ᠦ᠋ ᠬᠥ᠋ ᠴᠢᠤᠸᠠᠨ ᠰᠢᠶᠠᠩ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠶᠢ ᠡᠷᠦᠬᠡ ᠳᠤ ᠬᠦᠷᠴᠦ ᠤᠶᠢᠯᠠᠭᠠᠨ ᠵᠢᠭᠰᠠᠭᠠᠬᠤ ᠠᠵᠢᠯ ᠳᠤ ᠢᠳᠡᠪᠬᠢᠲᠡᠶ ᠣᠷᠣᠯᠴᠠᠪᠠ
ᠨᠡᠶᠢᠲᠡᠯᠡᠭᠰᠡᠨ ᠴᠠᠭ᠄
2024/11/8
     ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠡᠯ᠎ᠡ ᠵᠦᠢᠯ ᠤᠨ ᠠᠵᠢᠯ ᠢ ᠤᠯᠠᠮ ᠴᠢᠨᠠᠭᠰᠢᠳᠠ ᠨᠠᠷᠢᠯᠢᠭ ᠨᠠᠶᠢᠳᠠᠪᠤᠷᠢᠵᠢᠭᠤᠯᠬᠤ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠪᠠ᠃ ᠣᠶᠢᠷ᠎ᠠ ᠶᠢᠨ ᠡᠳᠦᠷ ᠤᠳ ᠲᠤ᠂ ᠡᠤ ᠬᠥ᠋ ᠴᠢᠤᠸᠠᠨ ᠰᠢᠶᠠᠩ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠶᠢ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠡᠷᠦᠬᠡ ᠳᠤ ᠣᠷᠣᠵᠤ ᠪᠠᠶᠢᠳᠠᠯ ᠢ ᠤᠶᠢᠯᠠᠭᠠᠨ ᠵᠢᠭᠰᠠᠭᠠᠬᠤ ᠣᠷᠣᠯᠭ᠎ᠠ ᠶᠢ ᠲᠥᠰᠦᠭᠡᠯᠡᠨ ᠪᠤᠳᠤᠬᠤ ᠠᠵᠢᠯ ᠳᠤ ᠣᠷᠣᠯᠴᠠᠪᠠ᠃      ᠠᠶᠢᠯ ᠡᠷᠦᠬᠡ ᠪᠠᠷ ᠰᠤᠷᠪᠤᠯᠵᠢᠯᠠᠬᠤ ᠶᠠᠪᠤᠴᠠ ᠳᠤ᠂ ᠭᠡᠰᠢᠭᠦᠳ ᠠᠴᠠ ᠡᠷᠦᠬᠡ ᠪᠠᠷ ᠨᠢᠭᠡᠴᠢ ᠪᠣᠯᠭᠠᠵᠤ᠂ ᠭᠤᠤᠯᠳᠠᠯᠭ᠎ᠠ ᠲᠠᠢ ᠡᠷᠦᠬᠡ ᠶᠢ ᠨᠢᠭᠡᠳ ᠨᠢᠭᠡ ᠪᠠᠷ ᠡᠷᠦᠬᠡ ᠳᠤ ᠬᠦᠷᠴᠦ ᠰᠤᠷᠪᠤᠯᠵᠢᠯᠠᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠣᠷᠣᠯᠭ᠎ᠠ ᠶᠢ ᠲᠥᠰᠦᠭᠡᠯᠡᠨ ᠪᠤᠳᠤᠬᠤ ᠵᠡᠷᠭᠡ ᠠᠵᠢᠯ ᠢ ᠥᠷᠨᠢᠭᠦᠯᠬᠦ ᠶᠢᠨ ᠬᠠᠮᠲᠤ᠂ ᠲᠡᠳᠡᠨ ᠤ ᠬᠡᠷ ᠪᠦᠯᠢ ᠶᠢᠨ ᠬᠥᠮᠦᠨ ᠠᠮᠠ᠂ ᠣᠷᠣᠨ ᠰᠠᠭᠤᠴᠠ ᠶᠢᠨ ᠪᠠᠶᠢᠳᠠᠯ᠂ ᠲᠡᠵᠢᠭᠡᠨ ᠦᠷᠡᠵᠢᠭᠦᠯᠦᠭᠰᠡᠨ ᠪᠠᠶᠢᠳᠠᠯ᠂ ᠲᠠᠷᠢᠶᠠᠨ ᠭᠠᠵᠠᠷ ᠤᠨ ᠲᠠᠯᠠᠪᠠᠶ᠂ ᠬᠥᠳᠡᠯᠮᠦᠷᠢ ᠬᠦᠴᠦᠨ ᠤ ᠪᠠᠶᠢᠳᠠᠯ ᠵᠡᠷᠭᠡ ᠪᠠᠶᠢᠳᠠᠯ ᠢ ᠨᠠᠷᠢᠨ ᠬᠢᠨᠠᠮᠠᠭᠠᠶ ᠬᠢᠨᠠᠨ ᠬᠠᠷᠭᠤᠭᠤᠯᠵᠤ᠂ ᠠᠵᠤ ᠦᠢᠯᠡᠰ ᠤᠨ ᠳᠡᠮᠵᠢᠯᠭᠡ᠂ ᠰᠠᠭᠤᠷᠢ ᠪᠡᠯᠡᠳᠬᠡᠮᠵᠢ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠡᠷᠦᠬᠡ ᠶᠢᠨ ᠬᠠᠪᠰᠤᠷᠤᠨ ᠲᠡᠳᠬᠦᠭᠰᠡᠨ ᠪᠠᠶᠢᠳᠠᠯ ᠢ ᠣᠶᠢᠯᠠᠭᠠᠵᠤ᠂ ᠲᠣᠰᠬᠤᠨ ᠤ ᠠᠷᠠᠳ ᠲᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠡᠲᠡᠭᠡᠳ ᠤᠨ ᠲᠥᠷᠥ ᠶᠢᠨ ᠪᠣᠳᠣᠯᠭ᠎ᠠ ᠶᠢ ᠮᠡᠳᠡᠭᠦᠯᠬᠦ ᠶᠢᠨ ᠬᠠᠮᠲᠤ ︽ᠲᠣᠳᠣᠷᠬᠠᠶ ᠴᠠᠭᠠᠰᠤ︾ ᠣᠯᠭᠤᠪᠠ᠃      ᠲᠥᠯᠥᠭᠡᠯᠡᠭᠴᠢ ᠭᠡᠰᠢᠭᠦᠳ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠠᠵᠢᠯ ᠥᠷᠨᠢᠭᠦᠯᠬᠦ ᠶᠢᠨ ᠬᠦᠴᠦᠲᠡᠶ ᠭᠠᠷᠳᠠᠴᠠ ᠪᠣᠯᠭᠠᠵᠤ᠂ ᠲᠣᠰ ᠤᠳᠠᠭᠠᠨ ᠤ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠪᠠᠷ ᠠᠵᠠ ᠲᠣᠬᠢᠶᠠᠯ ᠪᠣᠯᠭᠠᠨ᠂ ᠡᠷᠦᠬᠡ ᠳᠤ ᠬᠦᠷᠴᠦ ᠰᠤᠷᠪᠤᠯᠵᠢᠯᠠᠬᠤ᠂ ᠸᠢᠴᠠᠲ ᠤᠨ ᠬᠤᠯᠪᠤᠭ᠎ᠠ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠵᠡᠷᠭᠡ ᠳᠤ ᠲᠦᠰᠢᠭᠯᠡᠨ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ︽ᠨᠢᠭᠤᠷᠳᠠᠬᠤ᠂ ᠨᠢᠭᠡ ᠳᠤ ᠨᠢᠭᠡ ᠶᠢ ᠬᠠᠷᠭᠤᠭᠤᠯᠬᠤ︾ ᠪᠠᠷ ᠣᠯᠠᠨ ᠲᠦᠮᠡᠨ ᠤ ᠰᠡᠵᠢᠭ ᠢ ᠠᠯᠳᠠᠷᠠᠭᠠᠵᠤ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠣᠳᠠᠲᠠᠶ ᠤᠬᠠᠭᠤᠯᠵᠤ᠂ ᠣᠯᠠᠨ ᠲᠦᠮᠡᠨ ᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠤᠨ ᠲᠤᠬᠠᠶ ᠣᠶᠢᠯᠠᠭᠠᠬᠤ ᠨᠣᠷᠮ᠎ᠠ ᠪᠠ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠪᠡ᠃      ᠳᠠᠷᠠᠭᠠᠴᠢ ᠶᠢᠨ ᠠᠯᠬᠤᠮ ᠳᠤ᠂ ᠡᠦ ᠭᠦ᠋ ᠴᠢᠤᠸᠠᠨ ᠰᠢᠶᠠᠩ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠡᠷᠦᠬᠡ ᠳᠤ ᠣᠷᠣᠵᠤ ᠵᠢᠭᠰᠠᠭᠠᠨ ᠪᠠᠶᠢᠴᠠᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠵᠣᠬᠢᠴᠠᠭᠤᠯᠭ᠎ᠠ ᠪᠠᠨ ᠴᠢᠩᠭᠠᠳᠬᠠᠵᠤ᠂ ᠴᠢᠬᠤᠯᠠ ᠭᠤᠭᠴᠤᠭ᠎ᠠ ᠪᠠ ᠵᠠᠩᠭᠢᠯᠠᠭ᠎ᠠ ᠶᠢᠨ ᠴᠠᠭ ᠬᠤᠭᠤᠴᠠᠭ᠎ᠠ ᠶᠢ ᠰᠠᠶᠢᠲᠤᠷ ᠡᠵᠡᠮᠳᠡᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠬᠠᠮᠵᠢᠯᠴᠠᠨ ᠠᠬᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠵᠦ ᠡᠷᠦᠬᠡ ᠳᠤ ᠣᠷᠣᠵᠤ ᠵᠢᠭᠰᠠᠭᠠᠨ ᠪᠠᠶᠢᠴᠠᠭᠠᠬᠤ ᠠᠵᠢᠯ ᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠴᠢᠨᠠᠭᠰᠢᠳᠠ ᠪᠠᠬᠢᠵᠢᠭᠦᠯᠦᠨ ᠥᠷᠭᠡᠳᠬᠡᠬᠦ ᠬᠡᠷᠡᠭᠲᠡᠢ᠃               ᠵᠤᠬᠢᠶᠠᠭᠴᠢ᠄ ᠦ᠋ ᠬᠥ᠋ ᠴᠢᠤᠸᠠᠨ ᠰᠢᠶᠠᠩ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3