ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ | ᠬᠡᠷᠡᠭᠯᠡᠬᠦ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠶᠠᠰᠤ ᠴᠢᠨᠠᠷ ᠢ | ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢᠨ ᠲᠥᠯᠥᠭᠡ᠂ 12 ᠰᠠᠷ᠎ᠠ ᠶᠢᠨ 9 ᠤ ᠡᠳᠦᠷ᠂ | ᠰᠢᠩ ᠾᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ︵ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ︶ ᠤᠨ ᠲᠣᠪᠴᠢᠶ᠎ᠠ ᠴᠧᠩ ᠭᠤᠸᠠᠨ ᠪᠠᠯᠭᠠᠰᠤᠨ ᠳᠤ ᠪᠥᠬᠦ ᠰᠢᠶᠠᠨ ᠤ ᠲᠠᠷᠢᠶᠠᠯᠠᠩ ᠮᠠᠯ | ᠠᠵᠤ ᠠᠬᠤᠶ ᠶᠢᠨ ᠥᠮᠴᠢᠲᠡᠨ ᠤ ᠲᠥᠷᠥᠯ ᠵᠤᠶᠢᠯ ᠢ ᠳᠡᠯᠭᠡᠷᠡᠭᠦᠯᠬᠦ ᠲᠠᠨᠢᠯᠴᠠᠭᠤᠯᠭ᠎ᠠ ᠶᠢᠨ ᠪᠣᠯᠪᠠᠰᠤᠷᠠᠭᠤᠯᠤᠯ ᠤᠨ | ᠬᠤᠷᠠᠯ ᠬᠢᠪᠠ᠃ | ᠪᠣᠯᠪᠠᠰᠤᠷᠠᠯ ᠨᠢ ᠤᠯᠠᠭᠠᠨᠴᠠᠪ ᠬᠤᠲᠠ ᠶᠢᠨ ᠲᠠᠷᠢᠶᠠᠯᠠᠩ ᠣᠶ ᠰᠢᠭᠤᠶ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠭᠠᠵᠠᠷ ᠤᠨ ᠳᠥᠷᠪᠡ ᠶᠢ ᠳᠡᠯᠭᠡᠷᠡᠭᠦᠯᠬᠦ ᠰᠤᠳᠤᠯᠤᠭᠴᠢ ᠶᠢ ᠤᠷᠢᠵᠤ᠂ ︽ᠲᠤᠬᠠᠶ ᠶᠢᠨ ᠲᠠᠯᠠᠪᠠᠶ ᠳᠤ | ᠣᠨᠣᠯ ᠤᠨ ᠪᠣᠯᠪᠠᠰᠤᠷᠠᠯ ᠢ ᠰᠣᠯᠢᠯᠴᠠᠬᠤ︾ ᠠᠷᠭ᠎ᠠ ᠮᠠᠶ᠋ᠢᠭ ᠢᠶᠠᠷ ᠪᠣᠭᠤᠳᠠᠶ ᠶᠢᠨ ᠰᠢᠨ᠎ᠡ ᠡᠭᠦᠯᠳᠡᠷ ᠢ ᠪᠤᠶᠢᠵᠢᠭᠤᠯᠬᠤ | ᠮᠡᠷᠭᠡᠵᠢᠯ᠂ ᠡᠷᠳᠡᠨᠢ ᠰᠢᠰᠢ ᠬᠢᠭᠡᠳ ᠪᠤᠭᠤᠳᠠᠶ ᠶᠢᠨ ᠡᠪᠡᠰᠦ ᠠᠷᠢᠯᠭᠠᠬᠤ ᠵᠢᠴᠢ ᠡᠪᠡᠳᠴᠢᠨ ᠬᠤᠷᠣᠬᠠᠶ ᠶᠢᠨ | ᠬᠥᠨᠥᠭᠡᠯ ᠢ ᠰᠡᠷᠭᠡᠶᠢᠯᠡᠨ ᠵᠠᠰᠠᠬᠤ ᠮᠡᠷᠭᠡᠵᠢᠯ᠂ ᠪᠣᠷᠳᠣᠭᠤᠷ ᠣᠷᠣᠭᠤᠯᠬᠤ ᠵᠢᠴᠢ ᠪᠣᠷᠲᠣᠭᠤᠷ ᠢ ᠨᠠᠮᠳᠠᠭᠤᠯᠵᠤ | ᠬᠢᠵᠠᠭᠠᠷᠯᠠᠨ ᠢᠯᠭᠠᠷᠠᠭᠤᠯᠬᠤ ᠮᠡᠷᠭᠡᠵᠢᠯ ᠵᠢᠴᠢ ᠲᠥᠮᠥᠰᠥ ᠶᠢᠨ ᠪᠦᠲᠦᠭᠡᠭᠳᠡᠬᠦᠨ ᠪᠤᠶᠢᠵᠢᠭᠤᠯᠬᠤ ᠵᠡᠷᠭᠡ ᠬᠡᠷᠡᠭᠯᠡᠭᠡᠨ ᠤ | ᠮᠡᠷᠭᠡᠵᠢᠯ ᠢ ᠭᠦᠨᠵᠡᠭᠡᠶ ᠲᠠᠶᠢᠯᠪᠤᠷᠢᠯᠠᠭᠰᠠᠨ ᠪᠥᠭᠡᠳ ᠬᠠᠲᠠᠭᠠᠬᠤ᠂ ᠬᠥᠮᠥᠷᠭᠡᠯᠡᠨ ᠬᠠᠳᠠᠭᠠᠯᠠᠬᠤ᠂ ᠠᠮᠤ ᠪᠤᠳᠠᠭᠠᠨ ᠤ | ᠠᠷᠠᠯᠵᠢᠶ᠎ᠠ ᠵᠡᠷᠭᠡ ᠠᠮᠤ ᠪᠤᠳᠠᠭᠠᠨ ᠤ ᠳᠠᠷᠠᠭᠠᠬᠢ ᠰᠢᠢᠳᠪᠦᠷᠢᠯᠡᠬᠦ ᠲᠠᠯ᠎ᠠ ᠶᠢᠨ ᠲᠤᠷᠰᠢᠯᠭ᠎ᠠ ᠶᠢ ᠬᠤᠪᠢᠶᠠᠯᠴᠠᠪᠠ᠃ | ᠡᠲᠡᠭᠡᠷ ᠠᠭᠤᠯᠭ᠎ᠠ ᠨᠢ ᠠᠮᠤ ᠪᠤᠳᠠᠭ᠎ᠠ ᠳᠠᠷᠢᠬᠤ ᠲᠣᠮᠣ ᠡᠷᠦᠬᠡ ᠳᠤ ᠲᠠᠷᠢᠶᠠᠯᠠᠩ ᠤᠨ ᠭᠤᠤᠯᠯᠠᠬᠤ ᠲᠥᠷᠥᠯ ᠵᠦᠢᠯ ᠪᠠ | ᠭᠤᠤᠯ ᠳᠡᠯᠭᠡᠷᠡᠭᠦᠯᠬᠦ ᠮᠡᠷᠭᠡᠵᠢᠯ ᠤᠨ ᠬᠠᠮᠢᠶ᠎ᠠ ᠪᠥᠬᠦᠶ ᠮᠡᠳᠡᠯᠭᠡ ᠶᠢ ᠪᠥᠬᠦ ᠲᠠᠯ᠎ᠠ ᠪᠠᠷ᠂ ᠭᠦᠨᠵᠡᠭᠡᠶ ᠡᠵᠡᠮᠰᠢᠭᠦᠯᠵᠦ᠂ | ᠠᠮᠤ ᠪᠤᠳᠠᠭᠠᠨ ᠤ ᠲᠥᠷᠥᠯ ᠵᠦᠢᠯ ᠢ ᠵᠥᠪ ᠢᠶᠠᠷ ᠰᠣᠩᠭᠤᠬᠤ᠂ ᠥᠨᠳᠥᠷ ᠪᠦᠲᠦᠮᠵᠢᠲᠡᠶ ᠪᠠᠷ ᠳᠠᠷᠢᠬᠤ ᠮᠡᠷᠭᠡᠵᠢᠯ | ᠵᠢᠴᠢ ᠠᠮᠤ ᠪᠤᠳᠠᠭᠠᠨ ᠤ ᠳᠠᠷᠠᠭᠠᠬᠢ ᠰᠢᠢᠳᠪᠤᠷᠢᠯᠡᠯᠲᠡ ᠵᠡᠷᠭᠡ ᠲᠠᠯ᠎ᠠ ᠪᠠᠷ ᠨᠠᠩ ᠭᠦᠨᠵᠡᠭᠡᠶ ᠣᠶᠢᠯᠠᠭᠠᠯᠲᠠ ᠲᠠᠢ | ᠪᠣᠯᠭᠠᠪᠠ᠃ | ᠣᠶᠢᠷ᠎ᠠ ᠶᠢᠨ ᠵᠢᠯ ᠠᠴᠠ᠂ ᠰᠢᠩ ᠾᠧ ᠰᠢᠶᠠᠨ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠵᠦ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠦᠨᠡᠨ ᠬᠦ ᠠᠬᠢᠭᠤᠯᠬᠤ ᠶᠢᠨ ᠲᠥᠯᠥᠭᠡ᠂ ᠲᠠᠷᠢᠶᠠᠯᠠᠩ ᠤᠨ | ᠰᠢᠨᠵᠢᠯᠡᠬᠦ ᠤᠬᠠᠭᠠᠨ ᠮᠡᠷᠭᠡᠵᠢᠯ ᠢ ᠳᠡᠯᠭᠡᠷᠡᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠢᠩ ᠾᠧ | ᠰᠢᠶᠠᠨ ᠤ ᠲᠠᠷᠢᠶᠠᠯᠠᠩ ᠤᠨ ᠭᠤᠤᠯᠯᠠᠬᠤ ᠲᠥᠷᠥᠯ ᠵᠤᠶᠢᠯ ᠤᠨ ᠭᠤᠤᠯ ᠳᠡᠯᠭᠡᠷᠡᠭᠦᠯᠬᠦ ᠪᠠ ᠮᠡᠷᠭᠡᠵᠢᠯ ᠢ ᠳᠡᠯᠭᠡᠷᠡᠭᠦᠯᠦᠨ | ᠬᠡᠷᠡᠭᠯᠡᠬᠦ ᠶᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠥᠷᠭᠡᠨ ᠣᠯᠠᠨ ᠲᠠᠷᠢᠶᠠᠴᠢᠨ ᠡᠷᠦᠬᠡ ᠪᠠ ᠰᠢᠨ᠎ᠡ | ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢ ᠬᠥᠲᠥᠯᠦᠨ ᠵᠢᠯᠣᠭᠤᠳᠴᠤ ᠳᠠᠶᠢᠴᠢᠯᠠᠨ | ᠲᠡᠷᠢᠭᠦᠨ ᠤ ᠬᠡᠷᠡᠭᠯᠡᠭᠡᠨ ᠤ ᠲᠠᠷᠢᠶᠠᠯᠠᠩ ᠤᠨ ᠲᠥᠷᠥᠯ ᠵᠤᠶᠢᠯ ᠪᠠ ᠮᠡᠷᠭᠡᠵᠢᠯ ᠢ ᠬᠡᠷᠡᠭᠯᠡᠵᠦ᠂ ᠲᠠᠷᠢᠶᠠᠯᠠᠩ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠲᠣᠰᠬᠤᠨ ᠡᠷᠦᠬᠡ ᠳᠤ ᠣᠷᠣᠭᠤᠯᠬᠤ ᠶᠢ ᠠᠬᠢᠭᠤᠯᠬᠤ ᠳᠤ | ᠢᠳᠡᠪᠬᠢᠲᠡᠶ ᠤᠶᠢᠯᠡᠳᠤᠯ ᠦᠵᠡᠭᠦᠯᠪᠡ᠃ ᠡᠭᠦᠨ ᠤ ᠬᠠᠮᠲᠤ᠂ ᠠᠮᠤ ᠪᠤᠳᠠᠭ᠎ᠠ ᠳᠠᠷᠢᠬᠤ ᠲᠣᠮᠣ ᠡᠷᠦᠬᠡ ᠳᠤ ᠴᠤ | ᠨᠡᠪᠲᠡᠷᠡᠯᠴᠡᠭᠡ ᠰᠣᠯᠢᠯᠴᠠᠭᠠᠨ ᠤ ᠲᠠᠪᠴᠠᠩ ᠬᠠᠩᠭᠠᠵᠤ᠂ ᠲᠠᠷᠢᠶᠠᠯᠠᠩ ᠦᠢᠯᠡᠳᠪᠦᠷᠢᠯᠡᠭᠴᠢᠳ ᠤᠨ ᠲᠠᠷᠢᠶᠠᠯᠠᠩ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠲᠤᠬᠠᠶ ᠭᠦᠨᠵᠡᠭᠡᠶ ᠣᠶᠢᠯᠠᠭᠠᠯᠲᠠ ᠶᠢ ᠨᠡᠮᠡᠭᠳᠡᠭᠦᠯᠵᠦ᠂ ᠠᠮᠤ ᠪᠤᠳᠠᠭᠠᠨ ᠤ ᠠᠮᠤᠷ | ᠲᠦᠪᠰᠢᠨ ᠤ ᠰᠠᠭᠤᠷᠢ ᠶᠢ ᠪᠠᠬᠢᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |