ᠮᠠᠨ ᠤ ᠰᠢᠶᠠᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠥᠳᠡᠯᠮᠦᠷᠢ ᠬᠦᠴᠦᠨ ᠬᠡᠷᠡᠭᠯᠡᠬᠦ | ᠬᠠᠮᠢᠶᠠᠷᠤᠯᠲᠠ ᠶᠢ ᠵᠢᠷᠤᠮᠵᠢᠭᠤᠯᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠵᠤ᠂ ᠠᠵᠤ ᠠᠬᠤᠶᠢᠯᠠᠯ ᠤᠨ ᠦᠷᠭᠦᠯᠵᠢᠯᠡᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ | ᠠᠬᠢᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠬᠠᠤᠯᠢ︾ | ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠭᠡᠷ᠎ᠡ ᠶᠢᠨ ᠬᠠᠤᠯᠢ︾᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠬᠠᠤᠯᠢ︾᠂ ︽ᠤᠯᠠᠭᠠᠨᠴᠠᠪ ᠬᠤᠲᠠ ᠶᠢᠨ ᠬᠠᠷᠢᠶ᠎ᠠ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠠᠵᠢᠯᠲᠠᠨ ᠡᠯᠰᠡᠬᠦ ᠲᠦᠷ ᠬᠡᠷᠡᠭᠵᠢᠭᠦᠯᠬᠦ ᠠᠷᠭ᠎ᠠ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ | ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠮᠠᠨ ᠤ ᠰᠢᠶᠠᠨ ᠤ ᠪᠣᠳᠠᠲᠠᠶ ᠲᠠᠢ ᠪᠠᠨ | ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ ᠲᠡᠭᠦᠨ ᠤ ᠭᠤᠣᠯ ᠠᠭᠤᠯᠭ᠎ᠠ ᠨᠢ ᠳᠣᠣᠷᠠᠬᠢ ᠮᠡᠲᠦ᠄ | ᠨᠢᠭᠡ᠂ ᠲᠣᠰ ᠠᠷᠭ᠎ᠠ ᠶᠢ ᠬᠡᠷᠡᠭᠯᠡᠬᠦ ᠬᠡᠪᠴᠢᠶ᠎ᠡ | ᠲᠣᠰ ᠠᠷᠭ᠎ᠠ ᠶᠢ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠰᠢᠶᠠᠨ ᠤ ᠠᠷᠠᠳ ᠤᠨ | ᠵᠠᠰᠠᠭ ᠤᠨ ᠣᠷᠳᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ︵ | ᠳᠣᠷᠣᠭᠰᠢ ︽ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︾ | ᠭᠡᠵᠦ ᠲᠣᠪᠴᠢᠯᠠᠨ᠎ᠠ︶ ᠳᠤ ᠡᠷᠬᠡ ᠣᠯᠭᠤᠵᠤ ᠪᠠᠯᠠ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ | ᠰᠢᠶᠠᠨ ᠤ ᠰᠢᠭᠤᠳ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠢᠴᠢ ᠲᠡᠭᠦᠨ ᠤ ᠬᠠᠷᠢᠶ᠎ᠠ ᠤᠯᠤᠰ ᠤᠨ | ᠥᠮᠴᠢᠯᠡᠯ ᠤᠨ ᠲᠤᠰᠠᠭᠠᠷ ᠪᠠᠯᠠ ᠣᠷᠣᠭᠤᠯᠬᠤ᠂ ᠬᠤᠪᠢ ᠣᠷᠣᠭᠤᠯᠤᠯᠲᠠ ᠶᠢ ᠡᠵᠡᠮᠳᠡᠬᠦ᠂ ᠬᠠᠷᠢᠴᠠᠩᠭᠤᠶ ᠡᠵᠡᠮᠳᠡᠬᠦ | ᠬᠤᠪᠢ ᠣᠷᠣᠭᠤᠯᠤᠭᠰᠠᠨ ᠠᠵᠤ ᠠᠬᠤᠶᠢᠯᠠᠯ ︵ᠳᠣᠷᠣᠭᠰᠢ ︽ᠠᠵᠤ ᠠᠬᠤᠶᠢᠯᠠᠯ︾ ᠭᠡᠵᠦ ᠲᠣᠪᠴᠢᠯᠠᠨ᠎ᠠ︶ ᠳᠤ | ᠬᠡᠷᠡᠭᠯᠡᠨ᠎ᠡ᠃ | ᠬᠤᠶᠠᠷ᠂ ᠠᠵᠤ ᠠᠬᠤᠶᠢᠯᠠᠯ ᠤᠨ ᠬᠥᠳᠡᠯᠮᠦᠷᠢ ᠬᠦᠴᠦᠨ ᠬᠡᠷᠡᠭᠯᠡᠬᠦ ᠬᠠᠮᠢᠶᠠᠷᠤᠯᠲᠠ ᠶᠢᠨ ᠵᠠᠷᠴᠢᠮ | ᠮᠤᠷᠡᠯ ᠴᠢᠳᠠᠪᠤᠷᠢ ᠬᠤᠤᠰᠯᠠᠬᠰᠠᠨ ᠬᠦᠮᠦᠨ ᠬᠡᠷᠡᠭᠯᠡᠬᠦ ᠪᠠᠷᠢᠮᠵᠢᠶ᠎ᠠ ᠶᠢ ᠪᠠᠷᠢᠮᠳᠠᠯᠠᠨ᠎ᠠ᠃ ᠨᠠᠮ ᠠᠴᠠ | ᠴᠢᠳᠠᠪᠤᠷᠢᠲᠠᠨ ᠢ ᠬᠠᠮᠢᠶᠠᠷᠬᠤ ᠪᠠ ᠵᠠᠬ᠎ᠠ ᠳᠡᠯᠭᠡᠭᠦᠷᠴᠢᠯᠡᠨ ᠰᠣᠩᠭᠤᠨ ᠤᠷᠢᠬᠤ ᠶᠢ ᠤᠶᠠᠯᠳᠤᠭᠤᠯᠬᠤ ᠵᠠᠷᠴᠢᠮ ᠢ | ᠪᠠᠷᠢᠮᠲᠠᠯᠠᠨ᠎ᠠ︔ ᠴᠠᠯᠢᠩ ᠤᠨ ᠶᠡᠷᠦᠩᠬᠡᠢ ᠲᠤᠭ᠎ᠠ ᠶᠢ ᠡᠵᠡᠮᠳᠡᠬᠦ ᠵᠠᠷᠴᠢᠮ ᠢ ᠵᠢᠷᠤᠮᠯᠠᠨ᠎ᠠ︔ ᠨᠡᠶᠢᠭᠡᠮ ᠳᠤ | ᠬᠠᠨᠳᠤᠭᠤᠯᠤᠭᠰᠠᠨ᠂ ᠨᠥᠬᠦᠴᠡᠯ ᠨᠢ ᠢᠯᠡ ᠲᠣᠳᠣ᠂ ᠡᠷᠬᠡ ᠲᠡᠭᠰᠢ ᠪᠠᠷ ᠥᠷᠢᠰᠦᠯᠳᠦᠬᠦ᠂ ᠰᠢᠯᠢᠳᠡᠭ ᠢ ᠨᠢ ᠰᠣᠩᠭᠤᠨ | ᠤᠷᠢᠵᠤ ᠬᠡᠷᠡᠭᠯᠡᠬᠦ ᠵᠠᠷᠴᠢᠮ︔ ᠠᠵᠢᠯ ᠤᠨ ᠪᠠᠶᠢᠷᠢ ᠪᠠᠷ ᠠᠵᠢᠯᠲᠠᠨ ᠢ ᠲᠣᠭᠲᠠᠭᠠᠬᠤ᠂ ᠣᠷᠣᠭᠤᠯᠵᠤ ᠪᠣᠯᠬᠤ ᠪᠠ | ᠭᠠᠷᠭᠠᠵᠤ ᠪᠣᠯᠬᠤ ᠵᠠᠷᠴᠢᠮ ᠢ ᠪᠠᠷᠢᠮᠲᠠᠯᠠᠨ᠎ᠠ᠃ | ᠭᠤᠷᠪᠠ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠠᠮᠢᠶᠠᠷᠤᠯᠲᠠ᠂ ᠠᠵᠢᠯᠴᠢᠨ ᠬᠡᠷᠡᠭᠯᠡᠬᠦ | ᠲᠥᠯᠥᠪᠯᠡᠭᠡ ᠶᠢᠨ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠵᠢᠴᠢ ᠠᠵᠢᠯᠴᠢᠨ ᠬᠡᠷᠡᠭᠯᠡᠬᠦ ᠨᠥᠬᠦᠴᠡᠯ ᠢ ᠨᠡᠮᠡᠭᠳᠡᠭᠦᠯᠬᠦ | ᠬᠡᠷᠡᠭᠲᠡᠶ | ᠠᠵᠤ ᠠᠬᠤᠶᠢᠯᠠᠯ ᠤᠳ ᠴᠢᠳᠠᠮᠵᠢ ᠶᠢᠨ ᠪᠠᠶᠢᠷᠢ ᠲᠣᠭᠲᠠᠭᠠᠯᠲᠠ᠂ ᠡᠵᠡᠩᠨᠡᠯᠲᠡ ᠶᠢᠨ ᠬᠡᠪᠴᠢᠶ᠎ᠡ᠂ ᠡᠳ᠋ | ᠬᠥᠷᠥᠩᠭᠡ ᠶᠢᠨ ᠬᠡᠪᠴᠢᠶ᠎ᠡ᠂ ᠡᠭᠦᠷᠭᠡ ᠡᠭᠦᠷᠭᠡᠯᠡᠬᠦ᠂ ᠠᠵᠤ ᠠᠬᠤᠶ ᠶᠢᠨ ᠦᠷ᠎ᠡ ᠠᠰᠢᠭ ᠵᠢᠴᠢ ᠬᠥᠭᠵᠢᠯᠲᠡ ᠶᠢᠨ | ᠱᠠᠲᠤ ᠦᠶ᠎ᠡ ᠵᠡᠷᠭᠡ ᠪᠠᠶᠢᠳᠠᠯ ᠢᠶᠠᠨ ᠦᠨᠳᠦᠰᠦᠯᠡᠨ᠂ ︽ᠴᠣᠮᠬᠠᠳᠬᠠᠬᠤ᠂ ᠥᠨᠳᠥᠷ ᠦᠷ᠎ᠡ ᠪᠦᠲᠦᠮᠵᠢᠲᠡᠶ | ᠪᠠᠶᠢᠯᠭᠠᠬᠤ︾ ᠵᠠᠷᠴᠢᠮ ᠶᠣᠰᠣᠭᠠᠷ᠂ ᠳᠣᠲᠣᠭᠠᠳᠤ ᠪᠠᠶᠢᠭᠤᠯᠤᠮᠵᠢ ᠪᠠ ᠠᠵᠢᠯ ᠤᠨ ᠪᠠᠶᠢᠷᠢ ᠪᠠᠨ ᠵᠦᠶ ᠵᠣᠬᠢᠰᠲᠠᠶ | ᠲᠣᠭᠲᠠᠭᠠᠬᠤ ᠬᠡᠷᠡᠭᠲᠡᠶ᠃ | ᠠᠵᠤ ᠠᠬᠤᠶᠢᠯᠠᠯ ᠤᠨ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠳᠤ ᠠᠵᠢᠯᠲᠠᠨ ᠤ ᠲᠤᠭ᠎ᠠ ᠶᠢᠨ | ᠲᠥᠯᠥᠪᠯᠡᠭᠡ ᠶᠢ ᠮᠡᠳᠡᠭᠦᠯᠬᠦ ᠲᠦᠷᠢᠮ ᠢ ᠬᠡᠷᠡᠭᠵᠢᠭᠦᠯᠦᠨ᠎ᠡ᠃ ᠵᠢᠯ ᠪᠦᠷᠢ ᠶᠢᠨ 12 ᠳ᠋ᠤᠭᠠᠷ ᠰᠠᠷ᠎ᠠ ᠶᠢᠨ ᠰᠡᠭᠦᠯᠴᠢ ᠳᠤ | ᠪᠡᠯᠡ ᠭᠠᠷᠭᠠᠭᠰᠠᠨ ᠲᠠᠰ ᠳᠠᠪᠬᠤᠷᠭ᠎ᠠ ᠶᠢᠨ ᠶᠣᠰᠣᠭᠠᠷ ᠠᠵᠤ ᠠᠬᠤᠶᠢᠯᠠᠯ ᠠᠴᠠ ᠬᠢᠨᠠᠨ ᠬᠠᠷᠭᠤᠭᠤᠯᠵᠤ | ᠬᠤᠷᠢᠶᠠᠩᠭᠤᠶᠢᠯᠠᠵᠤ᠂ ᠬᠥᠳᠡᠯᠮᠦᠷᠢ ᠠᠵᠢᠯᠴᠢᠨ ᠬᠡᠷᠡᠭᠯᠡᠬᠦ ᠲᠥᠯᠥᠪᠯᠡᠭᠡ ᠶᠢ ᠳᠤᠷᠠᠳᠤᠨ ᠭᠠᠷᠭᠠᠵᠤ᠂ ᠠᠭᠤᠯᠭ᠎ᠠ ᠳᠤ | ᠡᠯ᠎ᠡ ᠠᠵᠤ ᠠᠬᠤᠶᠢᠯᠠᠯ ᠤᠨ ᠳᠡᠭᠡᠷ᠎ᠡ ᠨᠢᠭᠡ ᠵᠢᠯ ᠤᠨ ᠠᠵᠢᠯᠴᠢᠨ ᠬᠡᠷᠡᠭᠯᠡᠬᠦ ᠲᠥᠯᠥᠪᠯᠡᠭᠡ ᠶᠢᠨ ᠬᠠᠮᠢᠶᠠᠷᠤᠯᠲᠠ ᠶᠢ | ᠬᠡᠷᠡᠭᠵᠢᠭᠦᠯᠦᠭᠰᠡᠨ ᠪᠠᠶᠢᠳᠠᠯ ᠵᠢᠴᠢ ᠲᠣᠰ ᠵᠢᠯ ᠤᠨ ᠠᠵᠢᠯᠴᠢᠨ ᠬᠡᠷᠡᠭᠯᠡᠬᠦ ᠲᠥᠯᠥᠪᠯᠡᠭᠡ ᠶᠢ ᠪᠠᠭᠲᠠᠭᠠᠵᠤ᠂ ᠠᠵᠤ | ᠠᠬᠤᠶᠢᠯᠠᠯ ᠤᠨ ᠬᠢᠨᠠᠨ ᠲᠣᠭᠲᠠᠭᠠᠭᠰᠠᠨ ᠠᠵᠢᠯᠲᠠᠨ ᠤ ᠶᠡᠷᠦᠩᠬᠡᠶ ᠲᠤᠭ᠎ᠠ᠂ ᠪᠣᠳᠠᠲᠠᠶ ᠬᠥᠮᠦᠨ ᠤ ᠲᠤᠭ᠎ᠠ᠂ | ᠬᠤᠭᠤᠰᠣᠨ ᠲᠤᠭ᠎ᠠ᠂ ᠲᠣᠰ ᠵᠢᠯ ᠤᠨ ᠠᠵᠢᠯᠲᠠᠨ ᠤ ᠲᠤᠭ᠎ᠠ᠂ ᠡᠯᠰᠡᠬᠦ ᠪᠠᠷ ᠪᠠᠶᠢᠭ᠎ᠠ ᠬᠥᠮᠦᠨ ᠤ ᠲᠤᠭ᠎ᠠ᠂ ᠡᠯᠰᠡᠨ | ᠬᠡᠷᠡᠭᠯᠡᠬᠦ ᠠᠵᠢᠯ ᠤᠨ ᠪᠠᠶᠢᠷᠢ᠂ ᠨᠥᠬᠦᠴᠡᠯ ᠬᠢᠭᠡᠳ ᠱᠠᠭᠠᠷᠳᠠᠯᠭ᠎ᠠ᠂ ᠡᠯᠰᠡᠨ ᠬᠡᠷᠡᠭᠯᠡᠬᠦ ᠠᠷᠭ᠎ᠠ ᠮᠠᠶ᠋ᠢᠭ ᠵᠡᠷᠭᠡ ᠶᠢ | ᠪᠠᠭᠲᠠᠭᠠᠭᠰᠠᠨ ᠪᠠᠶᠢᠬᠤ ᠬᠡᠷᠡᠭᠲᠡᠶ᠃ ᠠᠵᠤ ᠠᠬᠤᠶᠢᠯᠠᠯ ᠠᠵᠢᠯᠴᠢᠨ ᠬᠡᠷᠡᠭᠯᠡᠬᠦ ᠲᠥᠯᠥᠪᠯᠡᠭᠡ ᠪᠠᠨ ᠮᠡᠳᠡᠭᠦᠯᠬᠦ ᠳᠤ | ᠣᠨᠴᠠᠭᠠᠶ ᠬᠡᠷᠡᠭᠴᠡᠭᠡ ᠲᠠᠢ ᠪᠠᠶᠢᠬᠤ ᠠᠴᠠ ᠭᠠᠳᠠᠨ᠎ᠠ᠂ ᠵᠠᠷᠴᠢᠮ ᠳᠡᠭᠡᠷ᠎ᠡ ᠪᠠᠨ ᠵᠢᠯ ᠪᠦᠷᠢ ᠨᠢᠭᠡ ᠯᠡ ᠤᠳᠠᠭ᠎ᠠ | ᠮᠡᠳᠡᠭᠦᠯᠦᠨ᠎ᠡ᠃ ᠵᠢᠯ ᠤᠨ ᠠᠵᠢᠯᠴᠢᠨ ᠬᠡᠷᠡᠭᠯᠡᠬᠦ ᠲᠥᠯᠥᠪᠯᠡᠭᠡ ᠨᠢ ᠰᠢᠶᠠᠨ ᠤ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠦᠭᠰᠡᠨ ᠦᠭᠡᠶ ᠪᠣᠯ ᠠᠵᠢᠯᠲᠠᠨ ᠠᠵᠢᠯᠴᠢᠨ | ᠡᠯᠰᠡᠵᠦ ᠪᠣᠯᠬᠤ ᠦᠭᠡᠶ᠃ | ᠠᠵᠤ ᠠᠬᠤᠶᠢᠯᠠᠯ ᠤᠨ ᠬᠥᠳᠡᠯᠮᠦᠷᠢ ᠬᠦᠴᠦ ᠬᠡᠷᠡᠭᠯᠡᠬᠦ ᠲᠥᠯᠥᠪᠯᠡᠭᠡ ᠶᠢ ᠳᠣᠤᠷᠠᠬᠢ ᠳᠡᠰ ᠳᠠᠷᠠᠭᠠᠯᠠᠯ ᠢᠶᠠᠷ | ᠬᠡᠷᠡᠭᠵᠢᠭᠦᠯᠦᠨ᠎ᠡ᠄ | ︵ᠨᠢᠭᠡ︶ ᠠᠵᠤ ᠠᠬᠤᠶᠢᠯᠠᠯ ᠨᠢ ᠬᠥᠳᠡᠯᠮᠦᠷᠢ ᠬᠦᠴᠦᠨ ᠨᠡᠮᠡᠭᠳᠡᠭᠦᠯᠬᠦ ᠴᠢᠬᠤᠯᠠᠲᠠᠶ ᠪᠠᠶᠢᠪᠠᠯ᠂ ᠡᠩ | ᠲᠡᠷᠢᠭᠦᠨ ᠳᠤ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ᠂ ᠬᠡᠷᠡᠭ ᠮᠡᠳᠡᠭᠴᠢᠳ ᠤᠨ ᠵᠥᠪᠯᠡᠯ ᠠᠴᠠ | ᠰᠤᠳᠤᠯᠤᠨ ᠪᠠᠲᠤᠯᠠᠵᠤ᠂ ᠳᠠᠷᠠᠭ᠎ᠠ ᠨᠢ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠳᠤ ᠠᠵᠤ ᠠᠬᠤᠶᠢᠯᠠᠯ ᠤᠨ ᠬᠥᠳᠡᠯᠮᠦᠷᠢ ᠬᠦᠴᠦᠨ ᠬᠡᠷᠡᠭᠯᠡᠬᠦ ᠲᠥᠯᠥᠪᠯᠡᠭᠡ ᠶᠢᠨ | ᠲᠥᠰᠦᠯ ᠢ ᠮᠡᠳᠡᠭᠦᠯᠬᠦ ᠶᠢᠨ ᠬᠠᠮᠲᠤ ︽ᠰᠢᠩ ᠾᠧ ᠰᠢᠶᠠᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠬᠥᠳᠡᠯᠮᠦᠷᠢ ᠬᠦᠴᠦᠨ ᠬᠡᠷᠡᠭᠯᠡᠬᠦ ᠲᠥᠯᠥᠪᠯᠡᠭᠡ ᠶᠢ ᠬᠢᠨᠠᠨ ᠵᠥᠪᠰᠢᠶᠡᠷᠡᠬᠦ ᠬᠦᠰᠦᠨᠦᠭᠲᠦ︾ ᠶᠢ ᠲᠠᠭᠯᠠᠨ᠎ᠠ᠃ | ︵ᠬᠤᠶᠠᠷ︶ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠠᠴᠠ ᠠᠵᠤ ᠠᠬᠤᠶᠢᠯᠠᠯ ᠤᠨ ᠮᠡᠳᠡᠭᠦᠯᠬᠦ ᠲᠥᠰᠦᠯ ᠢ ᠬᠢᠨᠠᠨ ᠬᠠᠷᠭᠤᠭᠤᠯᠵᠤ᠂ ᠰᠢᠶᠠᠨ ᠤ ᠵᠠᠰᠠᠭ ᠤᠨ | ᠣᠷᠳᠣᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃ | ︵ᠭᠤᠷᠪᠠ︶ ᠰᠢᠶᠠᠨ ᠤ ᠵᠠᠰᠠᠭ ᠤᠨ ᠣᠷᠳᠣᠨ ᠵᠥᠪᠰᠢᠶᠡᠷᠡᠭᠰᠡᠨ ᠤ ᠳᠠᠷᠠᠭ᠎ᠠ᠂ ᠰᠢᠶᠠᠨ ᠤ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠵᠥᠪᠯᠡᠯ ᠠᠴᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠥᠳᠡᠯᠮᠦᠷᠢ | ᠬᠦᠴᠦᠨ ᠬᠡᠷᠡᠭᠯᠡᠬᠦ ᠭᠦᠢᠴᠡᠳᠬᠡᠬᠦ ᠲᠤᠭ᠎ᠠ ᠶᠢ ᠬᠡᠷᠡᠭᠯᠡᠬᠦ ᠮᠡᠳᠡᠭᠳᠡᠯ ᠤᠨ ᠪᠢᠴᠢᠭ ᠪᠠᠭᠤᠯᠭᠠᠵᠤ᠂ ᠮᠡᠳᠡᠭᠳᠡᠯ ᠤᠨ ᠪᠢᠴᠢᠭ | ᠳᠡᠭᠡᠷ᠎ᠡ ᠬᠡᠷᠡᠭᠯᠡᠬᠦ ᠬᠥᠮᠦᠨ ᠤ ᠲᠤᠭ᠎ᠠ᠂ ᠲᠥᠷᠥᠯ ᠬᠡᠯᠪᠡᠷᠢ᠂ ᠨᠥᠬᠦᠴᠡᠯ ᠪᠠ ᠬᠤᠭᠤᠴᠠᠭ᠎ᠠ ᠶᠢ ᠲᠣᠳᠣᠷᠬᠠᠶᠢᠯᠠᠬᠤ ᠶᠢᠨ | ᠬᠠᠮᠲᠤ ᠠᠵᠤ ᠠᠬᠤᠶᠢᠯᠠᠯ ᠤᠨ ᠬᠥᠳᠡᠯᠮᠦᠷᠢ ᠬᠦᠴᠦᠨ ᠬᠡᠷᠡᠭᠯᠡᠬᠦ ᠲᠥᠯᠥᠪᠯᠡᠭᠡ ᠶᠢ ᠳᠠᠩᠰᠠᠯᠠᠨ᠎ᠠ᠃ | ᠠᠵᠤ ᠠᠬᠤᠢᠯᠠᠯ ᠤᠳ ᠠᠵᠢᠯᠴᠢᠨ ᠬᠡᠷᠡᠭᠯᠡᠬᠦ ᠶᠡᠷᠦᠩᠬᠡᠢ ᠬᠡᠮᠵᠢᠶ᠎ᠡ ᠪᠠᠨ ᠨᠡᠮᠡᠭᠳᠡᠭᠦᠯᠬᠦ ᠳᠤ ᠳᠣᠣᠷᠠᠬᠢ | ᠨᠥᠬᠦᠴᠡᠯ ᠤᠨ ᠨᠢᠭᠡ ᠶᠢ ᠪᠦᠷᠢᠯᠳᠦᠭᠦᠯᠬᠦ ᠬᠡᠷᠡᠭᠲᠡᠢ᠄ | ︵ᠨᠢᠭᠡ︶ ᠰᠢᠨ᠎ᠡ ᠪᠠᠷ ᠪᠠᠶᠢᠭᠤᠯᠤᠭᠰᠠᠨ ᠺᠤᠮᠫᠠᠨᠢ ᠦᠨᠡᠬᠡᠷ ᠠᠵᠢᠯᠴᠢᠨ ᠬᠡᠷᠡᠭᠯᠡᠬᠦ ᠴᠢᠬᠤᠯᠠ ᠲᠠᠢ᠃ | ︵ᠬᠤᠶᠠᠷ︶ ᠭᠤᠣᠯ ᠡᠵᠡᠩᠨᠡᠯᠲᠡ ᠶᠢᠨ ᠠᠵᠢᠯ ᠲᠥᠷᠥᠯ ᠢ ᠥᠷᠭᠡᠳ᠋ᠭᠡᠵᠦ᠂ ᠡᠵᠡᠩᠨᠡᠯᠲᠡ ᠶᠢᠨ ᠬᠦᠷᠢᠶ᠎ᠡ | ᠬᠡᠪᠴᠢᠶ᠎ᠡ ᠶᠢ ᠢᠯᠡᠳᠲᠡ ᠥᠷᠭᠡᠳ᠋ᠬᠡᠵᠦ᠂ ᠠᠵᠢᠯᠴᠢᠨ ᠬᠡᠷᠡᠭᠯᠡᠬᠦ ᠶᠢ ᠦᠨᠡᠨᠬᠦ ᠨᠡᠮᠡᠭᠳᠡᠭᠦᠯᠬᠦ ᠴᠢᠬᠤᠯᠠᠲᠠᠢ ᠪᠣᠯᠣᠭᠰᠠᠨ᠃ | ︵ᠭᠤᠷᠪᠠ︶ ᠠᠶᠠᠨᠳᠠᠭᠠᠨ ᠬᠠᠰᠤᠭᠳᠠᠭᠰᠠᠨ ᠠᠵᠢᠯᠲᠠᠨ ᠠᠵᠢᠯᠴᠢᠨ ᠬᠡᠷᠡᠭᠯᠡᠬᠦ ᠴᠢᠬᠤᠯᠠ ᠲᠠᠢ ᠪᠣᠯ᠃ | ︵ᠲᠦᠷᠪᠡ︶ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠠᠷ ᠲᠥᠪᠬᠢᠨᠡᠭᠦᠯᠬᠦ ᠳᠤ ᠠᠵᠢᠯᠴᠢᠨ ᠬᠡᠷᠡᠭᠯᠡᠬᠦ ᠶᠢ | ᠦᠨᠡᠨᠬᠦᠦ ᠨᠡᠮᠡᠭᠳᠡᠭᠦᠯᠬᠦ ᠴᠢᠬᠤᠯᠠ ᠲᠠᠢ ᠪᠣᠯ᠃ | ︵ᠲᠠᠪᠤ︶ ᠪᠤᠰᠤᠳ ᠦᠨᠡᠬᠡᠷ ᠨᠡᠮᠡᠭᠳᠡᠭᠦᠯᠬᠦ ᠴᠢᠬᠤᠯᠠ ᠲᠠᠢ ᠬᠦᠴᠦᠨ ᠵᠦᠢᠯ ᠮᠥᠨ᠃ | ᠳᠥᠷᠪᠡ᠂ ᠠᠵᠤ ᠠᠬᠤᠶᠢᠯᠠᠯ ᠤᠨ ᠢᠯᠡ ᠪᠠᠷ ᠠᠵᠢᠯᠲᠠᠨ ᠡᠯᠰᠡᠬᠦ ᠱᠠᠭᠠᠷᠳᠠᠯᠭ᠎ᠠ᠂ ᠨᠥᠬᠦᠴᠡᠯ ᠵᠢᠴᠢ ᠴᠤᠪᠤᠷᠠᠯ | ᠣᠷᠣᠭᠤᠯᠤᠨ ᠠᠪᠴᠢᠷᠠᠬᠤ ᠪᠠ ᠤᠷᠢᠨ ᠲᠣᠮᠢᠯᠠᠬᠤ ᠴᠢᠬᠤᠯᠠᠲᠠᠶ ᠳᠡᠭᠡᠳᠦ ᠲᠠᠰ ᠤᠨ ᠴᠢᠳᠠᠪᠤᠷᠢᠲᠠᠨ᠂ ᠪᠠᠴᠢᠮ | ᠬᠡᠷᠡᠭᠴᠡᠬᠦ ᠲᠤᠰᠬᠠᠶ ᠮᠡᠷᠭᠡᠵᠢᠯ ᠤᠨ ᠴᠢᠳᠠᠪᠤᠷᠢᠲᠠᠨ ᠪᠤᠶᠤ ᠨᠢᠭᠤᠴᠠ ᠳᠤ ᠬᠤᠯᠪᠣᠭᠳᠠᠬᠤ᠂ ᠭᠠᠳᠠᠭᠠᠳᠤ ᠳᠤ | ᠬᠤᠯᠪᠣᠭᠳᠠᠬᠤ᠂ ᠴᠡᠷᠢᠭ ᠤᠨ ᠠᠯᠪᠠᠨ ᠠᠴᠠ ᠪᠠᠭᠤᠭᠰᠠᠳ ᠢ ᠲᠥᠪᠬᠢᠨᠡᠭᠦᠯᠬᠦ ᠵᠡᠷᠭᠡ ᠤᠨᠴᠠᠭᠠᠢ ᠰᠢᠯᠲᠠᠭᠠᠨ ᠠᠴᠠ | ᠪᠣᠯᠵᠤ᠂ ᠵᠣᠬᠢᠶᠠᠨ ᠪᠠᠶᠢᠭᠤᠯᠤᠯᠲᠠ ᠠᠴᠠ ᠲᠣᠮᠢᠯᠠᠬᠤ᠂ ᠲᠣᠮᠢᠯᠠᠬᠤ᠂ ᠲᠣᠬᠢᠷᠠᠭᠤᠯᠬᠤ ᠪᠠ ᠰᠣᠯᠢᠯᠴᠠᠬᠤ ᠠᠴᠠ | ᠭᠠᠳᠠᠨ᠎ᠠ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤᠷᠢᠬᠤ ᠳᠤ᠂ ᠡᠷᠬᠡᠪᠰᠢ ᠳᠠᠩᠰᠠᠯᠠᠭᠤᠯᠤᠭᠰᠠᠨ ᠣᠨ ᠤ | ᠠᠵᠢᠯᠴᠢᠨ ᠬᠡᠷᠡᠭᠯᠡᠬᠦ ᠲᠥᠯᠥᠪᠯᠡᠭᠡ ᠶᠢᠨ ᠳᠣᠲᠣᠷ᠎ᠠ᠂ ᠬᠤᠭᠤᠰᠣᠨ ᠠᠵᠢᠯ ᠤᠨ ᠪᠠᠶᠢᠷᠢ ᠶᠢᠨ ᠲᠤᠰᠢᠶᠠᠯ ᠡᠭᠦᠷᠭᠡᠯᠡᠬᠦ | ᠨᠥᠬᠦᠴᠡᠯ ᠢ ᠦᠨᠳᠦᠰᠦᠯᠡᠨ ᠢᠯᠡ ᠪᠠᠷ ᠤᠷᠢᠨ ᠬᠡᠷᠡᠭᠯᠡᠬᠦ ᠶᠢ ᠬᠡᠷᠡᠭᠵᠢᠭᠦᠯᠵᠦ᠂ ᠠᠵᠤ ᠠᠬᠤᠶᠢᠯᠠᠯ ᠠᠴᠠ ᠤᠷᠢᠨ | ᠬᠡᠷᠡᠭᠯᠡᠬᠦ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠤᠷᠢᠨ ᠬᠡᠷᠡᠭᠯᠡᠬᠦ ᠠᠵᠢᠯ ᠢ ᠬᠠᠷᠢᠭᠤᠴᠠᠭᠤᠯᠬᠤ | ᠬᠡᠷᠡᠭᠲᠡᠶ᠃ | ᠤᠷᠢᠭᠳᠠᠭᠰᠠᠨ ᠬᠥᠮᠦᠰ ᠳᠣᠤᠷᠠᠬᠢ ᠦᠨᠳᠦᠰᠦᠨ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄ | ︵ᠨᠢᠭᠡ︶ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠠᠷᠢᠶ᠎ᠠ ᠲᠠᠢ᠃ | ︵ᠬᠤᠶᠠᠷ︶ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠪᠠ ᠬᠠᠤᠯᠢ | ᠴᠠᠭᠠᠵᠠ ᠶᠢ ᠵᠢᠷᠤᠮᠯᠠᠨ ᠰᠠᠬᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠ ᠨᠡᠶᠢᠭᠡᠮ | ᠵᠢᠷᠤᠮᠲᠤ ᠪᠠᠶᠢᠭᠤᠯᠤᠯ ᠢ ᠬᠦᠷᠢᠶᠡᠯᠡᠨ᠎ᠡ᠃ | ︵ᠭᠤᠷᠪᠠ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠲᠡᠢ︔ | ︵ᠲᠦᠷᠪᠡ︶ ᠵᠠᠩ ᠰᠤᠷᠲᠠᠯ ᠲᠥᠪ ᠴᠢᠭᠴᠢ ᠪᠠᠶᠢᠵᠤ᠂ ᠨᠡᠯᠢᠶᠡᠳ ᠴᠢᠩᠭ᠎ᠠ ᠠᠵᠢᠯ ᠦᠢᠯᠡᠰᠴᠢ ᠰᠡᠳᠬᠢᠯᠭᠡ | ᠪᠠ ᠬᠠᠷᠢᠭᠤᠴᠠᠯᠭᠠᠲᠤ ᠰᠡᠳᠬᠢᠯᠭᠡ ᠲᠠᠢ ᠪᠠᠶᠢᠬᠤ ᠬᠡᠷᠡᠭᠲᠡᠢ᠃ | ︵ᠲᠠᠪᠤ︶ ᠶᠡᠭᠡ ᠰᠠᠶᠢᠨ ᠤᠯᠤᠰ ᠲᠥᠷᠥ ᠶᠢᠨ ᠬᠡᠪ ᠴᠢᠨᠠᠷ ᠪᠠ ᠶᠣᠰᠣ ᠮᠣᠷᠠᠯ ᠵᠠᠩ ᠰᠤᠷᠲᠠᠯ ᠲᠠᠢ᠃ | ︵ᠵᠢᠷᠭᠤᠭ᠎ᠠ︶ ᠤᠯᠤᠰ ᠠᠷᠠᠳ ᠤᠨ ᠰᠤᠷᠭᠠᠨ ᠬᠥᠮᠦᠵᠢᠯ ᠤᠨ ᠴᠤᠪᠤᠷᠠᠯ ᠤᠨ ᠵᠢᠩᠬᠢᠨᠢ ᠠᠩᠭᠢ ᠵᠢᠴᠢ | ᠲᠡᠭᠦᠨ ᠠᠴᠠ ᠳᠡᠭᠡᠭᠰᠢᠬᠢ ᠰᠣᠶᠣᠯ ᠤᠨ ᠬᠢᠷᠢ ᠬᠡᠮᠵᠢᠶ᠎ᠡ ᠲᠠᠢ ︵ᠲᠤᠰᠬᠠᠶ ᠮᠡᠷᠭᠡᠵᠢᠯ ᠤᠨ ᠤᠷ᠎ᠠ ᠮᠡᠷᠭᠡᠰᠢᠯᠳᠦ | ᠴᠢᠳᠠᠪᠤᠷᠢᠲᠠᠨ ᠪᠠ ᠤᠨᠴᠠᠭᠠᠢ ᠰᠢᠯᠲᠠᠭᠠᠨ ᠠᠴᠠ ᠪᠤᠰᠤᠳ︶᠃ | ︵ᠳᠤᠯᠤᠭ᠎ᠠ︶ ᠠᠵᠢᠯ ᠤᠨ ᠪᠠᠶᠢᠷᠢ ᠶᠢᠨ ᠱᠠᠭᠠᠷᠳᠠᠯᠭ᠎ᠠ ᠶᠢᠨ ᠪᠡᠶ᠎ᠡ ᠮᠠᠬᠠᠪᠣᠳ ᠤᠨ ᠨᠥᠬᠦᠴᠡᠯ᠃ | ︵ᠨᠠᠢᠮᠠ︶ ᠠᠵᠢᠯ ᠤᠨ ᠪᠠᠶᠢᠷᠢ ᠳᠤ ᠬᠡᠷᠡᠭᠰᠡᠬᠦ ᠪᠤᠰᠤᠳ ᠨᠥᠬᠦᠴᠡᠯ᠃ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠢᠯᠲᠠᠨ ᠡᠯᠰᠡᠬᠦ ᠳᠤ ᠡᠷᠬᠡᠪᠰᠢ ᠵᠢᠷᠤᠮᠵᠢᠯ ᠤᠨ ᠴᠢᠨᠠᠷᠲᠠᠶ | ᠲᠠᠰ ᠳᠠᠷᠠᠭᠠᠯᠠᠯ ᠢ ᠬᠡᠷᠡᠭᠯᠡᠬᠦ ᠬᠡᠷᠡᠭᠲᠡᠶ᠄ ᠤᠷᠢᠬᠤ ᠲᠥᠰᠦᠯ - ᠤᠷᠢᠬᠤ ᠮᠡᠳᠡᠭᠡ ᠵᠠᠩᠭᠢ ᠨᠡᠶᠢᠲᠡᠯᠡᠬᠦ - ᠤᠷᠢᠭᠳᠠᠬᠤ | ᠬᠥᠮᠦᠰ ᠤᠨ ᠬᠢᠷᠢ ᠬᠡᠮ ᠤᠨ ᠨᠥᠬᠦᠴᠡᠯ - ᠰᠢᠯᠭᠠᠯᠲᠠ - ᠪᠡᠶ᠎ᠡ ᠶᠢᠨ ᠪᠠᠶᠢᠴᠠᠭᠠᠯᠲᠠ - ᠰᠢᠨᠵᠢᠯᠡᠨ ᠪᠠᠶᠢᠴᠠᠭᠠᠯᠲᠠ - | ᠤᠷᠢᠨ ᠬᠡᠷᠡᠭᠯᠡᠬᠦ ᠪᠠᠷ ᠪᠠᠶᠢᠭ᠎ᠠ ᠬᠥᠮᠦᠰ - ᠭᠡᠷ᠎ᠡ ᠲᠣᠭᠲᠠᠵᠤ᠂ ᠵᠢᠩᠬᠢᠨᠢ ᠪᠠᠷ ᠤᠷᠢᠨ ᠬᠡᠷᠡᠭᠯᠡᠬᠦ - ᠰᠢᠶᠠᠨ ᠤ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠳᠠᠩᠰᠠᠯᠠᠭᠤᠯᠵᠤ᠂ | ᠵᠠᠷᠯᠠᠨ ᠨᠡᠶᠢᠲᠡᠯᠡᠬᠦ ᠴᠠᠭ ᠨᠢ 5 ᠠᠵᠢᠯᠯᠠᠬᠤ ᠡᠳᠦᠷ ᠠᠴᠠ ᠳᠤᠲᠠᠭᠤ ᠪᠠᠶᠢᠵᠤ ᠪᠣᠯᠬᠤ ᠦᠭᠡᠢ᠃ ᠠᠩᠬ᠎ᠠ ᠤᠳᠠᠭ᠎ᠠ | ᠤᠷᠢᠵᠤ ᠬᠡᠷᠡᠭᠯᠡᠭᠰᠡᠨ ᠠᠵᠢᠯᠲᠠᠨ ᠳᠤ ᠲᠤᠷᠰᠢᠨ ᠬᠡᠷᠡᠭᠯᠡᠬᠦ ᠬᠤᠭᠤᠴᠠᠭᠠᠨ ᠤ ᠳᠦᠷᠢᠮ ᠢ ᠬᠡᠷᠡᠭᠵᠢᠭᠦᠯᠬᠦ ᠶᠢᠨ ᠬᠠᠮᠲᠤ | ᠵᠠᠶᠢᠯᠠᠭᠤᠯᠬᠤ ᠳᠦᠷᠢᠮ ᠢ ᠬᠡᠷᠡᠭᠵᠢᠭᠦᠯᠬᠦ ᠬᠡᠷᠡᠭᠲᠡᠶ᠃ | ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠬᠤᠷᠢᠶ᠎ᠠ ᠪᠠᠷ | ᠵᠥᠪᠰᠢᠶᠡᠷᠡᠭᠦᠯᠦᠭᠡᠳ᠂ ᠣᠷᠣᠭᠤᠯᠤᠨ ᠠᠪᠴᠢᠷᠠᠬᠤ ᠪᠠᠴᠢᠮ ᠬᠡᠷᠡᠭᠴᠡᠭᠡ ᠲᠠᠢ ᠳᠡᠭᠡᠳᠦ ᠲᠠᠰ ᠤᠨ ᠴᠢᠳᠠᠪᠤᠷᠢᠲᠠᠨ᠂ | ᠳᠡᠭᠡᠳᠦ ᠮᠡᠷᠭᠡᠵᠢᠯ ᠤᠨ ᠴᠢᠳᠠᠪᠤᠷᠢᠲᠠᠨ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠳᠤᠲᠠᠭᠳᠠᠵᠤ ᠪᠤᠢ︔ ᠵᠣᠬᠢᠶᠠᠨ | ᠪᠠᠶᠢᠭᠤᠯᠤᠯᠲᠠ ᠶᠢᠨ ᠬᠡᠷᠡᠭᠴᠡᠭᠡ ᠠᠴᠠ ᠪᠣᠯᠵᠣ ᠲᠣᠰ ᠰᠢᠶᠠᠨ ᠤ ᠠᠳᠠᠯᠢ ᠲᠥᠷᠥᠯ ᠤᠨ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠬᠤᠭᠤᠷᠣᠨᠳᠣ ᠰᠣᠯᠢᠯᠴᠠᠭ᠎ᠠ ᠬᠢᠭᠰᠡᠨ ᠬᠥᠮᠦᠰ︔ ᠨᠢᠭᠤᠴᠠ ᠳᠤ ᠬᠤᠯᠪᠣᠭᠳᠠᠬᠤ ᠠᠵᠢᠯ ᠤᠨ | ᠪᠠᠶᠢᠷᠢ ᠶᠢᠨ ᠬᠥᠮᠦᠰ ᠢ ᠰᠢᠯᠭᠠᠨ ᠬᠢᠨᠠᠬᠤ ᠵᠡᠷᠭᠡ ᠪᠤᠰᠤᠳ ᠠᠷᠭ᠎ᠠ ᠮᠠᠶ᠋ᠢᠭ ᠢᠶᠠᠷ ᠤᠷᠢᠵᠤ ᠪᠣᠯᠤᠨ᠎ᠠ᠄ | ᠠᠵᠤ ᠠᠬᠤᠶᠢᠯᠠᠯ ᠠᠵᠢᠯ ᠤᠨ ᠬᠡᠷᠡᠭᠴᠡᠭᠡ ᠠᠴᠠ ᠪᠣᠯᠵᠤ ᠬᠤᠯᠪᠣᠭᠳᠠᠯ ᠪᠦᠬᠦᠢ ᠵᠣᠬᠢᠶᠠᠨ ᠪᠠᠶᠢᠭᠤᠯᠤᠯᠲᠠ ᠠᠴᠠ | ᠲᠣᠮᠢᠯᠠᠭᠰᠠᠨ᠂ ᠲᠣᠮᠢᠯᠠᠭᠰᠠᠨ ᠠᠵᠢᠯᠲᠠᠨ᠂ ᠬᠠᠨᠳᠤᠯᠭ᠎ᠠ ᠲᠠᠢ ᠪᠠᠷ ᠡᠯᠰᠡᠭᠰᠡᠨ ᠴᠡᠷᠢᠭ ᠤᠨ ᠠᠯᠪᠠᠨ ᠠᠴᠠ ᠪᠠᠭᠤᠭᠰᠠᠳ | ᠵᠢᠴᠢ ᠨᠥᠬᠦᠴᠡᠯ ᠳᠤ ᠨᠡᠶᠢᠴᠡᠬᠦ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠵᠡᠷᠭᠡ ᠤᠯᠤᠰ ᠤᠨ | ᠲᠣᠭᠲᠠᠭᠠᠯ ᠳᠤ ᠨᠡᠶᠢᠴᠡᠭᠰᠡᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠥᠪᠬᠢᠨᠡᠭᠦᠯᠬᠦ ᠬᠥᠮᠦᠰ ᠢ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠶ᠃ | ᠠᠵᠤ ᠠᠬᠤᠶᠢᠯᠠᠯ ᠵᠣᠬᠢᠬᠤ ᠠᠵᠢᠯ ᠤᠨ ᠡᠭᠦᠷᠭᠡ ᠶᠢ ᠪᠡᠶᠡᠯᠡᠭᠦᠯᠬᠦ ᠪᠠᠷ ᠬᠤᠭᠤᠴᠠᠭ᠎ᠠ ᠬᠢᠵᠠᠭᠠᠷ ᠪᠣᠯᠭᠠᠭᠰᠠᠨ | ᠭᠡᠷ᠎ᠡ ᠶᠢᠨ ᠠᠵᠢᠯᠴᠢᠨ ᠬᠡᠷᠡᠭᠯᠡᠬᠦ᠂ ᠪᠦᠬᠦᠯᠢ ᠡᠳᠦᠷ ᠤᠨ ᠳᠦᠷᠢᠮᠲᠦ ᠪᠤᠰᠤ ᠠᠵᠢᠯᠴᠢᠨ ᠬᠡᠷᠡᠭᠯᠡᠬᠦ᠂ ᠬᠥᠳᠡᠯᠮᠦᠷᠢ | ᠦᠢᠯᠡᠴᠢᠯᠡᠭᠡ ᠲᠣᠮᠢᠯᠠᠬᠤ ᠠᠵᠢᠯᠲᠠᠨ᠂ ᠵᠢᠴᠢ ᠰᠢᠯᠵᠢᠮᠡᠯ ᠴᠢᠨᠠᠷ ᠢᠶᠠᠷ ᠨᠡᠯᠢᠶᠡᠳ ᠶᠡᠭᠡ᠂ ᠨᠠᠰᠤ ᠵᠢᠯ ᠪᠤᠶᠤ | ᠰᠤᠷᠤᠯᠭ᠎ᠠ ᠶᠢᠨ ᠨᠠᠮᠲᠠᠷ ᠤᠨ ᠱᠠᠭᠠᠷᠳᠠᠯᠭ᠎ᠠ ᠬᠠᠷᠢᠴᠠᠩᠭᠤᠢ ᠨᠡᠯᠢᠶᠡᠳ ᠳᠣᠣᠷ᠎ᠠ ᠦᠨᠳᠦᠰᠦᠨ ᠱᠠᠲᠤᠨ ᠤ | ᠦᠢᠯᠡᠴᠢᠯᠡᠭᠡᠨ ᠤ ᠴᠢᠨᠠᠷᠲᠠᠶ ᠠᠵᠢᠯ ᠤᠨ ᠪᠠᠶᠢᠷᠢ᠂ ᠨᠢᠭᠡᠳᠦᠭᠡᠷ ᠹᠷᠣᠨᠲ ᠤᠨ ᠠᠵᠢᠯᠯᠠᠬᠤ ᠪᠠᠶᠢᠷᠢ ᠶᠢᠨ ᠠᠵᠢᠯᠲᠠᠨ ᠢ | ᠡᠯᠰᠡᠨ ᠬᠡᠷᠡᠭᠯᠡᠵᠦ᠂ ᠠᠵᠢᠯ ᠤᠨ ᠪᠠᠶᠢᠷᠢ ᠶᠢᠨ ᠨᠠᠷᠢᠨ ᠬᠠᠭᠤᠳᠠᠰᠤ ᠪᠠ ᠠᠵᠢᠯᠲᠠᠨ ᠠᠵᠢᠯᠴᠢᠨ ᠤ ᠰᠠᠭᠤᠷᠢ ᠲᠤᠭ᠎ᠠ ᠶᠢ | ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠦᠨ | ᠳᠠᠩᠰᠠᠯᠠᠭᠤᠯᠤᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠡᠶ᠎ᠡ ᠪᠠᠨ ᠳᠠᠭᠠᠭᠠᠵᠤ ᠡᠯᠰᠡᠵᠦ | ᠪᠣᠯᠤᠨ᠎ᠠ᠂ ᠭᠡᠪᠡᠴᠦ ᠡᠷᠬᠡᠪᠰᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠭᠰᠠᠨ ᠲᠤᠭ᠎ᠠ ᠬᠡᠮᠵᠢᠶᠡᠨ ᠤ | ᠬᠢᠵᠠᠭᠠᠷᠯᠠᠬᠤ ᠬᠡᠪᠴᠢᠶᠡᠨ ᠳᠤ ᠠᠵᠢᠯᠴᠢᠨ ᠬᠡᠷᠡᠭᠯᠡᠬᠦ ᠬᠡᠷᠡᠭᠲᠡᠢ᠃ | ᠲᠠᠪᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠠᠮᠢᠶᠠᠷᠤᠯᠲᠠ ᠶᠢᠨ ᠡᠳᠦᠷ ᠲᠤᠲᠤᠮ ᠤᠨ | ᠵᠢᠯᠣᠭᠤᠳᠤᠯᠭ᠎ᠠ᠂ ᠬᠢᠨᠠᠯᠲᠠ ᠲᠠᠯᠪᠢᠯᠲᠠ | ᠠᠵᠤ ᠠᠬᠤᠶᠢᠯᠠᠯ ᠨᠢ ᠠᠵᠤ ᠠᠬᠤᠶᠢᠯᠠᠯ ᠤᠨ ᠳᠤᠲᠤᠬᠠᠳᠤ ᠶᠢᠨ ᠬᠠᠮᠢᠶᠠᠷᠤᠯᠲᠠ ᠶᠢᠨ ᠳᠦ᠋ᠷᠢᠮ ᠢ ᠬᠠᠤᠯᠢ | ᠶᠤᠰᠤᠬᠠᠷ ᠪᠠᠶᠢᠬᠤᠯᠬᠤ ᠪᠠ ᠲᠡᠭᠦᠯᠳᠡᠷᠵᠢᠭᠦᠯᠬᠦ ᠬᠡᠷᠡᠭᠲᠡᠶ᠃ ᠠᠵᠤ ᠠᠬᠤᠶᠢᠯᠠᠯ ᠨᠢ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠪᠣᠯᠪᠠᠰᠤᠷᠠᠭᠤᠯᠤᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠠᠵᠤ ᠠᠬᠤᠶᠢᠯᠠᠯ ᠨᠢ | ᠠᠵᠢᠯᠲᠠᠨ ᠠᠵᠢᠯᠴᠢᠨ ᠤ ᠳᠠᠩᠰᠠ ᠡᠪᠬᠡᠮᠡᠯ ᠤᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ | ᠰᠢᠶᠠᠨ ᠤ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠥᠳᠡᠯᠮᠦᠷᠢ ᠬᠦᠴᠦ ᠬᠡᠷᠡᠭᠯᠡᠬᠦ ᠳᠤ | ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠪᠣᠯᠤᠨ ᠰᠢᠶᠠᠨ ᠤ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠢᠨᠠᠯᠲᠠ ᠶᠢ ᠬᠦᠯᠢᠶᠡᠵᠦ᠂ ᠰᠢᠶᠠᠨ ᠤ ᠬᠠᠷᠢᠶ᠎ᠠ ᠪᠦᠬᠦᠢ | ᠤᠯᠤᠰ ᠤᠨ ᠥᠮᠴᠢᠯᠡᠯ ᠤᠨ ᠠᠵᠤ ᠠᠬᠤᠶᠢᠯᠠᠯ ᠨᠢ ᠬᠠᠷᠢᠶ᠎ᠠ ᠪᠦᠬᠦᠢ ᠠᠵᠤ ᠠᠬᠤᠶᠢᠯᠠᠯ ᠤᠨ ᠬᠥᠳᠡᠯᠮᠦᠷᠢ ᠶᠢᠨ | ᠠᠵᠢᠯᠴᠢᠨ ᠬᠡᠷᠡᠭᠯᠡᠬᠦ ᠬᠠᠮᠢᠶᠠᠷᠤᠯᠲᠠ ᠶᠢᠨ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ | ᠬᠠᠷᠢᠭᠤᠴᠠᠨ᠎ᠠ᠃ ᠲᠣᠰ ᠲᠣᠭᠲᠠᠭᠠᠯ ᠠᠴᠠ ᠵᠥᠷᠢᠴᠡᠨ ᠳᠤᠷ᠎ᠠ ᠪᠠᠷ ᠢᠶᠠᠨ ᠠᠵᠢᠯᠲᠠᠨ ᠤᠷᠢᠭᠰᠠᠨ ᠪᠠ ᠤᠷᠢᠬᠤ | ᠰᠠᠬᠢᠯᠭ᠎ᠠ ᠪᠠᠲᠤ ᠠᠴᠠ ᠵᠥᠷᠢᠴᠡᠭᠰᠡᠨ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠠᠵᠤ | ᠠᠬᠤᠶᠢᠯᠠᠯ ᠤᠨ ᠭᠤᠣᠯ ᠬᠠᠷᠢᠭᠤᠴᠠᠯᠭᠠᠲᠠᠨ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ | ᠨᠡᠬᠡᠮᠵᠢᠯᠡᠨ᠎ᠡ᠃ | ᠠᠵᠤ ᠠᠬᠤᠶᠢᠯᠠᠯ ᠤᠨ ᠡᠯᠰᠡᠨ ᠤᠷᠢᠬᠤ ᠠᠵᠢᠯ ᠤᠨ ᠤᠳᠤᠷᠢᠳᠬᠤ ᠳᠤᠭᠤᠶᠢᠯᠠᠩ ᠨᠢ ᠬᠢᠨᠠᠨ ᠬᠠᠮᠢᠶᠠᠷᠬᠤ | ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠠᠵᠤ ᠠᠬᠤᠶᠢᠯᠠᠯ ᠤᠨ ᠤᠷᠢᠨ ᠬᠡᠷᠡᠭᠯᠡᠬᠦ ᠶᠠᠪᠤᠴᠠ ᠳᠠᠬᠢ | ᠠᠵᠢᠯᠲᠠᠨ ᠤ ᠶᠠᠪᠤᠳᠠᠯ ᠤᠨ ᠰᠠᠬᠢᠯᠭ᠎ᠠ ᠪᠠᠲᠤ ᠵᠢᠴᠢ ᠲᠤᠰ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠬᠤᠷᠢᠭᠯᠠᠨ ᠵᠠᠯᠠᠷᠠᠭᠤᠯᠵᠤ᠂ ᠤᠷᠢᠨ ᠡᠯᠰᠡᠬᠦ ᠠᠵᠢᠯ ᠤᠨ ᠢᠯᠡ᠂ ᠡᠷᠬᠡ ᠲᠡᠭᠰᠢ᠂ ᠲᠥᠪ ᠭᠤᠤᠯᠴᠢ ᠪᠠᠶᠢᠬᠤ ᠶᠢ | ᠪᠠᠲᠤᠯᠠᠬᠤ ᠬᠡᠷᠡᠭᠲᠡᠶ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |