1. ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠣ ᠰᠡᠯᠭᠦᠨ | ᠮᠠᠯᠵᠢᠬᠤ ᠠᠵᠢᠯ ᠢ ᠥᠷᠨᠢᠭᠦᠯᠬᠦ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠤᠨ ᠦᠨᠳᠦᠰᠦᠯᠡᠯ ᠳᠤ ᠶᠠᠭᠤ ᠶᠠᠭᠤ | ᠪᠠᠶᠢᠬᠤ ᠪᠤᠢ︖ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ | ᠪᠠ ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠭᠦᠨ ᠮᠠᠯᠵᠢᠬᠤ ᠳᠦᠷᠢᠮ︾ ︵2021 ᠣᠨ ᠤ 7 ᠳ᠋ᠤᠭᠠᠷ ᠰᠠᠷ᠎ᠠ ᠶᠢᠨ | 29 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠳᠣᠯᠣᠳᠤᠭᠠᠷ | ᠬᠤᠷᠠᠯᠳᠤᠭᠠᠨ ᠠᠴᠠ ᠶᠠᠷᠢᠯᠴᠠᠨ ᠪᠠᠲᠤᠯᠠᠭᠰᠠᠨ ᠪᠠᠶᠢᠪᠠᠯ᠂ 2021 ᠣᠨ ᠤ 10 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠠᠯᠠ ᠮᠥᠩᠭᠦ ᠶᠢᠨ | ᠬᠠᠮᠢᠶᠠᠷᠤᠯᠲᠠ ᠶᠢᠨ ᠠᠷᠭ᠎ᠠ ︵ᠲᠦᠷ ᠬᠡᠷᠡᠭᠵᠢᠭᠦᠯᠬᠦ︶︾ | 2. ᠶᠠᠭᠤᠨ ᠳᠤ ︽ᠲᠦᠷᠢᠮ︾ ᠢ ᠨᠡᠶᠢᠲᠡᠯᠡᠭᠰᠡᠨ ᠪᠤᠢ︖ | ᠨᠤᠲᠤᠭ ᠪᠡᠯᠴᠢᠭᠡᠷ ᠪᠣᠯ ᠮᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠶᠡᠭᠡ | ᠡᠬᠡ ᠬᠠᠭᠤᠷᠠᠶ ᠶᠢᠨ ᠠᠮᠢ ᠠᠬᠤᠶ ᠶᠢᠨ ᠰᠢᠰᠲ᠋ᠧᠮ ᠪᠠ ᠪᠠᠶᠢᠭᠠᠯᠢ ᠶᠢᠨ ᠡᠬᠢ ᠪᠠᠶᠠᠯᠢᠭ ᠮᠥᠨ᠂ ᠪᠠᠰᠠ ᠴᠤ ᠮᠠᠯ ᠠᠵᠤ | ᠠᠬᠤᠶ ᠶᠢᠨ ᠬᠥᠭᠵᠢᠯᠲᠡ ᠶᠢᠨ ᠴᠢᠬᠤᠯᠠ ᠪᠣᠳᠠᠰ ᠤᠨ ᠰᠠᠭᠤᠷᠢ᠂ ᠮᠠᠯᠴᠢᠳ ᠤᠨ ᠣᠷᠣᠰᠢᠨ ᠠᠮᠢᠳᠤᠷᠠᠬᠤ ᠦᠨᠳᠦᠰᠦᠨ | ᠦᠢᠯᠡᠳᠪᠦᠷᠢᠯᠡᠯ ᠤᠨ ᠬᠡᠷᠡᠭᠰᠡᠯ ᠮᠥᠨ᠃ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠨᠢ ᠤᠯᠤᠰ ᠤᠨ ᠠᠮᠢ | ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ᠂ ᠲᠠᠷᠢᠶᠠᠯᠠᠩ ᠮᠠᠯ ᠠᠵᠤ ᠠᠬᠤᠶ ᠶᠢᠨ ᠪᠣᠬᠢᠷᠲᠤᠯ ᠥᠬᠡᠶ | ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠥᠪᠥᠷ | ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠨᠤᠲᠤᠭ ᠪᠡᠯᠴᠢᠭᠡᠷ᠂ | ᠤᠢ ᠰᠢᠭᠤᠢ ᠶᠢ ᠬᠠᠮᠠᠭᠠᠯᠠᠬᠤ ᠪᠣᠯ ᠥᠪᠥᠷ ᠮᠣᠩᠭᠤᠯ ᠤᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠲᠡᠷᠢᠭᠦᠨ | ᠴᠢᠬᠤᠯᠠ ᠡᠭᠦᠷᠭᠡ ᠮᠥᠨ︔ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ | ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠶᠢ ᠬᠠᠮᠠᠭᠠᠯᠠᠨ | ᠰᠡᠷᠭᠦᠭᠡᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ | ᠴᠢᠩᠭᠠᠷᠠᠭᠤᠯᠵᠤ᠂ ᠠᠮᠢ ᠠᠬᠤᠢ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠪᠣᠯᠤᠨ ᠦᠷᠭᠦᠯᠵᠢᠯᠡᠬᠦ ᠴᠢᠨᠠᠷ ᠢ | ᠳᠡᠭᠡᠭᠰᠢᠯᠡᠭᠦᠯᠬᠦ ᠬᠡᠷᠡᠭᠲᠡᠢ᠃ | ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠤᠷᠢᠳ ᠬᠤᠵᠢᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ | ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ᠵᠡᠷᠭᠡ ᠠᠯᠢ ᠣᠯᠠᠨ | ᠲᠣᠭᠲᠠᠭᠠᠯ ᠭᠠᠷᠭᠠᠵᠤ᠂ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠨ | ᠰᠡᠯᠭᠦᠨ ᠮᠠᠯᠵᠢᠬᠤ ᠳᠦᠷᠢᠮ ᠢ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠠᠵᠢᠯ | ᠢᠳᠡᠪᠬᠢᠲᠡᠶ ᠦᠷ᠎ᠡ ᠪᠦᠲᠦᠭᠡᠯ ᠣᠯᠪᠠ᠃ ᠭᠡᠪᠡᠴᠦ ᠮᠠᠨ ᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ | ᠳᠠᠭᠠᠯᠳᠤᠨ᠂ ᠨᠤᠲᠤᠭ ᠪᠡᠯᠴᠢᠭᠡᠷ ᠤᠨ ᠳᠠᠭᠠᠭᠠᠴᠠ ᠲᠠᠰᠤᠷᠠᠯᠲᠠ ᠤᠢᠭᠡᠢ ᠨᠡᠮᠡᠭᠳᠡᠵᠦ᠂ ᠨᠤᠲᠤᠭ ᠪᠡᠯᠴᠢᠭᠡᠷ ᠤᠨ | ᠳᠠᠭᠠᠭᠠᠴᠠ ᠦᠷᠭᠦᠯᠵᠢᠯᠡᠨ ᠨᠡᠮᠡᠭᠳᠡᠵᠦ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠨᠢ ᠨᠤᠲᠤᠭ ᠪᠡᠯᠴᠢᠭᠡᠷ ᠢ ᠵᠦᠢ | ᠵᠣᠬᠢᠰᠲᠠᠶ ᠠᠰᠢᠭᠯᠠᠬᠤ ᠠᠰᠠᠭᠤᠳᠠᠯ ᠬᠠᠷᠠᠬᠠᠨ ᠦᠨᠳᠦᠰᠦᠨ ᠠᠴᠠ ᠨᠢ ᠰᠢᠢᠳᠪᠦᠷᠢᠯᠡᠭᠡᠳᠦᠢ ᠪᠠᠶᠢᠵᠤ᠂ ᠬᠠᠤᠯᠢ ᠪᠠᠷ | ᠵᠠᠰᠠᠬᠤ ᠠᠷᠭ᠎ᠠ ᠪᠠᠷᠢᠯ ᠢᠶᠠᠷ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠦᠷᠭᠦᠯᠵᠢᠯᠡᠨ ᠬᠥᠭᠵᠢᠬᠦ ᠶᠢ ᠲᠦᠯᠬᠢᠨ | ᠠᠬᠢᠭᠤᠯᠬᠤ ᠶᠠᠪᠤᠳᠠᠯ ᠲᠤᠯᠭᠠᠮ᠎ᠠ ᠪᠣᠯᠣᠭᠠᠳ ᠪᠠᠶᠢᠨ᠎ᠠ᠃ | 3. ᠤᠯᠠᠭᠠᠨᠴᠠᠪ ᠬᠤᠲᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠬᠡᠷᠡᠭᠵᠢᠭᠦᠯᠬᠦ ᠬᠡᠪᠴᠢᠶ᠎ᠡ ᠨᠢ ᠶᠠᠮᠠᠷ | ᠭᠠᠵᠠᠷ ᠲᠤ ᠬᠤᠯᠪᠣᠭᠳᠠᠬᠤ ᠪᠣᠶ︖ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ | ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠭᠦᠨ ᠮᠠᠯᠵᠢᠬᠤ ᠳᠦᠷᠢᠮ ᠳᠤ ᠲᠣᠳᠣᠷᠬᠠᠶ ᠲᠣᠭᠲᠠᠭᠠᠭᠰᠠᠨ ᠨᠢ᠂ ︽ᠳᠦᠷᠢᠮ︾ | ᠳᠤ ᠬᠡᠯᠡᠵᠦ ᠪᠠᠶᠢᠭ᠎ᠠ ᠪᠡᠯᠴᠢᠭᠡᠷᠯᠡᠭᠦᠯᠬᠦ ᠶᠢ ᠴᠠᠭᠠᠵᠠᠯᠠᠬᠤ ᠭᠡᠳᠡᠭ ᠨᠢ ᠨᠤᠲᠤᠭ ᠪᠡᠯᠴᠢᠭᠡᠷ ᠲᠤ ᠨᠢᠭᠡ ᠵᠢᠯ ᠠᠴᠠ | ᠳᠡᠭᠡᠭᠰᠢ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠵᠢᠭᠠᠵᠤ ᠪᠤᠶ᠃ ᠳᠣᠤᠷ᠎ᠠ | ᠵᠢᠭᠰᠠᠭᠠᠭᠰᠠᠨ ᠨᠤᠲᠤᠭ ᠪᠡᠯᠴᠢᠭᠡᠷ ᠢ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢᠶᠠᠷ ᠢᠯᠭᠠᠨ ᠲᠣᠭᠲᠠᠭᠠᠬᠤ | ᠬᠡᠷᠡᠭᠲᠡᠶ᠄ ︵ᠨᠢᠭᠡ︶ ᠬᠦᠨᠳᠦ ᠮᠠᠭᠤᠵᠢᠷᠠᠭᠰᠠᠨ᠂ ᠡᠯᠡᠰᠦᠷᠬᠡᠭᠵᠢᠭᠰᠡᠨ ᠨᠤᠲᠤᠭ ᠪᠡᠯᠴᠢᠭᠡᠷ︔ ︵ᠬᠤᠶᠠᠷ︶ ᠮᠠᠯ | ᠬᠠᠷᠢᠭᠤᠯᠵᠤ ᠠᠰᠢᠭᠯᠠᠬᠤ ᠳᠤ ᠲᠣᠬᠢᠷᠠᠬᠤ ᠦᠭᠡᠶ ᠳᠤᠮᠳᠠ ᠵᠡᠷᠭᠡ ᠶᠢᠨ ᠮᠠᠭᠤᠵᠢᠷᠠᠭᠰᠠᠨ᠂ ᠡᠯᠡᠰᠦᠷᠬᠡᠭᠵᠢᠭᠰᠡᠨ | ᠨᠤᠲᠤᠭ ᠪᠡᠯᠴᠢᠭᠡᠷ︔ ︵ᠭᠤᠷᠪᠠ︶ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠴᠢᠬᠤᠯᠠ ᠨᠤᠭᠤ ᠭᠠᠵᠠᠷ ᠤᠨ | ᠨᠤᠲᠤᠭ ᠪᠡᠯᠴᠢᠭᠡᠷ︔ ︵ᠳᠥᠷᠪᠡ︶ ᠪᠤᠰᠤᠳ ᠪᠡᠯᠴᠢᠭᠡᠷᠯᠡᠭᠦᠯᠬᠦ ᠶᠢ ᠴᠠᠭᠠᠵᠠᠯᠠᠬᠤ ᠴᠢᠬᠤᠯᠠ ᠲᠠᠢ ᠨᠤᠲᠤᠭ ᠪᠡᠯᠴᠢᠭᠡᠷ | ᠃ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠨᠢᠯᠬ᠎ᠠ ᠣᠶ ᠶᠢᠨ ᠭᠠᠵᠠᠷ᠂ ᠣᠶ ᠰᠢᠭᠤᠶ ᠶᠢᠨ | ᠢᠨᠵᠧᠨᠧᠷᠢᠩ ᠤᠨ ᠲᠥᠷᠥᠯ ᠵᠦᠢᠯ ᠤᠨ ᠣᠷᠣᠨ ᠢ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢᠶᠠᠷ ᠢᠯᠭᠠᠨ | ᠲᠣᠭᠲᠠᠭᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠪᠥᠬᠦ ᠲᠠᠯ᠎ᠠ ᠪᠠᠷ ᠪᠡᠯᠴᠢᠭᠡᠷᠯᠡᠭᠦᠯᠬᠦ ᠶᠢ | ᠴᠠᠭᠠᠵᠠᠯᠠᠬᠤ ᠶᠢ ᠬᠡᠷᠡᠭᠵᠢᠭᠦᠯᠵᠦ᠂ ᠤᠯᠠᠭᠠᠨᠴᠠᠪ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠪᠦᠬᠦᠨ ᠳᠤ | ᠬᠤᠯᠪᠣᠭᠳᠠᠨ᠎ᠠ︔ ᠡᠭᠦᠨ ᠤ ᠬᠠᠮᠲᠤ ᠠᠷᠪᠠᠨ ᠬᠤᠶᠠᠳᠤᠭᠠᠷ ᠵᠦᠢᠯ ᠳᠤ ᠲᠣᠳᠣᠷᠬᠠᠶ ᠲᠣᠭᠲᠠᠭᠠᠭᠠᠳ᠂ ᠤᠷᠭᠤᠮᠠᠯ ᠤᠨ | ᠬᠤᠴᠢᠯᠭ᠎ᠠ ᠶᠢ ᠪᠦᠲᠦᠮᠵᠢᠲᠡᠶ ᠪᠠᠷ ᠰᠡᠷᠭᠦᠭᠡᠭᠰᠡᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠨᠤᠲᠤᠭ ᠪᠡᠯᠴᠢᠭᠡᠷ ᠢ | ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠪᠣᠯᠭᠠᠨ ᠳᠣᠭᠢᠷᠠᠭᠤᠯᠵᠤ᠂ ᠰᠢᠨᠵᠢᠯᠡᠬᠦ ᠤᠬᠠᠭᠠᠨᠴᠢ ᠪᠠᠷ | ᠪᠡᠯᠴᠢᠭᠡᠷᠯᠡᠭᠦᠯᠦᠨ ᠠᠰᠢᠭᠯᠠᠵᠤ ᠪᠣᠯᠤᠨ᠎ᠠ᠃ ᠪᠣᠳᠠᠲᠠᠶ ᠲᠣᠬᠢᠷᠠᠭᠤᠯᠬᠤ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃ | ᠤᠯᠠᠭᠠᠨᠴᠠᠪ ᠬᠤᠲᠠ ᠳᠤ ᠳᠥᠷᠪᠡᠳ ᠬᠤᠰᠢᠭᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠬᠡᠰᠡᠭ ᠣᠷᠣᠨ ᠪᠦᠰᠡ ᠶᠢ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠣᠷᠣᠨ ᠢᠶᠠᠷ ᠬᠤᠪᠢᠶᠠᠷᠢᠯᠠᠨ ᠲᠣᠭᠲᠠᠭᠠᠬᠤ ᠠᠴᠠ ᠭᠠᠳᠠᠨ᠎ᠠ᠂ ᠪᠤᠰᠤᠳ ᠪᠠᠶᠢᠭᠠᠯᠢ ᠶᠢᠨ ᠨᠤᠲᠤᠭ | ᠪᠡᠯᠴᠢᠭᠡᠷ ᠢ ᠴᠥᠮ ᠪᠡᠯᠴᠢᠭᠡᠷᠯᠡᠭᠦᠯᠬᠦ ᠶᠢ ᠴᠠᠭᠠᠵᠠᠯᠠᠬᠤ ᠶᠣᠰᠣᠭᠠᠷ ᠬᠠᠮᠢᠶᠠᠷᠤᠨ᠎ᠠ᠃ | | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |