ᠰᠢᠩ ᠾᠧ ᠰᠢᠶᠠᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/11/7
    1. ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠣ ᠰᠡᠯᠭᠦᠨ ᠮᠠᠯᠵᠢᠬᠤ ᠠᠵᠢᠯ ᠢ ᠥᠷᠨᠢᠭᠦᠯᠬᠦ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠤᠨ ᠦᠨᠳᠦᠰᠦᠯᠡᠯ ᠳᠤ ᠶᠠᠭᠤ ᠶᠠᠭᠤ ᠪᠠᠶᠢᠬᠤ ᠪᠤᠢ︖      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠭᠦᠨ ᠮᠠᠯᠵᠢᠬᠤ ᠳᠦᠷᠢᠮ︾ ︵2021 ᠣᠨ ᠤ 7 ᠳ᠋ᠤᠭᠠᠷ ᠰᠠᠷ᠎ᠠ ᠶᠢᠨ 29 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠳᠣᠯᠣᠳᠤᠭᠠᠷ ᠬᠤᠷᠠᠯᠳᠤᠭᠠᠨ ᠠᠴᠠ ᠶᠠᠷᠢᠯᠴᠠᠨ ᠪᠠᠲᠤᠯᠠᠭᠰᠠᠨ ᠪᠠᠶᠢᠪᠠᠯ᠂ 2021 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ ︵ᠲᠦᠷ ᠬᠡᠷᠡᠭᠵᠢᠭᠦᠯᠬᠦ︶︾      2. ᠶᠠᠭᠤᠨ ᠳᠤ ︽ᠲᠦᠷᠢᠮ︾ ᠢ ᠨᠡᠶᠢᠲᠡᠯᠡᠭᠰᠡᠨ ᠪᠤᠢ︖      ᠨᠤᠲᠤᠭ ᠪᠡᠯᠴᠢᠭᠡᠷ ᠪᠣᠯ ᠮᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠶᠡᠭᠡ ᠡᠬᠡ ᠬᠠᠭᠤᠷᠠᠶ ᠶᠢᠨ ᠠᠮᠢ ᠠᠬᠤᠶ ᠶᠢᠨ ᠰᠢᠰᠲ᠋ᠧᠮ ᠪᠠ ᠪᠠᠶᠢᠭᠠᠯᠢ ᠶᠢᠨ ᠡᠬᠢ ᠪᠠᠶᠠᠯᠢᠭ ᠮᠥᠨ᠂ ᠪᠠᠰᠠ ᠴᠤ ᠮᠠᠯ ᠠᠵᠤ ᠠᠬᠤᠶ ᠶᠢᠨ ᠬᠥᠭᠵᠢᠯᠲᠡ ᠶᠢᠨ ᠴᠢᠬᠤᠯᠠ ᠪᠣᠳᠠᠰ ᠤᠨ ᠰᠠᠭᠤᠷᠢ᠂ ᠮᠠᠯᠴᠢᠳ ᠤᠨ ᠣᠷᠣᠰᠢᠨ ᠠᠮᠢᠳᠤᠷᠠᠬᠤ ᠦᠨᠳᠦᠰᠦᠨ ᠦᠢᠯᠡᠳᠪᠦᠷᠢᠯᠡᠯ ᠤᠨ ᠬᠡᠷᠡᠭᠰᠡᠯ ᠮᠥᠨ᠃ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠨᠢ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ᠂ ᠲᠠᠷᠢᠶᠠᠯᠠᠩ ᠮᠠᠯ ᠠᠵᠤ ᠠᠬᠤᠶ ᠶᠢᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠨᠤᠲᠤᠭ ᠪᠡᠯᠴᠢᠭᠡᠷ᠂ ᠤᠢ ᠰᠢᠭᠤᠢ ᠶᠢ ᠬᠠᠮᠠᠭᠠᠯᠠᠬᠤ ᠪᠣᠯ ᠥᠪᠥᠷ ᠮᠣᠩᠭᠤᠯ ᠤᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠲᠡᠷᠢᠭᠦᠨ ᠴᠢᠬᠤᠯᠠ ᠡᠭᠦᠷᠭᠡ ᠮᠥᠨ︔ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠪᠣᠯᠤᠨ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃      ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤᠷᠢᠳ ᠬᠤᠵᠢᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ᠵᠡᠷᠭᠡ ᠠᠯᠢ ᠣᠯᠠᠨ ᠲᠣᠭᠲᠠᠭᠠᠯ ᠭᠠᠷᠭᠠᠵᠤ᠂ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠭᠦᠨ ᠮᠠᠯᠵᠢᠬᠤ ᠳᠦᠷᠢᠮ ᠢ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠠᠵᠢᠯ ᠢᠳᠡᠪᠬᠢᠲᠡᠶ ᠦᠷ᠎ᠡ ᠪᠦᠲᠦᠭᠡᠯ ᠣᠯᠪᠠ᠃ ᠭᠡᠪᠡᠴᠦ ᠮᠠᠨ ᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠠᠭᠠᠯᠳᠤᠨ᠂ ᠨᠤᠲᠤᠭ ᠪᠡᠯᠴᠢᠭᠡᠷ ᠤᠨ ᠳᠠᠭᠠᠭᠠᠴᠠ ᠲᠠᠰᠤᠷᠠᠯᠲᠠ ᠤᠢᠭᠡᠢ ᠨᠡᠮᠡᠭᠳᠡᠵᠦ᠂ ᠨᠤᠲᠤᠭ ᠪᠡᠯᠴᠢᠭᠡᠷ ᠤᠨ ᠳᠠᠭᠠᠭᠠᠴᠠ ᠦᠷᠭᠦᠯᠵᠢᠯᠡᠨ ᠨᠡᠮᠡᠭᠳᠡᠵᠦ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠨᠢ ᠨᠤᠲᠤᠭ ᠪᠡᠯᠴᠢᠭᠡᠷ ᠢ ᠵᠦᠢ ᠵᠣᠬᠢᠰᠲᠠᠶ ᠠᠰᠢᠭᠯᠠᠬᠤ ᠠᠰᠠᠭᠤᠳᠠᠯ ᠬᠠᠷᠠᠬᠠᠨ ᠦᠨᠳᠦᠰᠦᠨ ᠠᠴᠠ ᠨᠢ ᠰᠢᠢᠳᠪᠦᠷᠢᠯᠡᠭᠡᠳᠦᠢ ᠪᠠᠶᠢᠵᠤ᠂ ᠬᠠᠤᠯᠢ ᠪᠠᠷ ᠵᠠᠰᠠᠬᠤ ᠠᠷᠭ᠎ᠠ ᠪᠠᠷᠢᠯ ᠢᠶᠠᠷ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠦᠷᠭᠦᠯᠵᠢᠯᠡᠨ ᠬᠥᠭᠵᠢᠬᠦ ᠶᠢ ᠲᠦᠯᠬᠢᠨ ᠠᠬᠢᠭᠤᠯᠬᠤ ᠶᠠᠪᠤᠳᠠᠯ ᠲᠤᠯᠭᠠᠮ᠎ᠠ ᠪᠣᠯᠣᠭᠠᠳ ᠪᠠᠶᠢᠨ᠎ᠠ᠃      3. ᠤᠯᠠᠭᠠᠨᠴᠠᠪ ᠬᠤᠲᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠬᠡᠷᠡᠭᠵᠢᠭᠦᠯᠬᠦ ᠬᠡᠪᠴᠢᠶ᠎ᠡ ᠨᠢ ᠶᠠᠮᠠᠷ ᠭᠠᠵᠠᠷ ᠲᠤ ᠬᠤᠯᠪᠣᠭᠳᠠᠬᠤ ᠪᠣᠶ︖      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠭᠦᠨ ᠮᠠᠯᠵᠢᠬᠤ ᠳᠦᠷᠢᠮ ᠳᠤ ᠲᠣᠳᠣᠷᠬᠠᠶ ᠲᠣᠭᠲᠠᠭᠠᠭᠰᠠᠨ ᠨᠢ᠂ ︽ᠳᠦᠷᠢᠮ︾ ᠳᠤ ᠬᠡᠯᠡᠵᠦ ᠪᠠᠶᠢᠭ᠎ᠠ ᠪᠡᠯᠴᠢᠭᠡᠷᠯᠡᠭᠦᠯᠬᠦ ᠶᠢ ᠴᠠᠭᠠᠵᠠᠯᠠᠬᠤ ᠭᠡᠳᠡᠭ ᠨᠢ ᠨᠤᠲᠤᠭ ᠪᠡᠯᠴᠢᠭᠡᠷ ᠲᠤ ᠨᠢᠭᠡ ᠵᠢᠯ ᠠᠴᠠ ᠳᠡᠭᠡᠭᠰᠢ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠵᠢᠭᠠᠵᠤ ᠪᠤᠶ᠃ ᠳᠣᠤᠷ᠎ᠠ ᠵᠢᠭᠰᠠᠭᠠᠭᠰᠠᠨ ᠨᠤᠲᠤᠭ ᠪᠡᠯᠴᠢᠭᠡᠷ ᠢ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢᠶᠠᠷ ᠢᠯᠭᠠᠨ ᠲᠣᠭᠲᠠᠭᠠᠬᠤ ᠬᠡᠷᠡᠭᠲᠡᠶ᠄ ︵ᠨᠢᠭᠡ︶ ᠬᠦᠨᠳᠦ ᠮᠠᠭᠤᠵᠢᠷᠠᠭᠰᠠᠨ᠂ ᠡᠯᠡᠰᠦᠷᠬᠡᠭᠵᠢᠭᠰᠡᠨ ᠨᠤᠲᠤᠭ ᠪᠡᠯᠴᠢᠭᠡᠷ︔ ︵ᠬᠤᠶᠠᠷ︶ ᠮᠠᠯ ᠬᠠᠷᠢᠭᠤᠯᠵᠤ ᠠᠰᠢᠭᠯᠠᠬᠤ ᠳᠤ ᠲᠣᠬᠢᠷᠠᠬᠤ ᠦᠭᠡᠶ ᠳᠤᠮᠳᠠ ᠵᠡᠷᠭᠡ ᠶᠢᠨ ᠮᠠᠭᠤᠵᠢᠷᠠᠭᠰᠠᠨ᠂ ᠡᠯᠡᠰᠦᠷᠬᠡᠭᠵᠢᠭᠰᠡᠨ ᠨᠤᠲᠤᠭ ᠪᠡᠯᠴᠢᠭᠡᠷ︔ ︵ᠭᠤᠷᠪᠠ︶ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠴᠢᠬᠤᠯᠠ ᠨᠤᠭᠤ ᠭᠠᠵᠠᠷ ᠤᠨ ᠨᠤᠲᠤᠭ ᠪᠡᠯᠴᠢᠭᠡᠷ︔ ︵ᠳᠥᠷᠪᠡ︶ ᠪᠤᠰᠤᠳ ᠪᠡᠯᠴᠢᠭᠡᠷᠯᠡᠭᠦᠯᠬᠦ ᠶᠢ ᠴᠠᠭᠠᠵᠠᠯᠠᠬᠤ ᠴᠢᠬᠤᠯᠠ ᠲᠠᠢ ᠨᠤᠲᠤᠭ ᠪᠡᠯᠴᠢᠭᠡᠷ ᠃ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠨᠢᠯᠬ᠎ᠠ ᠣᠶ ᠶᠢᠨ ᠭᠠᠵᠠᠷ᠂ ᠣᠶ ᠰᠢᠭᠤᠶ ᠶᠢᠨ ᠢᠨᠵᠧᠨᠧᠷᠢᠩ ᠤᠨ ᠲᠥᠷᠥᠯ ᠵᠦᠢᠯ ᠤᠨ ᠣᠷᠣᠨ ᠢ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢᠶᠠᠷ ᠢᠯᠭᠠᠨ ᠲᠣᠭᠲᠠᠭᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠪᠥᠬᠦ ᠲᠠᠯ᠎ᠠ ᠪᠠᠷ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠬᠡᠷᠡᠭᠵᠢᠭᠦᠯᠵᠦ᠂ ᠤᠯᠠᠭᠠᠨᠴᠠᠪ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠪᠦᠬᠦᠨ ᠳᠤ ᠬᠤᠯᠪᠣᠭᠳᠠᠨ᠎ᠠ︔ ᠡᠭᠦᠨ ᠤ ᠬᠠᠮᠲᠤ ᠠᠷᠪᠠᠨ ᠬᠤᠶᠠᠳᠤᠭᠠᠷ ᠵᠦᠢᠯ ᠳᠤ ᠲᠣᠳᠣᠷᠬᠠᠶ ᠲᠣᠭᠲᠠᠭᠠᠭᠠᠳ᠂ ᠤᠷᠭᠤᠮᠠᠯ ᠤᠨ ᠬᠤᠴᠢᠯᠭ᠎ᠠ ᠶᠢ ᠪᠦᠲᠦᠮᠵᠢᠲᠡᠶ ᠪᠠᠷ ᠰᠡᠷᠭᠦᠭᠡᠭᠰᠡᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠨᠤᠲᠤᠭ ᠪᠡᠯᠴᠢᠭᠡᠷ ᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠪᠣᠯᠭᠠᠨ ᠳᠣᠭᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠪᠡᠯᠴᠢᠭᠡᠷᠯᠡᠭᠦᠯᠦᠨ ᠠᠰᠢᠭᠯᠠᠵᠤ ᠪᠣᠯᠤᠨ᠎ᠠ᠃ ᠪᠣᠳᠠᠲᠠᠶ ᠲᠣᠬᠢᠷᠠᠭᠤᠯᠬᠤ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃      ᠤᠯᠠᠭᠠᠨᠴᠠᠪ ᠬᠤᠲᠠ ᠳᠤ ᠳᠥᠷᠪᠡᠳ ᠬᠤᠰᠢᠭᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠡᠰᠡᠭ ᠣᠷᠣᠨ ᠪᠦᠰᠡ ᠶᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠢᠶᠠᠷ ᠬᠤᠪᠢᠶᠠᠷᠢᠯᠠᠨ ᠲᠣᠭᠲᠠᠭᠠᠬᠤ ᠠᠴᠠ ᠭᠠᠳᠠᠨ᠎ᠠ᠂ ᠪᠤᠰᠤᠳ ᠪᠠᠶᠢᠭᠠᠯᠢ ᠶᠢᠨ ᠨᠤᠲᠤᠭ ᠪᠡᠯᠴᠢᠭᠡᠷ ᠢ ᠴᠥᠮ ᠪᠡᠯᠴᠢᠭᠡᠷᠯᠡᠭᠦᠯᠬᠦ ᠶᠢ ᠴᠠᠭᠠᠵᠠᠯᠠᠬᠤ ᠶᠣᠰᠣᠭᠠᠷ ᠬᠠᠮᠢᠶᠠᠷᠤᠨ᠎ᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3