ᠯᠢ ᠺᠠᠢ ᠳ᠋ᠦᠩ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/11/7
     11 ᠰᠠᠷ᠎ᠠ ᠶᠢᠨ 1 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠡᠷᠳᠡᠨᠢ ᠪᠠᠯᠭᠠᠰᠤ᠂ ᠴᠧᠩ ᠭᠤᠸᠠᠨ ᠪᠠᠯᠭᠠᠰᠤᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠼᠠᠢ ᠴᠢᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠬᠥᠩ ᠰᠢᠤ ᠯᠦᠩ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠾᠧᠦ ᡁᠢ ᠶᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     ᠯᠢ ᠺᠠᠶ ᠳ᠋ᠦᠩ ᠨᠡᠷ ᠤᠷᠢᠳ ᠬᠤᠵᠢᠳ ᠡᠷᠳᠡᠨᠢ ᠪᠠᠯᠭᠠᠰᠤ ᠶᠢᠨ ᠳ᠋ᠢᠶᠠᠨ ᠽᠢ ᠲᠣᠰᠬᠤᠨ᠂ ᠴᠧᠩ ᠭᠤᠸᠠᠨ ᠪᠠᠯᠭᠠᠰᠤ ᠶᠢᠨ ᠰᠢ ᠭᠤᠸᠠᠨ ᠼᠦᠨ ᠲᠣᠰᠬᠤᠨ ᠤ ᠲᠣᠰᠬᠤᠨ ᠤ ᠵᠥᠪᠯᠡᠯ ᠳᠤ ᠬᠦᠷᠴᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠭᠰᠡᠨ ᠤ ᠳᠠᠷᠠᠭᠠᠬᠢ ᠦᠨᠡᠯᠡᠨ ᠵᠢᠱᠢᠭᠰᠡᠨ ᠲᠠᠩᠰᠠ ᠡᠪᠬᠡᠮᠡᠯ ᠤᠨ ᠮᠠᠲ᠋ᠧᠷᠢᠶᠠᠯ ᠢ ᠨᠠᠷᠢᠨ ᠪᠠᠶᠢᠴᠠᠭᠠᠨ ᠦᠵᠡᠭᠰᠡᠨ ᠪᠥᠭᠡᠳ ᠪᠠᠯᠭᠠᠰᠤ᠂ ᠲᠣᠰᠬᠤᠨ ᠬᠤᠶᠠᠷ ᠱᠠᠲᠤᠨ ᠤ ᠺᠠᠳ᠋ᠷ ᠲᠠᠢ ᠬᠢᠨᠠᠨ ᠬᠡᠮᠵᠢᠵᠦ ᠬᠠᠪᠰᠤᠷᠤᠨ ᠲᠡᠳᠬᠦᠬᠦ᠂ ᠠᠵᠢᠯ ᠣᠯᠭᠤᠵᠤ ᠣᠷᠣᠯᠭ᠎ᠠ ᠪᠠᠨ ᠨᠡᠮᠡᠭᠳᠡᠭᠦᠯᠬᠦ᠂ ᠠᠮᠢᠳᠤᠷᠠᠯ ᠤᠨ ᠪᠠᠲᠤᠯᠠᠭ᠎ᠠ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ᠂ ᠬᠥᠳᠡᠭᠡ ᠲᠣᠰᠬᠤᠨ ᠤ ᠤᠰᠤᠨ ᠵᠣᠷᠯᠣᠩ ᠢ ᠥᠭᠡᠷᠡᠴᠢᠯᠡᠬᠦ ᠵᠡᠷᠭᠡ ᠠᠵᠢᠯ ᠤᠨ ᠲᠤᠬᠠᠶ ᠨᠠᠷᠢᠨ ᠨᠢᠭᠲᠠ ᠰᠣᠯᠢᠯᠴᠠᠭ᠎ᠠ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠣᠶᠢᠯᠠᠭᠠᠪᠠ᠃ ᠳᠠᠷᠠᠭ᠎ᠠ ᠨᠢ ᠡᠷᠦᠬᠡ ᠳᠤ ᠣᠷᠣᠵᠤ ᠰᠤᠷᠪᠤᠯᠵᠢᠯᠠᠬᠤ ᠳᠤᠮᠳᠠ᠂ ᠯᠢ ᠺᠠᠶ ᠳ᠋ᠦᠩ ᠨᠡᠷ ᠲᠠᠷᠢᠶᠠᠴᠢᠨ ᠡᠷᠦᠬᠡ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠬᠡᠷ ᠪᠦᠯᠢ ᠶᠢᠨ ᠪᠠᠶᠢᠳᠠᠯ᠂ ᠠᠵᠤ ᠠᠬᠤᠶ ᠶᠢᠨ ᠣᠷᠣᠯᠭ᠎ᠠ ᠪᠣᠯᠤᠨ ᠡᠯ᠎ᠡ ᠵᠦᠢᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠲᠠᠷᠢᠶᠠᠴᠢᠨ ᠡᠷᠦᠬᠡ ᠶᠢᠨ ᠬᠡᠷ ᠤᠨ ᠳᠤᠯᠠᠭᠠᠯᠠᠭ᠎ᠠ ᠶᠢᠨ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠪᠡ᠃     ᠯᠢ ᠺᠠᠶ ᠳ᠋ᠦᠩ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠶ᠋ᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠢᠶᠠᠩ᠂ ᠲᠣᠰᠬᠤᠨ᠂ ᠡᠷᠦᠬᠡ ᠶᠢᠨ ᠲᠠᠩᠰᠠ ᠡᠪᠬᠡᠮᠡᠯ ᠤᠨ ᠮᠠᠲ᠋ᠧᠷᠢᠶᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠮᠬᠢ ᠵᠢᠷᠤᠮ ᠲᠠᠢ ᠡᠮᠬᠢᠯᠡᠵᠦ᠂ ᠨᠠᠷᠢᠨ ᠨᠢᠮᠪᠠᠶ ᠲᠥᠷᠥᠯ ᠬᠤᠪᠢᠶᠠᠵᠤ᠂ ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ᠃ ᠡᠷᠦᠬᠡ ᠳᠤ ᠣᠷᠣᠵᠤ ᠰᠤᠷᠪᠤᠯᠵᠢᠯᠠᠬᠤ ᠡᠷᠴᠢᠮ ᠢᠶᠠᠨ ᠴᠢᠩᠭᠠᠷᠠᠭᠤᠯᠵᠤ᠂ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠵᠢᠴᠢ ᠲᠠᠷᠢᠶᠠᠴᠢᠨ ᠡᠷᠦᠬᠡ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠢᠳᠡᠪᠬᠢᠲᠡᠶ ᠤᠬᠠᠭᠤᠯᠵᠤ᠂ ᠡᠷᠦᠬᠡ ᠳᠤ ᠬᠦᠷᠴᠦ ᠰᠤᠷᠪᠤᠯᠵᠢᠯᠠᠬᠤ ᠪᠣᠳᠠᠲᠤ ᠦᠷ᠎ᠡ ᠪᠦᠲᠦᠮᠵᠢ ᠳᠤ ᠬᠦᠷᠬᠦ ᠶᠢ ᠦᠨᠡᠨᠬᠦ ᠪᠠᠲᠤᠯᠠᠬᠤ ᠬᠡᠷᠡᠭᠲᠡᠶ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠢᠮᠠᠭᠲᠠ ᠠᠵᠢᠯ ᠤᠨ ᠵᠣᠷᠢᠯᠲᠠ ᠪᠠ ᠲᠤᠰᠤᠯᠲᠠ ᠪᠣᠯᠭᠠᠵᠤ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ᠂ ᠵᠣᠷᠯᠣᠩ ᠤᠨ ᠥᠭᠡᠷᠡᠴᠢᠯᠡᠯᠲᠡ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠰᠠᠶᠢᠲᠤᠷ ᠰᠢᠢᠳᠪᠦᠷᠢᠯᠡᠵᠦ᠂ ᠬᠥᠳᠡᠭᠡ ᠲᠣᠰᠬᠤᠨ ᠤ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠤᠨᠴᠠᠯᠢᠬᠳᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠢ ᠰᠢᠯᠢᠳᠡᠭᠵᠢᠭᠦᠯᠦᠨ ᠪᠤᠵᠠᠭᠠᠶᠢᠷᠠᠭᠤᠯᠵᠤ᠂ ᠠᠵᠤ ᠦᠢᠯᠡᠰ ᠤᠨ ᠬᠥᠭᠵᠢᠯᠲᠡ ᠪᠠᠷ ᠬᠥᠳᠡᠭᠡ ᠲᠣᠰᠬᠤᠨ ᠤ ᠬᠥᠭᠵᠢᠯ ᠴᠡᠴᠡᠭᠯᠡᠯ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠰᠢᠨ᠎ᠡ ᠳᠡᠭᠲᠡᠷ ᠲᠤ ᠭᠠᠷᠭᠠᠬᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠰᠢᠨ᠎ᠡ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3