ᠨᠠᠰᠤᠲᠠᠶᠢᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠤᠯᠠᠮ ᠨᠢᠭᠡ ᠠᠯᠬᠤᠮ ᠬᠠᠯᠠᠮᠵᠢᠯᠠᠨ ᠬᠠᠶᠢᠷᠠᠯᠠᠵᠤ᠂ | ᠦᠢᠯᠡᠴᠢᠯᠡᠭᠡᠨ ᠤ ᠶᠠᠰᠤ ᠴᠢᠨᠠᠷ ᠢ ᠰᠢᠯᠢᠳᠡᠭᠵᠢᠭᠦᠯᠵᠦ᠂ ︽ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠳᠡᠭᠡᠳᠦᠯᠡᠬᠦ᠂ | ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠠᠪᠰᠤᠷᠬᠤ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ | ᠪᠣᠯᠭᠠᠬᠤ ᠶᠢᠨ ᠲᠥᠯᠥᠭᠡ᠂ 11 ᠰᠠᠷ᠎ᠠ ᠶᠢᠨ 22 ᠤᠨ ᠡᠳᠦᠷ᠂ ᠳ᠋ᠠ ᠲᠦᠩ ᠶᠣᠣ ᠰᠢᠶᠠᠩ ᠬᠥᠳᠡᠭᠡ ᠲᠣᠰᠬᠤᠨ ᠤ ᠬᠤᠶᠠᠷ | ᠱᠠᠲᠤᠨ ᠤ ᠺᠠᠳ᠋ᠷ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ | ᠪᠠᠶᠢᠭᠤᠯᠵᠤ ᠤᠯᠠᠭᠠᠨᠮᠥ᠋ᠴᠢᠷ ᠲᠠᠢ ᠬᠠᠮᠲᠤᠷᠠᠨ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠲᠤ | ᠭᠦᠨᠵᠡᠭᠡᠶᠢᠷᠡᠨ ᠨᠠᠰᠤᠲᠠᠨ ᠢ ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠬᠤᠭᠤᠯᠠᠨ ᠬᠡᠷ ᠲᠤ ᠬᠦᠷᠴᠦ | ᠲᠣᠭᠤᠭᠠᠨ ᠬᠡᠷ ᠤᠨ ᠠᠷᠢᠭᠤᠨ ᠴᠡᠪᠡᠷ ᠤᠨ ᠪᠠᠶᠢᠳᠠᠯ᠂ ᠢᠳᠡᠭᠡᠨ ᠤ ᠮᠠᠲ᠋ᠧᠷᠢᠶᠠᠯ ᠤᠨ ᠰᠢᠨ᠎ᠡ ᠰᠣᠷᠭᠤᠭ ᠬᠡᠮᠵᠢᠶ᠎ᠡ ᠵᠢᠴᠢ | ᠬᠠᠳᠠᠭᠠᠯᠠᠬᠤ ᠠᠷᠭ᠎ᠠ ᠮᠠᠶ᠋ᠢᠭ ᠢ ᠨᠠᠷᠢᠨ ᠪᠠᠶᠢᠴᠠᠭᠠᠨ ᠦᠵᠡᠵᠦ᠂ ᠢᠳᠡᠭᠡᠨ ᠬᠤᠳᠠᠯᠳᠤᠨ ᠠᠪᠬᠤ ᠠᠴᠠ ᠲᠣᠭᠤᠭᠠᠯᠠᠬᠤ ᠪᠠ | ᠳᠠᠬᠢᠨ ᠰᠢᠷᠡᠭᠡᠨ ᠳᠡᠭᠡᠷ᠎ᠡ ᠭᠠᠷᠭᠠᠬᠤ ᠬᠦᠷᠲᠡᠯᠡᠬᠢ ᠭᠤᠭᠴᠤᠭ᠎ᠠ ᠨᠢᠭᠡᠪᠦᠷᠢ ᠶᠢ ᠴᠥᠮ ᠡᠷᠡᠭᠦᠯ ᠬᠠᠮᠠᠭᠠᠯᠠᠯ ᠤᠨ ᠪᠠᠷᠢᠮᠵᠢᠶ᠎ᠠ ᠳᠤ | ᠨᠡᠶᠢᠴᠡᠭᠦᠯᠵᠦ᠂ ᠨᠠᠰᠤᠲᠠᠶᠢᠴᠤᠳ ᠢ ᠰᠠᠨᠠᠭ᠎ᠠ ᠠᠮᠤᠷ ᠢᠳᠡᠭᠦᠯᠬᠦ ᠶᠢ ᠦᠨᠡᠨ ᠬᠦ ᠪᠠᠲᠤᠯᠠᠪᠠ᠃ ᠰᠠᠶᠢᠨ ᠳᠤᠷ᠎ᠠ ᠶᠢᠨ | ᠦᠢᠯᠡᠴᠢᠯᠡᠭᠴᠢᠳ ᠨᠠᠰᠤᠲᠠᠶᠢᠴᠤᠳ ᠲᠤ ᠦᠰᠦ ᠵᠠᠰᠠᠬᠤ᠂ ᠭᠡᠷ ᠤᠨ ᠳᠣᠲᠣᠨ᠎ᠠ ᠭᠠᠳᠠᠨᠠᠬᠢ ᠡᠷᠡᠭᠦᠯ ᠬᠠᠮᠠᠭᠠᠯᠠᠯ ᠢ ᠴᠡᠪᠡᠷᠯᠡᠬᠦ᠂ | ᠭᠡᠷ ᠳᠣᠲᠣᠷᠠᠬᠢ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢᠨ ᠬᠠᠮᠲᠤ ᠨᠠᠰᠤᠲᠠᠶᠢᠴᠤᠳ ᠲᠠᠢ | ᠳᠣᠲᠣᠨᠣ ᠪᠠᠷ ᠶᠠᠷᠢᠯᠴᠠᠵᠤ᠂ ᠲᠡᠳᠡᠨ ᠤ ᠪᠡᠶ᠎ᠡ ᠮᠠᠬᠠᠪᠣᠳ ᠵᠢᠴᠢ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠲᠡᠳᠡᠨ ᠢ | ᠳᠤᠯᠠᠭᠠᠯᠠᠬᠤ ᠶᠢ ᠠᠩᠬᠠᠷᠴᠤ᠂ ᠪᠣᠳᠠᠲᠤ ᠠᠵᠢᠯᠯᠠᠭ᠎ᠠ ᠪᠠᠷ ᠢᠶᠠᠨ ᠬᠠᠶᠢᠷ᠎ᠠ ᠬᠠᠯᠠᠮᠵᠢ ᠶᠢ ᠨᠠᠰᠤᠲᠠᠶᠢᠴᠤᠳ ᠤᠨ ᠳᠡᠷᠭᠡᠳᠡ | ᠬᠦᠷᠭᠡᠬᠦ ᠬᠡᠷᠡᠭᠲᠡᠶ ᠭᠡᠵᠦ ᠵᠠᠬᠢᠪᠠ᠃ | ᠡᠷᠡᠭᠦᠯ ᠬᠠᠮᠠᠭᠠᠯᠠᠯ ᠤᠨ ᠬᠤᠷᠢᠶ᠎ᠠ ᠨᠢ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠲᠥᠪ ᠲᠤ ᠲᠤᠰᠬᠠᠶ | ᠡᠮᠴᠢᠯᠡᠭᠡ ᠬᠢᠬᠦ ᠴᠡᠭ ᠭᠠᠷᠭᠠᠵᠤ᠂ ᠨᠠᠰᠤᠲᠠᠶᠢᠴᠤᠳ ᠲᠤ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠬᠠᠩᠭᠠᠬᠤ ᠶᠢᠨ | ᠬᠠᠮᠲᠤ ᠲᠡᠳᠡᠨ ᠲᠠᠢ ᠶᠠᠷᠢᠯᠴᠠᠵᠤ᠂ ᠨᠠᠰᠤᠲᠠᠶᠢᠴᠤᠳ ᠤᠨ ᠡᠳᠦᠷ ᠲᠤᠲᠤᠮ ᠤᠨ ᠠᠮᠢᠳᠤᠷᠠᠯ᠂ ᠡᠮ ᠬᠡᠷᠡᠭᠯᠡᠬᠦ ᠵᠢᠴᠢ | ᠡᠷᠡᠭᠦᠯᠵᠢᠯ ᠤᠨ ᠪᠠᠶᠢᠳᠠᠯ ᠢ ᠣᠶᠢᠯᠠᠭᠠᠬᠤ ᠶᠢᠨ ᠬᠠᠮᠲᠤ ᠦᠷᠭᠦᠯᠵᠢ ᠲᠣᠬᠢᠶᠠᠯᠳᠤᠳᠠᠭ ᠡᠪᠡᠳᠴᠢᠨ ᠤ ᠭᠤᠤᠯ ᠰᠢᠨᠵᠢ ᠪᠠᠶᠢᠳᠠᠯ᠂ | ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ᠂ ᠠᠩᠬᠠᠷᠬᠤ ᠵᠦᠢᠯᠡᠰ ᠵᠡᠷᠭᠡ ᠶᠢ ᠰᠢᠨᠵᠢᠯᠡᠬᠦ ᠤᠬᠠᠭᠠᠨᠴᠢ ᠪᠠᠷ ᠲᠠᠶᠢᠯᠪᠤᠷᠢᠯᠠᠵᠤ᠂ | ᠨᠠᠰᠤᠲᠠᠶᠢᠴᠤᠳ ᠤᠨ ᠵᠥᠪ ᠪᠡᠶ᠎ᠡ ᠰᠤᠪᠢᠯᠠᠬᠤ ᠦᠵᠡᠯᠲᠡ ᠶᠢ ᠬᠥᠮᠦᠵᠢᠭᠦᠯᠵᠡᠶ᠃ | ᠨᠠᠰᠤᠲᠠᠶᠢᠴᠤᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ | ᠤᠯᠠᠭᠠᠨᠮᠥ᠋ᠴᠢᠷ ᠨᠠᠰᠤᠲᠠᠶᠢᠴᠤᠳ ᠲᠤ ᠳᠠᠭᠤᠤ᠂ ᠪᠥᠵᠢᠭ᠂ ᠯᠢᠮᠪᠦ ᠶᠢᠨ ᠭᠤᠴᠤᠯᠠᠯ ᠬᠥᠭᠵᠢᠮ ᠵᠡᠷᠭᠡ 10 ᠭᠠᠷᠤᠶ ᠤᠷᠠᠨ | ᠰᠠᠶᠢᠬᠠᠨ ᠤ ᠲᠣᠭᠯᠠᠯᠲᠠ ᠦᠵᠡᠭᠦᠯᠪᠡ᠃ ᠰᠠᠶᠢᠨ ᠳᠤᠷ᠎ᠠ ᠶᠢᠨ ᠦᠢᠯᠡᠴᠢᠯᠡᠭᠴᠢᠳ ᠴᠢᠬᠢᠨ ᠳᠤ ᠠᠶᠠᠲᠠᠶ ᠳᠠᠭᠤᠤ᠂ ᠢᠷᠠᠭᠤ | ᠰᠠᠶᠢᠬᠠᠨ ᠪᠥᠵᠢᠭ ᠤᠨ ᠳᠦᠷᠢ ᠪᠠᠶᠢᠳᠠᠯ ᠪᠣᠯᠤᠨ ᠭᠤᠶᠢᠳᠠ ᠰᠠᠶᠢᠬᠠᠨ ᠲᠣᠭᠯᠠᠯᠲᠠ ᠪᠠᠷ ᠨᠠᠰᠤᠲᠠᠶᠢᠴᠤᠳ ᠤᠨ ᠠᠰᠠᠷᠠᠮᠵᠢ ᠶᠢᠨ | ᠬᠦᠷᠢᠶᠡᠯᠡᠩ ᠳᠤ ᠰᠠᠭᠤᠵᠤ ᠪᠠᠶᠢᠭ᠎ᠠ ᠨᠠᠰᠤᠲᠠᠶᠢᠴᠤᠳ ᠢ ᠬᠠᠯᠠᠮᠵᠢᠯᠠᠵᠤ᠂ ᠨᠠᠰᠤᠲᠠᠶᠢᠴᠤᠳ ᠤᠨ ᠨᠢᠵᠢᠭᠢᠨᠡᠲᠡᠯ᠎ᠡ ᠠᠯᠠᠭ᠎ᠠ | ᠲᠠᠰᠢᠪᠠ᠃ ᠪᠠᠶᠠᠷ ᠬᠦᠷ ᠲᠠᠢ᠂ ᠬᠠᠯᠠᠭᠤᠨ ᠳᠤᠯᠠᠭᠠᠨ ᠦᠳᠡᠰᠢ ᠶᠢᠨ ᠨᠠᠷᠠᠨ ᠳᠤ ᠨᠠᠰᠤᠲᠠᠳ ᠤᠨ ᠪᠠᠶᠠᠷ ᠵᠢᠷᠭᠠᠯ ᠪᠢᠯᠬᠠᠵᠤ | ᠪᠠᠶᠢᠯ᠎ᠠ᠃ | ᠳᠠᠷᠠᠭᠠᠴᠢ ᠶᠢᠨ ᠠᠯᠬᠤᠮ ᠳᠤ᠂ ᠳ᠋ᠠ ᠲᠦᠩ ᠶᠣᠣ ᠰᠢᠶᠠᠩ ᠨᠠᠰᠤᠲᠠᠶᠢᠴᠤᠳ ᠤᠨ ᠤᠯᠠᠨ ᠶᠠᠩᠵᠤᠲᠤ ᠴᠢᠨᠠᠷ ᠤᠨ | ᠬᠡᠷᠡᠭᠴᠡᠭᠡ ᠶᠢ ᠦᠷᠭᠦᠯᠵᠢᠯᠡᠨ ᠠᠩᠬᠠᠷᠴᠤ᠂ ᠰᠢᠶᠠᠨ ᠤ ᠱᠠᠲᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠲᠠᠢ ︽ | ᠨᠢᠭᠡ ᠨᠠᠰᠤᠲᠠᠨ ᠨᠢᠭᠡ ᠪᠠᠭ᠎ᠠ︾ ᠲᠠᠢ ᠬᠠᠷᠢᠯᠴᠠᠬᠤ ᠠᠵᠢᠯ ᠤᠨ ᠲᠣᠭᠲᠠᠴᠠ ᠶᠢ ᠰᠠᠶᠢᠲᠤᠷ ᠠᠰᠢᠭᠯᠠᠵᠤ᠂ ᠨᠡᠩ ᠤᠯᠠᠨ | ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠬᠦᠴᠦᠨ ᠢ ᠠᠭᠤᠳᠠᠯᠵᠤ᠂ ᠤᠯᠠᠨ ᠵᠦᠢᠯ ᠤᠨ ᠬᠡᠯᠪᠡᠷᠢ ᠶᠢᠨ᠂ ᠪᠠᠶᠠᠯᠢᠭ | ᠠᠭᠤᠯᠭ᠎ᠠ ᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠷᠠᠳ | ᠲᠦᠮᠡᠨ ᠳᠤ ᠦᠢᠯᠡᠴᠢᠯᠡᠬᠦ ︽ᠢᠵᠢᠯ ᠲᠥᠪᠲᠦ ᠲᠣᠭᠤᠷᠢᠭ︾ ᠢ ᠬᠠᠮᠲᠤᠪᠠᠷ ᠰᠠᠶᠢᠲᠤᠷ ᠵᠢᠷᠤᠵᠤ᠂ ᠨᠠᠰᠤᠲᠠᠶᠢᠴᠤᠳ ᠤᠨ | ᠤᠯᠠᠨ ᠲᠦᠮᠡᠨ ᠤ ︽ᠵᠣᠯ ᠵᠢᠷᠭᠠᠯ ᠤᠨ ᠬᠦᠷᠢᠶ᠎ᠡ︾ ᠶᠢ ᠥᠷᠭᠡᠳᠬᠡᠨ᠎ᠡ᠃ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |