠭᠠᠷᠳᠠᠯᠭ᠎ᠠ | ︵ᠨᠢᠭᠡ︶ ᠡᠷᠭᠦᠳᠡᠯ ᠢ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠃ ᠮᠠᠰᠢᠨ ᠬᠤᠳᠠᠯᠳᠤᠨ ᠠᠪᠤᠭᠴᠢ ᠶᠢᠨ | ᠡᠵᠡᠨ ᠮᠡᠳᠡᠵᠦ ᠨᠥᠬᠦᠪᠥᠷᠢ ᠥᠭᠬᠦ ᠭᠤᠶᠤᠴᠢᠯᠠᠯ ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠣᠭᠲᠠᠭᠠᠯ | ᠶᠣᠰᠣᠭᠠᠷ ᠴᠠᠭ ᠲᠤᠬᠠᠶ ᠳᠤᠨᠢ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠶ᠃ ᠪᠦᠬᠦ ᠲᠠᠯ᠎ᠠ ᠪᠠᠷ ᠭᠠᠷ ᠤᠲᠠᠰᠤᠨ ᠤ | APP᠂ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡᠨ ᠤ ᠴᠣᠩᠬᠤᠪᠴᠢ ᠵᠡᠷᠭᠡ ᠳᠥᠭᠦᠮ ᠳᠥᠲᠡ | ᠥᠨᠳᠥᠷ ᠪᠦᠲᠦᠮᠵᠢᠲᠡᠶ ᠠᠷᠭ᠎ᠠ ᠮᠠᠶ᠋ᠢᠭ ᠢᠶᠠᠷ ᠳᠠᠮᠵᠢᠭᠤᠯᠤᠨ ᠨᠥᠬᠦᠪᠥᠷᠢ ᠣᠯᠭᠤᠬᠤ ᠪᠠ ᠭᠤᠶᠤᠴᠢᠯᠠᠨ ᠠᠪᠬᠤ ᠶᠢ | ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃ | ︵ᠬᠤᠶᠠᠷ︶ ᠮᠠᠲ᠋ᠧᠷᠢᠶᠠᠯ ᠢ ᠬᠠᠷᠭᠤᠭᠤᠯᠤᠨ ᠪᠠᠶᠢᠴᠠᠭᠠᠨ᠎ᠠ᠃ ᠨᠢᠭᠡ ᠳᠤ ᠮᠠᠰᠢᠨ ᠬᠤᠳᠠᠯᠳᠤᠨ ᠠᠪᠤᠭᠴᠢ | ᠵᠢᠴᠢ ᠲᠡᠭᠦᠨ ᠤ ᠪᠡᠶ᠎ᠡ ᠶᠢᠨ ᠭᠠᠷᠤᠯ᠂ ᠮᠠᠰᠢᠨ ᠬᠤᠳᠠᠯᠳᠤᠨ ᠠᠪᠬᠤ ᠭᠠᠶᠢᠯᠢ ᠶᠢᠨ ᠡᠵᠡᠮᠳᠡᠯ ᠤᠨ ᠪᠠᠷᠢᠮᠲᠠ ᠵᠡᠷᠭᠡ | ᠮᠠᠲ᠋ᠧᠷᠢᠶᠠᠯ᠃ ᠮᠠᠰᠢᠨ ᠬᠤᠳᠠᠯᠳᠤᠨ ᠠᠪᠤᠭᠴᠢ ᠨᠢ ᠬᠤᠪᠢ ᠬᠥᠮᠦᠨ ᠪᠠᠶᠢᠪᠠᠯ᠂ ᠮᠠᠰᠢᠨ ᠬᠤᠳᠠᠯᠳᠤᠨ ᠠᠪᠤᠭᠴᠢ ᠶᠢᠨ | ᠲᠤᠰ ᠬᠥᠮᠦᠨ ᠨᠢ ᠲᠡᠭᠦᠨ ᠤ ᠪᠡᠶ᠎ᠡ ᠶᠢᠨ ᠦᠨᠡᠮᠯᠡᠯ ᠤᠨ ᠬᠥᠷᠥᠭ ᠵᠢᠷᠤᠭ ᠲᠠᠢ ᠨᠡᠶᠢᠴᠡᠬᠦ ᠡᠰᠡᠬᠦ ᠶᠢ ᠭᠤᠤᠯᠳᠠᠯᠭ᠎ᠠ ᠲᠠᠢ | ᠬᠢᠨᠠᠨ ᠰᠢᠯᠭᠠᠵᠤ᠂ ᠮᠠᠰᠢᠨ ᠬᠤᠳᠠᠯᠳᠤᠨ ᠠᠪᠤᠭᠴᠢ ᠶᠢᠨ ᠣᠪᠣᠭ ᠨᠡᠷ᠎ᠡ ᠬᠢᠭᠡᠳ ᠮᠠᠰᠢᠨ ᠬᠤᠳᠠᠯᠳᠤᠨ ᠠᠪᠤᠭᠴᠢ ᠶᠢᠨ | ᠪᠡᠶ᠎ᠡ ᠶᠢᠨ ᠦᠨᠡᠮᠯᠡᠯ ᠤᠨ ᠦᠨᠡᠮᠯᠡᠯ ᠯᠦᠭᠡ ᠨᠢᠭᠡᠳᠦᠯᠲᠡᠶ ᠪᠠᠶᠢᠬᠤ ᠡᠰᠡᠬᠦ ᠶᠢ ᠭᠤᠤᠯᠳᠠᠯᠭ᠎ᠠ ᠲᠠᠢ ᠬᠢᠨᠠᠨ ᠰᠢᠯᠭᠠᠨ᠎ᠠ᠃ | ᠬᠤᠶᠠᠷ ᠲᠤ᠂ ᠲᠠᠷᠢᠶᠠᠴᠢᠳ ᠲᠤ ᠠᠰᠢᠭ ᠬᠦᠷᠲᠡᠭᠡᠬᠦ ᠨᠢᠭᠡ ᠯᠡ ᠺᠠᠷᠲ ︵ᠪᠠᠩᠬᠢ ᠶᠢᠨ ᠺᠠᠷᠲ︶ ᠵᠡᠷᠭᠡ ᠮᠠᠲ᠋ᠧᠷᠢᠶᠠᠯ᠃ | ᠭᠤᠤᠯᠳᠠᠯᠭ᠎ᠠ ᠲᠠᠢ ᠬᠢᠨᠠᠨ ᠰᠢᠯᠭᠠᠵᠤ ᠮᠠᠰᠢᠨ ᠬᠤᠳᠠᠯᠳᠤᠨ ᠠᠪᠤᠭᠴᠢ ᠶᠢᠨ ᠲᠠᠭᠯᠠᠨ ᠪᠢᠴᠢᠭᠰᠡᠨ ᠲᠠᠷᠢᠶᠠᠴᠢᠳ ᠲᠤ | ᠠᠰᠢᠭ ᠬᠦᠷᠲᠡᠭᠡᠬᠦ ᠨᠢᠭᠡ ᠺᠠᠷᠲ ︵ᠪᠠᠩᠬᠢ ᠶᠢᠨ ᠺᠠᠷᠲ︶ ᠤᠨ ᠳᠠᠩᠰᠠᠨ ᠨᠣᠮᠧᠷ᠂ ᠳᠠᠩᠰᠠ ᠨᠡᠭᠡᠭᠡᠭᠰᠡᠨ ᠨᠡᠷ᠎ᠡ ᠵᠡᠷᠭᠡ | ᠮᠡᠳᠡᠭᠡ ᠵᠠᠩᠭᠢ ᠨᠢ ᠲᠡᠭᠦᠨ ᠤ ᠠᠪᠴᠤ ᠶᠠᠪᠤᠭ᠎ᠠ ᠨᠢᠭᠡ ᠺᠠᠷᠲ ︵ᠪᠠᠩᠬᠢ ᠶᠢᠨ ᠺᠠᠷᠲ ︵ᠳᠡᠪᠲᠡᠷ︶ ᠤᠨ | ᠲᠡᠮᠳᠡᠭᠯᠡᠭᠰᠡᠨ ᠳᠠᠩᠰᠠᠨ ᠨᠣᠮᠧᠷ᠂ ᠪᠡᠶ᠎ᠡ ᠶᠢᠨ ᠦᠨᠡᠮᠯᠡᠯ ᠳᠤ ᠢᠯᠡᠷᠡᠭᠰᠡᠨ ᠮᠠᠰᠢᠨ ᠬᠤᠳᠠᠯᠳᠤᠨ ᠠᠪᠤᠭᠴᠢ ᠶᠢᠨ ᠣᠪᠣᠭ | ᠨᠡᠷ᠎ᠡ᠂ ᠵᠠᠬ᠎ᠠ ᠳᠡᠯᠭᠡᠭᠦᠷ ᠤᠨ ᠬᠢᠨᠠᠯᠲᠠ ᠲᠠᠯᠪᠢᠵᠤ ᠣᠯᠭᠤᠭᠰᠠᠨ ᠡᠵᠡᠩᠨᠡᠯᠲᠡ ᠶᠢᠨ ᠦᠨᠡᠮᠯᠡᠯ ᠳᠤ ᠢᠯᠡᠷᠡᠭᠰᠡᠨ | ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢᠨ | ᠨᠡᠷᠡᠶᠢᠳᠦᠯ ᠨᠢ ᠨᠢᠭᠡᠳᠦᠯᠲᠡᠶ ᠪᠠᠢᠬᠤ ᠡᠰᠡᠬᠦ᠃ ᠭᠤᠷᠪᠠ ᠳᠤ᠂ ᠮᠠᠰᠢᠨ ᠬᠤᠳᠠᠯᠳᠤᠨ ᠠᠪᠬᠤ ᠦᠨ᠎ᠡ ᠶᠢᠨ ᠦᠨᠡᠨ | ᠪᠣᠳᠠᠲᠤ ᠴᠢᠨᠠᠷ ᠤᠨ ᠠᠮᠠᠯᠠᠯᠲᠠ᠃ ᠮᠠᠰᠢᠨ ᠬᠤᠳᠠᠯᠳᠤᠨ ᠠᠪᠤᠭᠴᠢ ᠳᠤ ᠮᠠᠰᠢᠨ ᠬᠤᠳᠠᠯᠳᠤᠨ ᠠᠪᠬᠤ ᠳᠤ ᠭᠠᠶᠢᠯᠢ | ᠡᠵᠡᠮᠳᠡᠬᠦ ᠪᠠᠷᠢᠮᠲᠠ ᠳᠡᠭᠡᠷᠡᠬᠢ ᠮᠠᠰᠢᠨ ᠬᠤᠳᠠᠯᠳᠤᠨ ᠠᠪᠤᠭᠰᠠᠨ ᠵᠣᠭᠤᠰ ᠤᠨ ᠲᠤᠭ᠎ᠠ ᠨᠢ ᠲᠡᠭᠦᠨ ᠤ ᠡᠵᠡᠩᠨᠡᠨ | ᠪᠣᠷᠣᠯᠠᠭᠤᠯᠬᠤ ᠠᠵᠤ ᠠᠬᠤᠶᠢᠯᠠᠯ ᠳᠤ ᠪᠣᠳᠠᠲᠠᠶ ᠥᠭᠭᠦᠭᠰᠡᠨ ᠪᠠᠯᠠ ᠮᠥᠩᠭᠦ ᠲᠠᠢ ᠨᠢᠭᠡᠳᠦᠯᠲᠡᠶ ᠪᠠᠶᠢᠬᠤ ᠡᠰᠡᠬᠦ᠂ ᠵᠢᠴᠢ | ᠨᠢᠭᠤᠵᠤ ᠳᠠᠷᠤᠭᠠᠳ ᠥᠯᠥ ᠮᠡᠳᠡᠭᠦᠯᠬᠦ᠂ ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠬᠤ ᠳᠤ ᠡᠭᠦᠷᠭᠡᠯᠡᠬᠦ | ᠴᠢᠬᠤᠯᠠᠲᠠᠶ ᠲᠣᠭᠲᠠᠭᠠᠯ ᠠᠴᠠ ᠵᠥᠷᠢᠴᠡᠭᠰᠡᠨ ᠬᠠᠷᠢᠭᠤᠴᠠᠯᠭ᠎ᠠ ᠶᠢ ᠨᠤᠲᠠᠯᠠᠬᠤ ᠶᠢ ᠰᠠᠨᠠᠭᠤᠯᠵᠤ᠂ ᠮᠠᠰᠢᠨ ᠬᠤᠳᠠᠯᠳᠤᠨ | ᠠᠪᠤᠭᠴᠢ ᠳᠤ ᠮᠠᠰᠢᠨ ᠬᠤᠳᠠᠯᠳᠤᠨ ᠠᠪᠤᠭᠰᠠᠨ ᠦᠨ᠎ᠡ ᠶᠢᠨ ᠦᠨᠡᠨ ᠪᠣᠳᠠᠲᠤ ᠴᠢᠨᠠᠷ ᠲᠤ ᠭᠠᠷ ᠤᠨ ᠥᠰᠥᠭ | ᠵᠢᠷᠤᠵᠤ ᠨᠤᠲᠠᠯᠠᠬᠤ ᠶᠢ ᠰᠠᠨᠠᠭᠤᠯᠤᠨ᠎ᠠ᠃ ᠳᠥᠷᠪᠡ ᠳᠤ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ | ᠱᠠᠭᠠᠷᠳᠠᠯᠭ᠎ᠠ ᠳᠤ ᠬᠠᠩᠭᠠᠭᠰᠠᠨ ᠪᠤᠰᠤᠳ ᠮᠠᠲ᠋ᠧᠷᠢᠶᠠᠯ᠃ | ᠬᠢᠨᠠᠨ ᠰᠢᠯᠭᠠᠬᠤ ᠪᠠᠷ ᠳᠠᠮᠵᠢᠭᠠᠳ ᠦᠭᠡᠶ ᠪᠣᠯ ᠣᠯᠵᠤ ᠮᠡᠳᠡᠭᠰᠡᠨ ᠠᠰᠠᠭᠤᠳᠠᠯ ᠢᠶᠠᠨ ᠮᠠᠰᠢᠨ ᠬᠤᠳᠠᠯᠳᠤᠨ | ᠠᠪᠤᠭᠴᠢ ᠳᠤ ᠨᠢᠭᠡ ᠤᠳᠠᠭ᠎ᠠ ᠶᠢᠨ ᠴᠢᠨᠠᠷᠲᠠᠶ ᠮᠡᠳᠡᠭᠳᠡᠬᠦ ᠶᠢᠨ ᠬᠠᠮᠲᠤ ᠠᠷᠭ᠎ᠠ ᠪᠠᠨ ᠲᠡᠭᠦᠯᠳᠡᠷᠵᠢᠭᠦᠯᠬᠦ ᠬᠡᠷᠡᠭᠲᠡᠶ᠃ | ︵ᠭᠤᠷᠪᠠ ) ᠮᠠᠰᠢᠨ ᠪᠠᠭᠠᠵᠢ ᠬᠢᠨᠠᠨ ᠰᠢᠯᠭᠠᠬᠤ᠃ ᠨᠢᠭᠡ ᠳᠤ ᠭᠤᠤᠯᠳᠠᠯᠭ᠎ᠠ ᠲᠠᠢ ᠮᠠᠰᠢᠨ ᠪᠠᠭᠠᠵᠢ ᠶᠢ ᠬᠢᠨᠠᠨ | ᠰᠢᠯᠭᠠᠬᠤ ᠬᠡᠷᠡᠭᠲᠡᠶ᠃ ᠮᠠᠰᠢᠨ ᠬᠤᠳᠠᠯᠳᠤᠨ ᠠᠪᠬᠤ ᠭᠠᠶᠢᠯᠢ ᠶᠢᠨ ᠡᠵᠡᠮᠳᠡᠯ ᠤᠨ ᠪᠠᠷᠢᠮᠲᠠ ᠳᠤ ᠢᠯᠡᠷᠡᠭᠦᠯᠦᠭᠰᠡᠨ | ᠮᠠᠰᠢᠨ ᠪᠠᠭᠠᠵᠢ ᠶᠢᠨ ᠨᠡᠷᠡᠶᠢᠳᠦᠯ᠂ ᠦᠢᠯᠡᠳᠪᠦᠷᠢᠯᠡᠯ ᠤᠨ ᠠᠵᠤ ᠠᠬᠤᠶᠢᠯᠠᠯ᠂ ᠬᠡᠯᠪᠡᠷᠢ᠂ ᠬᠥᠳᠡᠯᠭᠡᠭᠦᠷ ᠢ ᠬᠢᠨᠠᠨ | ᠰᠢᠯᠭᠠᠬᠤ ᠦᠭᠡᠢ ︵ᠳᠠᠶᠢᠴᠢᠯᠠᠬᠤ ᠬᠥᠳᠡᠯᠭᠡᠭᠦᠷ ᠢ ᠬᠢᠨᠠᠨ ᠰᠢᠯᠭᠠᠬᠤ ᠦᠭᠡᠢ ᠪᠣᠯ ᠬᠢᠨᠠᠨ ᠰᠢᠯᠭᠠᠵᠤ ᠪᠣᠯᠣᠨ᠎ᠠ︶ | ᠦᠢᠯᠡᠳᠪᠦᠷᠢ ᠠᠴᠠ ᠭᠠᠷᠭᠠᠬᠤ ᠨᠣᠮᠧᠷ ᠬᠢᠭᠡᠳ ᠬᠤᠳᠠᠯᠳᠤᠨ ᠠᠪᠤᠭᠰᠠᠨ ᠪᠣᠳᠠᠲᠤ ᠶᠠᠭᠤᠮ᠎ᠠ ᠶᠢᠨ ᠮᠠᠰᠢᠨ | ᠪᠠᠭᠠᠵᠢ ᠶᠢᠨ ᠫᠠᠶᠢᠰᠠ ᠢᠯᠡᠷᠡᠭᠦᠯᠦᠭᠰᠡᠨ ᠮᠡᠳᠡᠭᠡ ᠵᠠᠩᠭᠢ ᠨᠢ ᠨᠢᠭᠡᠳᠦᠯᠲᠡᠶ ᠪᠠᠶᠢᠬᠤ ᠡᠰᠡᠬᠦ᠂ ᠬᠤᠳᠠᠯᠳᠤᠨ ᠠᠪᠤᠭᠰᠠᠨ | ᠪᠣᠳᠠᠲᠤ ᠶᠠᠭᠤᠮ᠎ᠠ ᠶᠢᠨ ᠮᠠᠰᠢᠨ ᠪᠠᠭᠠᠵᠢ ᠶᠢᠨ ᠫᠠᠶᠢᠰᠠ ᠢᠯᠡᠷᠬᠡᠶᠢᠯᠡᠯ ᠤᠨ ᠮᠡᠳᠡᠭᠡ ᠵᠠᠩᠭᠢ ᠨᠢ ᠲᠠᠷᠢᠶᠠᠯᠠᠩ ᠤᠨ ᠮᠠᠰᠢᠨ | ᠬᠤᠳᠠᠯᠳᠤᠨ ᠠᠪᠬᠤ ᠳᠤ ᠨᠥᠬᠦᠪᠥᠷᠢ ᠥᠭᠬᠦ ᠬᠠᠮᠢᠶᠠᠷᠤᠯᠲᠠ ᠶᠢᠨ ᠰᠢᠰᠲ᠋ᠧᠮ ᠤᠨ ᠳᠣᠲᠣᠷᠠᠬᠢ ᠬᠠᠷᠠᠭᠠᠯᠵᠠᠭᠰᠠᠨ | ᠮᠠᠰᠢᠨ ᠪᠠᠭᠠᠵᠢ ᠶᠢᠨ ᠮᠡᠳᠡᠭᠡ ᠵᠠᠩᠭᠢ ᠯᠤᠭ᠎ᠠ ᠨᠢᠭᠡᠳᠦᠯᠲᠡᠶ ᠪᠠᠶᠢᠬᠤ ᠡᠰᠡᠬᠦ᠂ ᠮᠠᠰᠢᠨ ᠬᠤᠳᠠᠯᠳᠤᠨ ᠠᠪᠬᠤ ᠳᠤ | ᠭᠠᠶᠢᠯᠢ ᠡᠵᠡᠮᠳᠡᠬᠦ ᠪᠠᠷᠢᠮᠲᠠ ᠳᠤ ᠢᠯᠡᠷᠡᠭᠦᠯᠦᠭᠰᠡᠨ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠬᠢᠭᠡᠳ | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠲᠤᠰᠠᠯᠠᠬᠤ ᠬᠠᠮᠢᠶᠠᠷᠤᠯᠲᠠ ᠶᠢᠨ ᠰᠢᠰᠲ᠋ᠧᠮ ᠤᠨ | ᠳᠣᠲᠣᠷᠠᠬᠢ ᠬᠠᠷᠠᠭᠠᠯᠵᠠᠭᠰᠠᠨ ᠡᠵᠡᠩᠨᠡᠨ ᠪᠣᠷᠣᠯᠠᠭᠤᠯᠤᠭᠰᠠᠨ ᠮᠡᠳᠡᠭᠡ ᠵᠠᠩᠭᠢ ᠨᠢ ᠨᠢᠭᠡᠳᠦᠯᠲᠡᠶ ᠪᠠᠶᠢᠬᠤ ᠡᠰᠡᠬᠦ᠃ | ᠫᠠᠶᠢᠰᠠ ᠲᠡᠮᠳᠡᠭ ᠤᠨ ᠬᠠᠮᠢᠶᠠᠷᠤᠯᠲᠠ ᠶᠢᠨ ᠮᠠᠰᠢᠨ ᠪᠠᠭᠠᠵᠢ ᠳᠤ᠂ ᠲᠤᠬᠠᠶ ᠶᠢᠨ ᠲᠠᠯᠠᠪᠤᠷ ᠲᠤ ᠪᠣᠳᠠᠲᠤ ᠶᠠᠭᠤᠮ᠎ᠠ ᠪᠠᠷ | ᠬᠢᠨᠠᠨ ᠰᠢᠯᠭᠠᠬᠤ ᠠᠴᠠ ᠭᠡᠯᠳᠦᠷᠢᠭᠦᠯᠦᠨ᠎ᠡ᠂ ᠭᠡᠪᠡᠴᠦ ᠮᠠᠰᠢᠨ ᠬᠤᠳᠠᠯᠳᠤᠨ ᠠᠪᠤᠭᠴᠢ ᠶᠢᠨ ᠠᠪᠴᠤ ᠶᠠᠪᠤᠭ᠎ᠠ ︽ | ᠲᠷᠠᠺᠲ᠋ᠣᠷ ᠪᠠ ᠬᠠᠳᠤᠵᠤ ᠬᠤᠷᠢᠶᠠᠬᠤ ᠬᠠᠮ ᠮᠠᠰᠢᠨ ᠤ ᠲᠡᠷᠭᠡ ᠶᠠᠪᠤᠭᠤᠯᠬᠤ ᠦᠨᠡᠮᠯᠡᠯ︾ ᠤᠨ ᠮᠡᠳᠡᠭᠡ ᠵᠠᠩᠭᠢ | ᠬᠢᠭᠡᠳ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠬᠢᠨᠠᠨ ᠬᠠᠮᠢᠶᠠᠷᠬᠤ ᠰᠢᠰᠲ᠋ᠧᠮ ᠤᠨ ᠫᠠᠶᠢᠰᠠ ᠲᠡᠮᠳᠡᠭ ᠤᠨ | ᠮᠡᠳᠡᠭᠡ ᠵᠠᠩᠭᠢ᠂ ᠮᠠᠰᠢᠨ ᠪᠠᠭᠠᠵᠢ ᠶᠢᠨ ᠮᠡᠳᠡᠭᠡ ᠵᠠᠩᠭᠢ ᠨᠢ ᠨᠢᠭᠡᠳᠦᠯᠲᠡᠶ ᠪᠠᠶᠢᠬᠤ ᠡᠰᠡᠬᠦ᠂ ᠮᠠᠰᠢᠨ ᠬᠤᠳᠠᠯᠳᠤᠨ | ᠠᠪᠤᠭᠰᠠᠨ ᠭᠠᠶᠢᠯᠢ ᠶᠢᠨ ᠡᠵᠡᠮᠳᠡᠯ ᠤᠨ ᠪᠠᠷᠢᠮᠲᠠ ᠳᠤ ᠢᠯᠡᠷᠡᠭᠦᠯᠦᠭᠰᠡᠨ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ | ᠬᠢᠭᠡᠳ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠲᠤᠰᠠᠯᠠᠬᠤ ᠬᠠᠮᠢᠶᠠᠷᠤᠯᠲᠠ ᠶᠢᠨ | ᠰᠢᠰᠲ᠋ᠧᠮ ᠤᠨ ᠳᠣᠲᠣᠷᠠᠬᠢ ᠬᠠᠷᠠᠭᠠᠯᠵᠠᠭᠰᠠᠨ ᠡᠵᠡᠩᠨᠡᠨ ᠪᠣᠷᠣᠯᠠᠭᠤᠯᠬᠤ ᠮᠡᠳᠡᠭᠡ ᠵᠠᠩᠭᠢ ᠨᠢ ᠨᠢᠭᠡᠳᠦᠯᠲᠡᠶ ᠪᠠᠶᠢᠬᠤ | ᠡᠰᠡᠬᠦ ᠶᠢ ᠬᠢᠨᠠᠨ ᠰᠢᠯᠭᠠᠬᠤ ᠬᠡᠷᠡᠭᠲᠡᠶ᠃ ᠬᠤᠶᠠᠷ ᠲᠤ ᠭᠤᠤᠯᠳᠠᠯᠭ᠎ᠠ ᠦᠭᠡᠢ ᠮᠠᠰᠢᠨ ᠬᠡᠷᠡᠭᠰᠡᠯ ᠢ ᠬᠢᠨ᠋ᠠᠨ ᠰᠢᠯᠬᠠᠬᠤ᠃ | ᠳᠠᠩ ᠲᠠᠪᠴᠠᠩ ᠤᠨ ᠨᠥᠬᠦᠪᠥᠷᠢ ᠶᠢᠨ ᠲᠤᠭ᠎ᠠ ᠨᠢ ᠲᠠᠪᠤᠨ ᠮᠢᠩᠭᠠᠨ ᠲᠥᠭᠦᠷᠢᠭ ᠠᠴᠠ ᠳᠣᠷᠣᠭᠰᠢᠬᠢ ᠲᠦᠭᠰᠢᠭᠦᠷᠢ ᠶᠢ | ᠡᠵᠡᠮᠳᠡᠵᠦ ᠪᠣᠯᠬᠤ ᠬᠡᠮᠵᠢᠶ᠎ᠡ ᠨᠢ ᠥᠨᠳᠥᠷ ᠪᠦᠬᠦᠢ ᠮᠠᠰᠢᠨ ᠪᠠᠭᠠᠵᠢ ᠳᠤ ᠪᠣᠯ 30% ᠶᠢᠨ ᠬᠠᠷᠢᠴᠠᠯ ᠢᠶᠠᠷ | ᠰᠤᠭᠤᠴᠢᠨ ᠪᠠᠶᠢᠴᠠᠭᠠᠵᠤ ᠬᠢᠨᠠᠨ ᠰᠢᠯᠭᠠᠬᠤ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠠᠭᠤᠯᠭ᠎ᠠ ᠶᠢ ᠨᠢ | ᠭᠤᠤᠯᠳᠠᠯᠭ᠎ᠠ ᠲᠠᠢ ᠮᠠᠰᠢᠨ ᠪᠠᠭᠠᠵᠢ ᠯᠤᠭ᠎ᠠ ᠬᠢᠨᠠᠨ ᠬᠠᠷᠭᠤᠭᠤᠯᠤᠨ᠎ᠠ᠃ | ᠲᠣᠰᠬᠤᠨ ᠪᠠ ᠡᠷᠦᠬᠡ ᠳᠤ ᠣᠷᠣᠬᠤ᠂ ᠤᠷᠢᠳᠴᠢᠯᠠᠨ ᠪᠣᠯᠵᠣᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠬᠢᠨᠠᠨ ᠰᠢᠯᠭᠠᠬᠤ ᠠᠵᠢᠯ ᠢ ᠥᠷᠨᠢᠭᠦᠯᠵᠦ᠂ ᠮᠠᠰᠢᠨ ᠬᠤᠳᠠᠯᠳᠤᠨ ᠠᠪᠤᠭᠴᠢ ᠵᠢᠴᠢ ᠪᠡᠯᠡᠳᠬᠡᠮᠵᠢ ᠤᠭᠰᠠᠷᠠᠬᠤ | ᠲᠥᠷᠥᠯ ᠤᠨ ᠮᠠᠰᠢᠨ ᠪᠠᠭᠠᠵᠢ ᠶᠢ ᠬᠢᠨᠠᠨ ᠰᠢᠯᠭᠠᠬᠤ ᠳᠤ ᠲᠥᠬᠦᠮ ᠦᠵᠡᠭᠦᠯᠦᠨ᠎ᠡ᠃ ᠬᠢᠨᠠᠨ ᠰᠢᠯᠭᠠᠭᠰᠠᠨ ᠦᠷ᠎ᠡ | ᠳᠦᠩ ᠢ ᠬᠢᠨᠠᠨ ᠰᠢᠯᠭᠠᠬᠤ ᠬᠦᠮᠦᠨ ᠪᠣᠯᠤᠨ ᠮᠠᠰᠢᠨ ᠬᠤᠳᠠᠯᠳᠤᠨ ᠠᠪᠤᠭᠴᠢ ᠬᠤᠶᠠᠷ ᠲᠠᠯ᠎ᠠ ᠪᠠᠷ ᠢᠶᠠᠨ ᠭᠠᠷ ᠤᠨ | ᠦᠰᠦᠭ ᠵᠢᠷᠤᠵᠤ ᠨᠤᠲᠠᠯᠠᠬᠤ ᠬᠡᠷᠡᠭᠲᠡᠢ᠃ ᠭᠠᠭᠴᠠ ᠬᠦᠮᠦᠨ ᠣᠯᠠᠨ ᠰᠠᠭᠤᠷᠢ ᠢᠵᠢ᠂ ᠣᠬᠤᠷ ᠬᠤᠭᠤᠴᠠᠭᠠᠨ ᠤ | ᠳᠣᠳᠣᠷ᠎ᠠ ᠶᠡᠭᠡ ᠬᠡᠮᠵᠢᠶᠡᠨ ᠤ ᠬᠦᠮᠦᠨ ᠪᠠ ᠵᠢᠯ ᠳᠠᠷᠠᠭᠠᠯᠠᠨ ᠠᠳᠠᠯᠢ ᠲᠦᠷᠦᠯ ᠤᠨ ᠮᠠᠰᠢᠨ ᠪᠠᠭᠠᠵᠢ ᠬᠤᠳᠠᠯᠳᠤᠨ | ᠠᠪᠬᠤ᠂ ᠣᠷᠣᠨ ᠪᠦᠰᠡ ᠶᠢᠨ ᠲᠣᠬᠢᠷᠠᠯᠴᠠᠬᠤ ᠴᠢᠨᠠᠷ ᠢᠶᠠᠷ ᠠᠨᠠᠶ ᠮᠠᠰᠢᠨ ᠪᠠᠭᠠᠵᠢ ᠬᠤᠳᠠᠯᠳᠤᠨ ᠠᠪᠬᠤ ᠵᠡᠷᠭᠡ | ᠬᠡᠪ ᠤᠨ ᠪᠣᠰᠤ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠢ᠃ | ᠬᠢᠨᠠᠨ ᠰᠢᠯᠭᠠᠬᠤ ᠪᠠᠷ ᠳᠠᠮᠵᠢᠭᠠᠳ ᠦᠭᠡᠶ ᠪᠣᠯ ᠣᠯᠵᠤ ᠮᠡᠳᠡᠭᠰᠡᠨ ᠠᠰᠠᠭᠤᠳᠠᠯ ᠢᠶᠠᠨ ᠮᠠᠰᠢᠨ ᠬᠤᠳᠠᠯᠳᠤᠨ | ᠠᠪᠤᠭᠴᠢ ᠳᠤ ᠨᠢᠭᠡ ᠤᠳᠠᠭ᠎ᠠ ᠶᠢᠨ ᠴᠢᠨᠠᠷᠲᠠᠶ ᠮᠡᠳᠡᠭᠳᠡᠬᠦ ᠶᠢᠨ ᠬᠠᠮᠲᠤ ᠠᠷᠭ᠎ᠠ ᠪᠠᠨ ᠲᠡᠭᠦᠯᠳᠡᠷᠵᠢᠭᠦᠯᠬᠦ ᠬᠡᠷᠡᠭᠲᠡᠶ᠃ | ︵ᠲᠦᠷᠪᠡ︶ ᠳᠠᠬᠢᠨ ᠬᠢᠨᠠᠵᠤ ᠪᠥᠷᠢᠳᠬᠡᠭᠦᠯᠬᠦ ᠬᠡᠷᠡᠭᠲᠡᠢ᠃ ᠮᠠᠲ᠋ᠧᠷᠢᠶᠠᠯ ᠢ ᠬᠠᠷᠭᠤᠭᠤᠯᠤᠨ ᠪᠠᠶᠢᠴᠠᠭᠠᠬᠤ᠂ | ᠮᠠᠰᠢᠨ ᠪᠠᠭᠠᠵᠢ ᠶᠢ ᠬᠠᠷᠭᠤᠭᠤᠯᠤᠨ ᠪᠠᠶᠢᠴᠠᠭᠠᠬᠤ ᠳᠡᠰ ᠳᠠᠷᠠᠭᠠᠯᠠᠯ᠂ ᠠᠷᠭ᠎ᠠ ᠮᠠᠶ᠋ᠢᠭ ᠪᠠ ᠭᠠᠷ ᠤᠨ ᠥᠰᠥᠭ ᠵᠢᠷᠤᠵᠤ | ᠲᠠᠮᠠᠭ᠎ᠠ ᠳᠠᠷᠤᠭᠰᠠᠨ ᠵᠢᠷᠤᠮᠵᠢᠯ ᠤᠨ ᠴᠢᠨᠠᠷ ᠢ ᠬᠠᠮᠲᠤ ᠪᠠᠷ ᠳᠠᠬᠢᠨ ᠬᠢᠨᠠᠵᠤ᠂ ᠬᠠᠮᠲᠤ ᠪᠠᠷ ᠵᠥᠪᠳᠡᠯᠴᠡᠬᠦ ᠲᠠᠢ | ᠵᠡᠷᠭᠡ ᠪᠠᠷ ᠶᠠᠪᠤᠭᠳᠠᠭᠤᠯᠵᠤ᠂ ᠥᠩᠭᠡᠷᠡᠭᠦᠯᠦᠭᠰᠡᠨ ᠤ ᠳᠠᠷᠠᠭ᠎ᠠ ᠳᠡᠩᠰᠡᠯᠡᠨ ᠳᠡᠪᠲᠡᠷᠯᠡᠵᠦ ᠪᠣᠯᠤᠨ᠎ᠠ᠃ | ︵ᠲᠠᠪᠤ︶ ᠵᠠᠷᠯᠠᠨ ᠨᠡᠶᠢᠲᠡᠯᠡᠵᠦ ᠮᠡᠳᠡᠭᠦᠯᠦᠨ ᠬᠦᠷᠭᠡᠬᠦ᠃ ᠳᠡᠭᠢᠨ ᠬᠢᠨᠠᠬᠤ ᠪᠠᠷ ᠳᠠᠮᠵᠢᠨ ᠨᠥᠬᠦᠪᠥᠷᠢ | ᠭᠤᠶᠤᠴᠢᠯᠠᠬᠤ ᠮᠡᠳᠡᠭᠡ ᠵᠠᠩᠭᠢ ᠶᠢ 30 ᠡᠳᠦᠷ ᠠᠴᠠ ᠳᠤᠲᠠᠭᠤ ᠦᠭᠡᠶ ᠢᠯᠡ ᠨᠡᠶᠢᠲᠡᠯᠡᠵᠦ᠂ ᠨᠡᠶᠢᠲᠡ ᠳᠤ | ᠵᠠᠷᠯᠠᠬᠤ ᠳᠤ ᠣᠨᠳᠣᠤ ᠰᠠᠨᠠᠯ ᠦᠭᠡᠶ ᠪᠣᠯ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ | ᠮᠡᠳᠡᠭᠦᠯᠦᠨ ᠬᠦᠷᠭᠡᠬᠦ ᠬᠡᠷᠡᠭᠲᠡᠶ᠃ | ︵ᠵᠢᠷᠭᠤᠭ᠎ᠠ︶ ᠮᠠᠲ᠋ᠧᠷᠢᠶᠠᠯ ᠢ ᠰᠢᠢᠳᠪᠦᠷᠢᠯᠡᠬᠦ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠰᠡᠵᠢᠭᠲᠡᠶ | ᠨᠥᠬᠦᠪᠥᠷᠢ ᠥᠭᠬᠦ ᠭᠤᠶᠤᠴᠢᠯᠠᠯ ᠢ ᠦᠯᠦ ᠳᠤᠷᠠᠳᠤᠨ᠂ ᠲᠡᠭᠦᠨ ᠤ ᠬᠢᠨᠠᠨ ᠰᠢᠯᠭᠠᠭᠰᠠᠨ ᠮᠠᠲ᠋ᠧᠷᠢᠶᠠᠯ ᠢᠶᠠᠨ | ᠦᠯᠡᠳᠡᠭᠡᠨ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠨ᠂ ᠦᠯᠡᠳᠡᠭᠡᠨ ᠬᠠᠳᠠᠭᠠᠯᠠᠬᠤ ᠬᠤᠭᠤᠴᠠᠭ᠎ᠠ ᠶᠢ 5 ᠵᠢᠯ ᠠᠴᠠ | ᠳᠤᠲᠠᠭᠤ ᠪᠠᠶᠢᠯᠭᠠᠵᠤ ᠪᠣᠯᠬᠤ ᠦᠭᠡᠶ᠃ | ᠭᠤᠷᠪᠠ᠂ ᠬᠢᠨᠠᠯᠲᠠ ᠬᠠᠮᠢᠶᠠᠷᠤᠯᠲᠠ | ︵ᠨᠢᠭᠡ︶ ᠬᠠᠷᠭᠤᠭᠤᠯᠤᠨ ᠪᠠᠢᠴᠠᠭᠠᠬᠤ ᠬᠥᠮᠦᠰ ᠤᠨ ᠡᠩᠨᠡᠭᠡᠨ ᠤ ᠪᠠᠢᠭᠤᠯᠤᠯᠲᠠ ᠶᠢ ᠴᠢᠩᠭᠠᠳᠭᠠᠨ᠎ᠠ᠃ | ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠢᠶᠠᠷ ᠥᠨᠳᠥᠷ᠂ ᠣᠪᠣᠷ | ᠰᠤᠷᠲᠠᠯ ᠢᠶᠠᠷ ᠰᠢᠯᠢᠳᠡᠭ ᠰᠠᠶᠢᠨ ᠺᠠᠳ᠋ᠷ ᠢ ᠰᠣᠩᠭᠤᠨ ᠬᠢᠨᠠᠨ ᠰᠢᠯᠭᠠᠬᠤ ᠠᠵᠢᠯ ᠬᠢᠵᠦ᠂ ᠲᠡᠭᠦᠨ ᠳᠤ ᠵᠢᠯ ᠪᠦᠷᠢ | ᠠᠳᠠᠭ ᠲᠠᠭᠠᠨ ᠨᠢᠭᠡ ᠤᠳᠠᠭ᠎ᠠ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠲᠤᠬᠠᠶᠢᠯᠠᠭᠰᠠᠨ ᠠᠵᠢᠯ ᠤᠨ ᠤᠷ᠎ᠠ | ᠴᠢᠳᠠᠪᠤᠷᠢ ᠵᠡᠷᠭᠡ ᠲᠠᠯ᠎ᠠ ᠶᠢᠨ ᠬᠥᠮᠦᠵᠢᠯ ᠪᠣᠯᠪᠠᠰᠤᠷᠠᠯ ᠢ ᠥᠷᠨᠢᠭᠦᠯᠬᠦ ᠬᠡᠷᠡᠭᠲᠡᠶ᠃ ᠬᠤᠪᠢᠳᠠᠨ ᠬᠠᠮᠢᠶᠠᠷᠴᠤ ᠪᠦᠬᠦᠢ | ᠤᠳᠤᠷᠢᠳᠤᠯᠭ᠎ᠠ ᠶᠢᠨ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠥᠬᠦᠪᠥᠷᠢ ᠠᠪᠬᠤ ᠪᠠᠷ | ᠭᠤᠶᠤᠴᠢᠯᠠᠬᠤ ᠶᠢ ᠬᠦᠯᠢᠶᠡᠨ ᠠᠪᠴᠤ ᠰᠢᠢᠳᠪᠦᠷᠢᠯᠡᠬᠦ᠂ ᠨᠥᠬᠦᠪᠥᠷᠢ ᠥᠭᠬᠦ ᠮᠠᠰᠢᠨ ᠪᠠᠭᠠᠵᠢ ᠶᠢᠨ ᠬᠢᠨᠠᠨ ᠰᠢᠯᠭᠠᠬᠤ | ᠠᠵᠢᠯ ᠤᠨ ᠪᠠᠶᠢᠷᠢ ᠶᠢ ᠰᠠᠯᠭᠠᠬᠤ ᠶᠢ ᠬᠡᠷᠡᠭᠵᠢᠭᠦᠯᠵᠦ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠬᠤ ᠬᠡᠷᠡᠭᠲᠡᠶ᠃ | ︵ᠬᠤᠶᠠᠷ︶ ᠮᠠᠰᠢᠨ ᠬᠤᠳᠠᠯᠳᠤᠨ ᠠᠪᠬᠤ ᠠᠮᠠᠯᠠᠯ ᠢ ᠬᠡᠷᠡᠭᠵᠢᠭᠦᠯᠦᠨ᠎ᠡ᠃ ᠮᠠᠰᠢᠨ ᠬᠤᠳᠠᠯᠳᠤᠨ | ᠠᠪᠤᠭᠴᠢ ᠳᠤ ᠨᠥᠬᠦᠪᠥᠷᠢ ᠥᠭᠬᠦ ᠭᠤᠶᠤᠴᠢᠯᠠᠯ ᠤᠨ ᠦᠢᠯᠡ ᠠᠵᠢᠯᠯᠠᠭ᠎ᠠ ᠶᠢᠨ ᠥᠪᠡᠷ ᠢ ᠪᠠᠨ ᠬᠢᠵᠠᠭᠠᠷᠯᠠᠬᠤ ᠪᠠ | ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠨᠥᠬᠦᠪᠥᠷᠢ ᠭᠤᠶᠤᠴᠢᠯᠠᠬᠤ ᠮᠠᠲ᠋ᠧᠷᠢᠶᠠᠯ ᠤᠨ ᠦᠨᠡᠨ ᠪᠣᠳᠠᠲᠤ | ᠴᠢᠨᠠᠷ᠂ ᠪᠦᠷᠢᠨ ᠪᠦᠲᠦᠨ ᠴᠢᠨᠠᠷ ᠪᠠ ᠪᠦᠳᠦᠮᠵᠢᠳᠤ ᠴᠢᠨᠠᠷ ᠤᠨ ᠡᠵᠡᠨ ᠮᠡᠳᠡᠬᠦ ᠠᠮᠠᠯᠠᠯᠲᠠ ᠶᠢ ᠬᠡᠷᠡᠭᠵᠢᠭᠦᠯᠵᠦ᠂ | ᠲᠡᠳᠡᠨ ᠢ ᠬᠥᠲᠥᠯᠥᠨ ᠵᠢᠯᠣᠭᠤᠳᠴᠤ ᠪᠠᠶᠢᠭᠠᠳ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢᠨ | ᠬᠡᠷᠡᠭᠵᠢᠭᠦᠯᠦᠯᠲᠡ ᠳᠤ ᠣᠷᠣᠯᠴᠠᠭᠤᠯᠵᠤ᠂ ᠰᠠᠨᠠᠭᠠᠴᠢᠯᠠᠭ᠎ᠠ ᠠᠴᠠ ᠪᠠᠨ ᠭᠤᠶᠤᠴᠢᠯᠠᠨ ᠮᠡᠳᠡᠭᠦᠯᠵᠦ᠂ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠰᠠᠶᠢᠨ ᠰᠠᠶᠢᠬᠠᠨ ᠣᠷᠴᠢᠨ ᠨᠥᠬᠦᠴᠡᠯ ᠢ ᠬᠠᠮᠲᠤ ᠪᠠᠷ ᠬᠠᠮᠠᠭᠠᠯᠠᠨ᠎ᠠ᠃ | ︵ᠭᠤᠷᠪᠠ︶ ᠲᠣᠭᠲᠠᠭᠠᠯ ᠠᠴᠠ ᠵᠥᠷᠢᠴᠡᠭᠰᠡᠨ ᠰᠦᠪᠡᠭᠴᠢ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠨ᠎ᠠ᠃ | ᠬᠢᠨᠠᠨ ᠰᠢᠯᠭᠠᠬᠤ ᠶᠠᠪᠤᠴᠠ ᠳᠤ ᠣᠯᠵᠤ ᠮᠡᠳᠡᠭᠰᠡᠨ ᠨᠥᠬᠦᠪᠥᠷᠢ ᠶᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢᠨ ᠰᠦᠪᠡᠭᠴᠢ ᠭᠤᠶᠤᠴᠢᠯᠠᠨ ᠠᠪᠬᠤ ᠳᠤ᠂ ᠴᠥᠮ᠎ᠡ ᠶᠢᠨ ᠮᠠᠰᠢᠨ ᠤ ᠠᠵᠢᠯᠲᠠᠨ ᠵᠤᠷᠪᠤᠰ ᠳᠠᠷᠠᠭᠠᠯᠠᠨ | ᠪᠢᠴᠢᠭ ᠢᠶᠠᠷ ᠳᠠᠩᠰᠠᠯᠠᠬᠤ ᠶᠢᠨ ᠬᠠᠮᠲᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠳᠤ ᠴᠠᠭ ᠲᠤᠬᠠᠶ ᠳᠤᠨᠢ | ᠮᠡᠳᠡᠭᠦᠯᠬᠦ ᠬᠡᠷᠡᠭᠲᠡᠶ᠃ ᠲᠣᠭᠲᠠᠭᠠᠯ ᠠᠴᠠ ᠵᠥᠷᠢᠴᠡᠭᠰᠡᠨ ᠰᠦᠪᠡᠭᠴᠢ ᠶᠢ ᠬᠠᠮᠲᠤ ᠪᠠᠷ ᠰᠤᠳᠤᠯᠬᠤ ᠠᠵᠢᠯ ᠢ | ᠥᠷᠨᠢᠭᠦᠯᠵᠦ᠂ ᠲᠣᠭᠲᠠᠭᠠᠯ ᠠᠴᠠ ᠵᠥᠷᠢᠴᠡᠭᠰᠡᠨ ᠰᠡᠵᠢᠭ ᠲᠠᠢ ᠨᠡᠯᠢᠶᠡᠳ ᠶᠡᠭᠡ ᠪᠤᠶᠤ ᠳᠠᠬᠢᠨ ᠳᠠᠪᠲᠠᠨ ᠢᠯᠡᠷᠡᠪᠡᠯ | ᠪᠠᠶᠢᠴᠠᠭᠠᠯᠲᠠ ᠶᠢᠨ ᠳᠡᠰ ᠳᠠᠷᠠᠭᠠᠯᠠᠯ ᠢ ᠡᠬᠢᠯᠡᠭᠦᠯᠵᠦ᠂ ᠲᠣᠭᠲᠠᠭᠠᠯ ᠠᠴᠠ ᠵᠥᠷᠢᠴᠡᠭᠰᠡᠨ ᠰᠡᠵᠢᠭᠯᠡᠯᠲᠡᠢ ᠨᠡᠯᠢᠶᠡᠳ | ᠪᠠᠭ᠎ᠠ ᠪᠠᠶᠢᠭ᠎ᠠ ᠮᠠᠲ᠋ᠧᠷᠢᠶᠠᠯ ᠢ ᠪᠠᠶᠢᠴᠠᠭᠠᠬᠤ ᠳᠤ ᠪᠡᠯᠡᠳᠬᠡᠨ᠎ᠡ᠃ ᠨᠥᠬᠦᠪᠥᠷᠢ ᠥᠭᠬᠦ ᠮᠠᠰᠢᠨ ᠪᠠᠭᠠᠵᠢ ᠶᠢ | ᠬᠠᠷᠭᠤᠭᠤᠯᠤᠨ ᠪᠠᠶᠢᠴᠠᠭᠠᠬᠤ ᠮᠠᠷᠭᠤᠯᠳᠤᠭᠠᠨ ᠢ ᠰᠢᠢᠳᠪᠦᠷᠢᠯᠡᠬᠦ ᠵᠡᠷᠭᠡ ᠴᠢᠬᠤᠯᠠ ᠶᠡᠭᠡ ᠵᠦᠢᠯᠡᠰ ᠢ ᠴᠠᠭ | ᠲᠤᠬᠠᠶ ᠳᠤᠨᠢ ᠬᠤᠰᠢᠭᠤᠨ ᠤ ᠱᠠᠲᠤᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ | ᠤᠳᠤᠷᠢᠳᠬᠤ ᠳᠤᠭᠤᠶᠢᠯᠠᠩ ᠳᠤ ᠮᠡᠳᠡᠭᠦᠯᠵᠦ ᠰᠤᠳᠤᠯᠤᠨ ᠰᠢᠢᠳᠪᠦᠷᠢᠲᠦ ᠪᠤᠳᠤᠯᠭ᠎ᠠ ᠲᠣᠭᠲᠠᠭᠠᠯᠭᠠᠨ᠎ᠠ᠃ | ︵ᠲᠦᠷᠪᠡ︶ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ᠃ ᠳᠣᠲᠣᠭᠠᠳᠤ ᠶᠢᠨ ᠡᠵᠡᠮᠳᠡᠬᠦ ᠳᠦᠷᠢᠮ ᠢ | ᠪᠦᠷᠢᠨᠰᠢᠭᠦᠯᠵᠦ᠂ ᠮᠠᠰᠢᠨ ᠪᠠᠭᠠᠵᠢ ᠶᠢ ᠬᠠᠷᠭᠤᠭᠤᠯᠤᠨ ᠪᠠᠶᠢᠴᠠᠭᠠᠬᠤ ᠶᠠᠪᠤᠴᠠ ᠪᠠᠷ ᠭᠤᠣᠯ ᠰᠢᠵᠢᠮ ᠪᠣᠯᠭᠠᠵᠤ᠂ | ᠵᠦᠢᠯ ᠳᠠᠷᠠᠭᠠᠯᠠᠨ ᠠᠵᠢᠯᠯᠠᠵᠤ᠂ ᠭᠤᠭᠴᠤᠭ᠎ᠠ ᠳᠠᠷᠠᠭᠠᠯᠠᠨ ᠲᠦᠭᠰᠢᠭᠦᠷᠢ ᠶᠢᠨ ᠴᠡᠭ ᠢ ᠡᠷᠢᠵᠦ᠂ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠨ᠎ᠠ᠃ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |