ᠪᠢᠯᠢᠭ ᠤᠨ ᠤᠯᠠᠷᠢᠯ ᠤᠨ ᠠᠷᠪᠠᠨ ᠰᠠᠷ᠎ᠠ ᠶᠢᠨ ᠰᠢᠨ᠎ᠡ ᠶᠢᠨ ᠨᠢᠭᠡᠨ ᠤ ︽ᠡᠪᠦᠯ ᠤᠨ ᠤᠯᠠᠷᠢᠯ ᠤᠨ ᠪᠠᠶᠠᠷ ᠤᠨ ᠡᠳᠦᠷ︾ | ᠤᠨ ᠬᠤᠭᠤᠴᠠᠭᠠᠨ ᠳᠠᠬᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠦᠨᠡᠨ ᠬᠦ ᠰᠠᠶᠢᠲᠤᠷ ᠬᠢᠬᠦ ᠶᠢᠨ | ᠲᠥᠯᠥᠭᠡ᠂ ᠪᠣᠯᠪᠠᠰᠤᠨ ᠲᠠᠬᠢᠯᠭ᠎ᠠ ᠶᠢᠨ ᠰᠢᠨ᠎ᠡ ᠬᠡᠪ ᠰᠤᠷᠲᠠᠯ ᠢ ᠢᠳᠡᠪᠬᠢᠲᠡᠶ ᠦᠢᠯᠡᠳᠦᠯᠭᠡᠵᠢᠭᠦᠯᠬᠦ ᠶᠢ ᠰᠠᠨᠠᠭᠠᠴᠢᠯᠠᠨ᠂ ︽ | ᠪᠣᠬᠢᠷᠲᠤᠯ ᠥᠬᠡᠶ ᠲᠠᠬᠢᠯᠭ᠎ᠠ᠂ ᠪᠣᠯᠪᠠᠰᠤᠨ ᠳᠠᠬᠢᠯᠭ᠎ᠠ︾ ᠶᠢᠨ ᠣᠶᠢᠯᠠᠭᠠᠭᠳᠠᠬᠤᠨ ᠢ ᠪᠣᠶ ᠪᠣᠯᠭᠠᠬᠤ ᠶᠢᠨ ᠲᠥᠯᠥᠭᠡ᠂ ᠴᠧᠩ | ᠭᠤᠸᠠᠨ ᠪᠠᠯᠭᠠᠰᠤ ︽ᠬᠦᠢᠲᠡᠨ ᠬᠤᠪᠴᠠᠰᠤᠨ ᠤ ᠪᠠᠶᠠᠷ︾ ᠤᠨ ᠬᠤᠭᠤᠴᠠᠭᠠᠨ ᠳᠠᠬᠢ ᠣᠶ ᠰᠢᠭᠤᠶ ᠨᠤᠲᠤᠭ ᠪᠡᠯᠴᠢᠭᠡᠷ ᠤᠨ | ᠭᠠᠯ ᠰᠡᠷᠭᠡᠶᠢᠯᠡᠬᠦ ᠪᠠ ᠪᠣᠯᠪᠠᠰᠤᠨ ᠲᠠᠬᠢᠯᠭ᠎ᠠ ᠶᠢᠨ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ | ᠬᠠᠷᠢᠶᠠᠲᠤ ᠣᠷᠣᠨ ᠤ ᠲᠠᠬᠢᠯᠭ᠎ᠠ ᠶᠢᠨ ᠠᠵᠢᠯᠯᠠᠭ᠎ᠠ ᠶᠢᠨ ᠪᠣᠯᠪᠠᠰᠤᠨ᠂ ᠠᠮᠤᠷ ᠲᠦᠪᠰᠢᠨ᠂ ᠡᠶ᠎ᠡ ᠵᠣᠬᠢᠴᠠᠩᠭᠤᠶ᠂ ᠡᠮᠬᠢ | ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠪᠠ᠃ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠶᠢ ᠭᠠᠯ ᠰᠡᠷᠭᠡᠶᠢᠯᠡᠬᠦ | ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠭᠠᠬᠤ ᠶᠢ ᠲᠣᠳᠣᠷᠬᠠᠶᠢᠯᠠᠵᠤ᠂ ᠡᠯ᠎ᠡ ᠲᠣᠰᠬᠤᠨ ᠢ ᠬᠡᠰᠡᠭ ᠬᠤᠪᠢᠶᠠᠨ ᠬᠡᠰᠡᠭ | ᠬᠤᠪᠢᠶᠠᠷᠢᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠱᠠᠭᠠᠷᠳᠠᠪᠠ᠃ ᠬᠠᠷᠢᠶᠠᠲᠤ ᠣᠷᠣᠨ ᠤ ᠭᠤᠤᠯᠳᠠᠯᠭ᠎ᠠ ᠲᠠᠢ | ᠵᠠᠮ ᠤᠨ ᠠᠭᠤᠯᠵᠠᠷ᠂ ᠵᠠᠩᠭᠢᠯᠠᠭ᠎ᠠ ᠶᠢᠨ ᠭᠠᠯ ᠰᠡᠷᠭᠡᠶᠢᠯᠡᠬᠦ ᠴᠡᠭ ᠲᠤ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠪᠣᠭᠤᠮᠲᠠ | ᠭᠠᠷᠭᠠᠵᠤ᠂ ᠬᠥᠮᠦᠨ ᠲᠣᠬᠢᠷᠠᠭᠤᠯᠤᠨ ᠵᠢᠵᠢᠭᠦᠷᠯᠡᠨ ᠰᠠᠬᠢᠵᠤ᠂ ᠨᠠᠰᠢ ᠴᠠᠰᠢ ᠥᠩᠭᠡᠷᠡᠬᠦ ᠬᠥᠮᠦᠰ ᠢ ᠳᠡᠩᠰᠡᠯᠡᠨ ᠲᠡᠮᠳᠡᠭᠯᠡᠵᠦ᠂ | ᠣᠶ ᠰᠢᠭᠤᠶ ᠬᠠᠮᠠᠭᠠᠯᠠᠭᠴᠢ ᠶᠢ ᠵᠣᠬᠢᠶᠠᠨ ᠪᠠᠶᠢᠭᠤᠯᠤᠨ ᠴᠢᠬᠤᠯᠠ ᠭᠠᠵᠠᠷ ᠤᠨ ᠬᠡᠰᠡᠭ᠂ ᠣᠷᠣᠨ ᠪᠦᠰᠡ ᠳᠤ ᠲᠠᠰᠤᠷᠠᠯᠲᠠ | ᠥᠬᠡᠶ ᠲᠣᠭᠤᠷᠢᠨ ᠪᠠᠶᠢᠴᠠᠭᠠᠯᠲᠠ ᠬᠢᠵᠦ᠂ ᠬᠤᠸᠠᠷ ᠫᠤᠤᠵᠢᠩ ᠲᠠᠯᠪᠢᠬᠤ᠂ ᠴᠠᠭᠠᠰᠤᠨ ᠵᠣᠭᠤᠰ ᠰᠢᠲᠠᠭᠠᠬᠤ ᠶᠢ ᠴᠢᠩᠭ᠎ᠠ | ᠴᠠᠭᠠᠵᠠᠯᠠᠵᠤ᠂ ᠡᠯ᠎ᠡ ᠵᠦᠢᠯ ᠤᠨ ᠠᠮᠤᠷ ᠲᠦᠪᠰᠢᠨ ᠤ ᠳᠠᠯᠳᠠ ᠬᠡᠮ ᠢ ᠡᠷᠡᠰ ᠬᠤᠷᠢᠭᠯᠠᠪᠠ᠃ | ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠭᠠᠯ ᠰᠡᠷᠭᠡᠶᠢᠯᠡᠬᠦ ᠦᠵᠡᠯ ᠤᠬᠠᠮᠰᠠᠷ ᠢ | ᠴᠢᠩᠭᠠᠷᠠᠭᠤᠯᠬᠤ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠤᠬᠠᠭᠤᠯᠭ᠎ᠠ ᠬᠥᠮᠦᠵᠢᠯ ᠢ | ᠰᠠᠶᠢᠲᠤᠷ ᠠᠳᠬᠤᠬᠤ ᠶᠢ ᠪᠠᠷᠢᠮᠲᠠᠯᠠᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢᠨ ᠥᠷᠲᠡᠭᠡ ᠶᠢᠨ ᠰᠠᠶᠢᠨ | ᠳᠤᠷᠠᠴᠤᠳ ᠢ ᠵᠣᠬᠢᠶᠠᠨ ᠪᠠᠶᠢᠭᠤᠯᠤᠨ ᠪᠣᠯᠪᠠᠰᠤᠨ ᠢᠶᠠᠷ ᠲᠠᠬᠢᠯᠭ᠎ᠠ ᠬᠢᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ | ᠬᠥᠨᠳᠡᠯᠡᠨ ᠪᠢᠴᠢᠭᠡᠰᠦ᠂ ᠸᠢᠴᠠᠲ ᠤᠨ ᠬᠤᠯᠪᠤᠭ᠎ᠠ ᠵᠡᠷᠭᠡ ᠬᠡᠯᠪᠡᠷᠢ ᠶᠢ ᠭᠦᠢᠴᠡᠳ ᠠᠰᠢᠭᠯᠠᠨ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢ ᠥᠷᠨᠢᠭᠦᠯᠵᠦ᠂ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠮᠡᠳᠡᠯᠭᠡ ᠪᠠ ᠪᠣᠯᠪᠠᠰᠤᠨ ᠲᠠᠬᠢᠯᠭ᠎ᠠ ᠶᠢᠨ ᠴᠢᠬᠤᠯᠠ ᠠᠴᠢ ᠬᠤᠯᠪᠣᠭᠳᠠᠯ ᠢ ᠥᠷᠭᠡᠨ ᠢᠶᠠᠷ | ᠤᠬᠠᠭᠤᠯᠵᠤ᠂ ᠣᠯᠠᠨ ᠲᠦᠮᠡᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠦᠵᠡᠯ ᠤᠬᠠᠮᠰᠠᠷ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠂ ︽ᠬᠥᠮᠦᠨ ᠪᠦᠬᠦᠨ ᠭᠠᠯ ᠰᠡᠷᠭᠡᠶᠢᠯᠡᠬᠦ᠂ ᠴᠠᠭ ᠢᠮᠠᠭᠲᠠ ᠭᠠᠯ ᠰᠡᠷᠭᠡᠶᠢᠯᠡᠬᠦ︾ ᠦᠵᠡᠯᠲᠡ ᠶᠢ | ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ︽ᠣᠶ ᠰᠢᠭᠤᠶ ᠶᠢᠨ ᠭᠠᠯ ᠰᠡᠷᠭᠡᠶᠢᠯᠡᠬᠦ᠂ ᠬᠥᠮᠦᠨ ᠪᠦᠬᠦᠨ | ᠬᠠᠷᠢᠭᠤᠴᠠᠯᠭ᠎ᠠ ᠲᠠᠢ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ | ᠲᠠᠷᠠᠭᠠᠴᠢ ᠶᠢᠨ ᠠᠯᠬᠤᠮ ᠳᠤ᠂ ᠴᠧᠩ ᠭᠤᠸᠠᠨ ᠪᠠᠯᠭᠠᠰᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ︽ᠠᠮᠤᠷ ᠲᠦᠪᠰᠢᠨ ᠤ ᠴᠢᠪᠬᠠᠳᠠᠰᠤ︾ ᠶᠢ ᠴᠠᠭ ᠢᠮᠠᠭᠲᠠ ᠴᠢᠩᠭᠠᠷᠠᠭᠤᠯᠵᠤ᠂ ︽ᠰᠡᠷᠭᠡᠶᠢᠯᠡᠬᠦ︾ ᠠᠵᠢᠯ ᠢ ᠦᠷᠭᠦᠯᠵᠢᠯᠡᠨ | ᠰᠠᠶᠢᠲᠤᠷ ᠬᠢᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠭᠠᠯ ᠤᠨ ᠡᠬᠢ ᠰᠤᠷᠪᠤᠯᠵᠢ ᠶᠢ | ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠂ ᠭᠠᠯ ᠰᠡᠷᠭᠡᠶᠢᠯᠡᠬᠦ ᠭᠠᠯ ᠤᠨᠲᠠᠷᠠᠭᠠᠬᠤ ᠤᠬᠠᠭᠤᠯᠭ᠎ᠠ ᠵᠢᠴᠢ ᠲᠣᠭᠤᠷᠢᠨ | ᠪᠠᠶᠢᠴᠠᠭᠠᠬᠤ ᠡᠷᠴᠢᠮ ᠢ ᠤᠯᠠᠮ ᠨᠢᠭᠡ ᠠᠯᠬᠤᠮ ᠴᠢᠩᠭᠠᠳᠬᠠᠵᠤ᠂ ᠣᠶ ᠰᠢᠭᠤᠶ ᠶᠢ ᠬᠠᠮᠠᠭᠠᠯᠠᠵᠤ ᠭᠠᠯ ᠰᠡᠷᠭᠡᠶᠢᠯᠡᠬᠦ ᠠᠵᠢᠯ ᠢ | ᠯᠠᠪᠳᠠᠭᠤᠨ ᠪᠠᠲᠤᠲᠠᠶ ᠥᠷᠨᠢᠭᠦᠯᠬᠦ ᠶᠢ ᠠᠬᠢᠭᠤᠯᠬᠤ ᠶᠢᠨ ᠬᠠᠮᠲᠤ ᠪᠣᠯᠪᠠᠰᠤᠨ ᠲᠠᠬᠢᠯᠭ᠎ᠠ ᠶᠢᠨ ᠤᠬᠠᠭᠤᠯᠭ᠎ᠠ᠂ ᠢᠳᠬᠠᠬᠤ | ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠬᠠᠭᠤᠴᠢᠨ | ᠵᠠᠩ ᠳᠠᠳᠬᠠᠯ ᠢ ᠨᠢ ᠲᠠᠶᠠᠭᠳᠠᠭᠤᠯᠵᠤ᠂ ᠬᠡᠪ ᠵᠠᠩᠰᠢᠯ ᠢ ᠥᠭᠡᠷᠡᠴᠢᠯᠡᠭᠰᠡᠨ ᠪᠣᠯᠪᠠᠰᠤᠨ ᠪᠣᠬᠢᠷᠲᠤᠯ ᠥᠬᠡᠶ ᠲᠠᠬᠢᠯᠭ᠎ᠠ ᠶᠢᠨ | ᠰᠢᠨ᠎ᠡ ᠬᠡᠪ ᠰᠤᠷᠲᠠᠯ ᠢ ᠪᠣᠶ ᠪᠣᠯᠭᠠᠨ᠎ᠠ᠃ | | ᠵᠤᠬᠢᠶᠠᠭᠴᠢ᠄ ᠴᠧᠩ ᠭᠤᠸᠠᠨ ᠪᠠᠯᠭᠠᠰᠤ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |