ᠴᠧᠩ ᠭᠤᠸᠠᠨ ᠪᠠᠯᠭᠠᠰᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠳᠥᠷᠪᠡᠳᠦᠭᠡᠷ ᠤᠯᠠᠷᠢᠯ ᠤᠨ ᠰᠣᠯᠢᠯᠴᠠᠭ᠎ᠠ ᠲᠣᠯᠢᠯᠠᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/12
     ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠭᠦᠨᠵᠡᠭᠡᠶ ᠠᠬᠢᠭᠤᠯᠵᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠡᠭᠦᠷᠭᠡ ᠲᠤᠰᠢᠶᠠᠯ ᠢᠶᠠᠨ ᠭᠦᠢᠴᠡᠳᠭᠡᠬᠦ ᠬᠥᠳᠡᠯᠭᠡᠬᠦ ᠬᠦᠴᠦᠨ ᠢ  ᠭᠦᠢᠴᠡᠳ ᠬᠥᠭᠵᠢᠭᠡᠬᠦ ᠶᠢᠨ ᠲᠥᠯᠥᠭᠡ᠂ ᠲᠥᠯᠥᠭᠡᠯᠡᠭᠴᠢ ᠭᠡᠰᠢᠭᠦᠳ ᠤᠨ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠤᠶᠢᠯᠡᠳᠤᠯ ᠢ ᠥᠷᠭᠡᠨ ᠢᠶᠠᠷ ᠪᠠᠳᠠᠷᠠᠭᠤᠯᠤᠨ᠎ᠠ᠃ 12 ᠰᠠᠷ᠎ᠠ ᠶᠢᠨ 9 ᠤ ᠡᠳᠦᠷ᠂ ᠴᠧᠩ ᠭᠤᠸᠠᠨ ᠪᠠᠯᠭᠠᠰᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠳᠥᠷᠪᠡᠳᠦᠭᠡᠷ ᠤᠯᠠᠷᠢᠯ ᠤᠨ ᠰᠣᠯᠢᠯᠴᠠᠬᠤ ᠬᠤᠷᠠᠯ ᠬᠤᠷᠠᠯᠳᠤᠭᠤᠯᠵᠤ᠂ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠦᠨ ᠶᠦᠩ ᠴᠦᠨ ᠡᠷᠭᠢᠯᠡᠵᠦ᠂ ᠡᠯ᠎ᠡ ᠬᠠᠷᠢᠯᠴᠠᠬᠤ ᠥᠷᠲᠡᠭᠡ ᠶᠢᠨ ᠬᠠᠷᠢᠭᠤᠴᠠᠯᠭᠠᠲᠠᠨ ᠵᠢᠴᠢ ᠬᠡᠰᠡᠭ ᠲᠥᠯᠥᠭᠡᠯᠡᠭᠴᠢ ᠭᠡᠰᠢᠭᠦᠳ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠦᠨ ᠶᠦᠩ ᠴᠦᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠢᠢᠷ᠎ᠠ ᠶᠢᠨ ᠬᠤᠭᠤᠴᠠᠭᠠᠨ ᠤ ᠡᠯ᠎ᠡ ︽ᠬᠤᠶᠠᠷ ᠲᠥᠯᠥᠭᠡᠯᠡᠭᠴᠢ ᠨᠢᠭᠡ ᠭᠡᠰᠢᠭᠦᠳ ᠤᠨ ᠭᠡᠷ︾ ᠤᠨ ᠬᠤᠯᠪᠣᠭ᠎ᠠ ᠠᠪᠬᠤ ᠦᠷᠳᠡᠭᠡ ᠶᠢᠨ ᠨᠡᠷᠡᠰ ᠤᠨ ᠵᠢᠭᠰᠠᠭᠠᠯᠲᠠ ᠶᠢᠨ ᠪᠠᠶᠢᠳᠠᠯ ᠢ ᠮᠡᠳᠡᠭᠳᠡᠵᠦ᠂ ᠨᠢᠭᠡ ᠵᠢᠯ ᠤᠨ ᠲᠤᠷᠰᠢᠬᠢ ᠴᠧᠩ ᠭᠤᠸᠠᠨ ᠪᠠᠯᠭᠠᠰᠤᠨ ᠤ ᠲᠥᠯᠥᠭᠡᠯᠡᠭᠴᠢ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠢᠢᠳᠪᠦᠷᠢᠯᠡᠵᠦ ᠳᠠᠭᠤᠰᠬᠠᠭᠰᠠᠨ ᠪᠠᠶᠢᠳᠠᠯ᠂ ᠲᠥᠯᠥᠭᠡᠯᠡᠭᠴᠢ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠪᠣᠯᠤᠨ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠢ ᠳ᠋ᠦᠩᠨᠡᠭᠰᠡᠨ ᠪᠥᠭᠡᠳ ᠳᠠᠷᠠᠭᠠᠴᠢ ᠶᠢᠨ ᠠᠯᠬᠤᠮ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠵᠤ᠂ ᠡᠯ᠎ᠡ ᠬᠤᠯᠪᠣᠭ᠎ᠠ ᠠᠪᠬᠤ ᠦᠷᠳᠡᠭᠡ ᠶᠢᠨ ᠬᠠᠷᠢᠭᠤᠴᠠᠯᠭᠠᠲᠠᠨ ᠤᠢᠢᠷ᠎ᠠ ᠶᠢᠨ ᠬᠤᠭᠤᠴᠠᠭᠠᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠦᠭᠰᠡᠨ ᠪᠥᠭᠡᠳ ᠱᠠᠳᠤᠴᠢ ᠴᠢᠨᠠᠷᠲᠠᠢ ᠳ᠋ᠦᠩᠨᠡᠯᠲᠡ ᠬᠢᠭᠰᠡᠨ ᠪᠥᠭᠡᠳ ᠡᠯ᠎ᠡ ᠬᠤᠯᠪᠣᠭ᠎ᠠ ᠠᠪᠬᠤ ᠦᠷᠳᠡᠭᠡ ᠦᠢᠯᠡᠳᠦᠯ ᠢᠶᠠᠨ ᠬᠡᠷᠬᠢᠨ ᠤᠯᠠᠮ ᠰᠠᠶᠢᠲᠤᠷ ᠪᠠᠳᠠᠷᠠᠭᠤᠯᠬᠤ ᠲᠤᠬᠠᠢ ᠭᠦᠨᠵᠡᠭᠡᠢ ᠰᠣᠯᠢᠯᠴᠠᠨ ᠶᠠᠷᠢᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠲᠥᠯᠥᠭᠡᠯᠡᠭᠴᠢ ᠭᠡᠰᠢᠭᠦᠳ ᠰᠤᠷᠤᠯᠴᠠᠯᠭ᠎ᠠ ᠪᠠᠨ ᠴᠢᠩᠭᠠᠳᠬᠠᠵᠤ᠂ ᠲᠣᠰ ᠪᠡᠶ᠎ᠡ ᠶᠢᠨ ᠬᠡᠪ ᠴᠢᠨᠠᠷ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ︔ ᠬᠤᠶᠠᠷ ᠲᠤ᠂ ᠲᠥᠯᠥᠭᠡᠯᠡᠭᠴᠢ ᠭᠡᠰᠢᠭᠦᠳ ᠪᠥᠬᠦ ᠪᠠᠯᠭᠠᠰᠤᠨ ᠤ ᠬᠥᠭᠵᠢᠯᠲᠡ ᠶᠢᠨ ᠶᠡᠭᠡ ᠲᠠᠯ᠎ᠠ ᠳᠤ ᠰᠠᠭᠤᠷᠢᠯᠠᠨ᠂ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠠᠷᠠᠳ ᠤᠨ ᠰᠠᠨᠠᠭ᠎ᠠ ᠶᠢ ᠥᠷᠭᠡᠨ ᠢᠶᠠᠷ ᠴᠤᠭᠯᠠᠭᠤᠯᠵᠤ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠨᠠᠩ ᠪᠦᠲᠦᠭᠡᠯᠴᠢ ᠴᠢᠨᠠᠷᠲᠠᠶ ᠰᠠᠨᠠᠭᠤᠯᠭ᠎ᠠ ᠪᠠ ᠰᠠᠨᠠᠯ ᠳᠤᠷᠠᠳᠬᠤ ᠬᠡᠷᠡᠭᠲᠡᠶ︔ ᠭᠤᠷᠪᠠ ᠳᠤ᠂ ᠲᠥᠯᠥᠭᠡᠯᠡᠭᠴᠢ ᠭᠡᠰᠢᠭᠦᠳ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠣᠯᠠᠨ ᠲᠦᠮᠡᠨ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠠᠷᠠᠳ ᠣᠯᠠᠨ ᠤ ᠬᠦᠰᠡᠯ ᠱᠠᠭᠠᠷᠳᠠᠯᠭ᠎ᠠ ᠶᠢ ᠨᠠᠩ ᠰᠠᠶᠢᠲᠤᠷ ᠲᠤᠰᠬᠠᠵᠤ᠂ ᠣᠯᠠᠨ ᠲᠦᠮᠡᠨ ᠳᠤ ᠦᠨᠡᠨ ᠬᠦ ᠪᠣᠳᠠᠲᠤ ᠶᠠᠪᠤᠳᠠᠯ᠂ ᠰᠠᠶᠢᠨ ᠶᠠᠪᠤᠳᠠᠯ ᠬᠢᠵᠦ᠂ ᠪᠥᠬᠦ ᠪᠠᠯᠭᠠᠰᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ᠃      ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠬᠢᠨᠠᠨ ᠰᠢᠯᠭᠠᠬᠤ ᠳᠣᠬᠢᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠯᠥᠭᠡᠯᠡᠭᠴᠢ ᠭᠡᠰᠢᠭᠦᠳ ᠤᠨ ᠡᠳᠦᠷ ᠲᠤᠳᠤᠮ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠲᠥᠯᠥᠭᠡᠯᠡᠭᠴᠢ ᠭᠡᠰᠢᠭᠦᠳ ᠤᠨ ᠦᠷᠭᠦᠯᠵᠢᠯᠡᠨ ᠲᠤᠰᠢᠶᠠᠯ ᠡᠭᠦᠷᠭᠡᠯᠡᠬᠦ ᠪᠠ ᠢᠳᠬᠠᠬᠤ ᠶᠢᠨ ᠴᠢᠬᠤᠯᠠ ᠦᠨᠳᠦᠰᠦᠯᠡᠯ ᠪᠣᠯᠭᠠᠵᠤ᠂ ᠲᠥᠯᠥᠭᠡᠯᠡᠭᠴᠢ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠶᠢ ᠵᠥᠪ ᠴᠢᠭᠯᠡᠯ ᠢᠶᠠᠷ ᠬᠦᠳᠦᠯᠦᠨ ᠵᠢᠯᠣᠭᠤᠳᠬᠤ ᠬᠡᠷᠡᠭᠲᠡᠢ᠃ ᠬᠤᠶᠠᠷ ᠲᠤ᠂ ᠨᠡᠶᠢᠲᠡᠯᠢᠭ ᠵᠢᠱᠢᠶ᠎ᠡ ᠶᠢ ᠪᠤᠢ ᠪᠣᠯᠭᠠᠬᠤ᠂ ᠤᠬᠠᠭᠤᠯᠭ᠎ᠠ ᠶᠢ ᠴᠢᠩᠭᠠᠳᠬᠠᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠢᠯᠢᠳᠡᠭ ᠲᠥᠯᠥᠭᠡᠯᠡᠭᠴᠢ ᠭᠡᠰᠢᠭᠦᠳ ᠤᠨ ᠲᠡᠷᠢᠭᠦᠨ ᠤ ᠦᠢᠯᠡ ᠠᠵᠢᠯᠯᠠᠭ᠎ᠠ ᠶᠢ ᠢᠳᠡᠪᠬᠢᠲᠡᠢ ᠤᠬᠠᠭᠤᠯᠵᠤ᠂ ᠲᠡᠳᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠢᠷᠠᠭᠤ ᠠᠯᠳᠠᠷᠲᠤ ᠰᠡᠳᠬᠢᠯᠭᠡ ᠪᠣᠯᠤᠨ ᠣᠮᠤᠭ ᠪᠠᠭ᠋ᠠᠳᠤᠯᠲᠤ ᠰᠡᠳᠬᠢᠯᠭᠡ ᠶᠢ ᠭᠦᠢᠴᠡᠳ ᠬᠥᠭᠵᠢᠭᠡᠬᠦ ᠬᠡᠷᠡᠭᠲᠡᠢ᠃ ᠭᠤᠷᠪᠠ ᠳᠤ᠂ ᠲᠥᠯᠥᠭᠡᠯᠡᠭᠴᠢ ᠭᠡᠰᠢᠭᠦᠳ ᠢ ᠢᠳᠡᠪᠬᠢᠲᠡᠢ ᠵᠣᠬᠢᠶᠠᠨ ᠪᠠᠶᠢᠭᠤᠯᠤᠨ ᠠᠵᠢᠯᠯᠠᠭ᠎ᠠ ᠥᠷᠨᠢᠭᠦᠯᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠠᠷᠠᠳ ᠤᠨ ᠲᠥᠯᠥᠭᠡ ᠦᠨᠡᠨᠴᠢ ᠰᠢᠳᠤᠷᠭᠤ ᠪᠠᠷ ᠠᠵᠢᠯᠯᠠᠵᠤ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠰᠠᠶᠢᠲᠤᠷ ᠬᠢᠵᠦ᠂ ᠦᠨᠡᠨ ᠬᠦ ᠤᠯᠠᠨ ᠲᠦᠮᠡᠨ ᠪᠣᠯᠤᠨ ᠨᠠᠮ ᠪᠣᠯᠤᠨ ᠵᠠᠰᠠᠭ ᠤᠨ ᠣᠷᠳᠣᠨ ᠤ ᠬᠤᠭᠤᠷᠣᠨᠳᠣᠬᠢ ᠨᠡᠪᠲᠡᠷᠡᠯᠴᠡᠭᠡ ᠶᠢᠨ ︽ᠰᠡᠳᠬᠢᠯ ᠤᠨ ᠬᠥᠭᠦᠷᠭᠡ︾ ᠪᠣᠯᠬᠤ ᠬᠡᠷᠡᠭᠲᠡᠢ             ᠵᠤᠬᠢᠶᠠᠭᠴᠢ᠄ ᠴᠧᠩ ᠭᠤᠸᠠᠨ ᠪᠠᠯᠭᠠᠰᠤ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3