︽ᠭᠡᠷ ᠲᠤ ᠬᠡᠳᠦᠨ ᠠᠮᠠ ᠬᠥᠮᠦᠨᠲ᠋ᠠᠢ ᠪᠤᠢ︖ ᠬᠡᠳᠦᠢ ᠮᠦ ᠲᠠᠷᠢᠶ᠎ᠠ ᠲᠠᠷᠢᠵᠤ ᠪᠠᠶᠢᠭ᠎ᠠ ᠪᠤᠢ︖ ᠦᠷ᠎ᠡ | ᠬᠡᠦᠬᠡᠳ ᠨᠢ ᠭᠡᠷ ᠪᠣᠯᠣᠭᠰᠠᠨ ᠤ ᠳᠠᠷᠠᠭ᠎ᠠ ᠪᠥᠷ ᠬᠠᠮᠢᠭ᠎ᠠ ᠪᠠᠶᠢᠬᠤ ᠪᠤᠢ︖ ᠡᠨᠡ ᠵᠢᠯ ᠡᠪᠡᠳᠴᠢᠨ ᠢᠶᠠᠷ ᠡᠮᠨᠡᠯᠭᠡ ᠳᠤ | ᠰᠠᠭᠤᠭᠰᠠᠨ ᠤᠤ︖ ᠡᠨᠡ ᠵᠢᠯ ᠤᠨ ᠣᠷᠣᠯᠭ᠎ᠠ ᠶᠠᠮᠠᠷ ᠵᠡᠷᠭᠡ ᠪᠤᠢ ᠁︾ ᠣᠶᠢᠷ᠎ᠠ ᠳᠤ᠂ ︽ᠪᠠᠶᠢᠭᠤᠯᠭ᠎ᠠ ᠶᠢᠨ | ᠬᠤᠷᠠᠯ ᠤᠨ ᠲᠠᠯᠠᠪᠠᠶ︾ ᠠᠴᠠ ︽ᠦᠨᠳᠦᠰᠦᠨ ᠱᠠᠲᠤᠨ ᠤ ᠲᠤᠬᠠᠶ ᠶᠢᠨ ᠲᠠᠯᠠᠪᠠᠶ︾ ᠬᠦᠷᠲᠡᠯ᠎ᠡ᠂ ᠳ᠋ᠠ ᠲᠦᠩ ᠶᠣᠣ | ᠰᠢᠶᠠᠩ ᠤᠨ ᠬᠥᠳᠡᠭᠡ ᠲᠣᠰᠬᠤᠨ ᠤ ᠬᠤᠶᠠᠷ ᠱᠠᠲᠤᠨ ᠤ ᠺᠠᠳ᠋ᠷ ᠲᠠᠷᠢᠶᠠᠴᠢᠨ ᠡᠷᠦᠬᠡ ᠳᠤ ᠭᠦᠨᠵᠡᠭᠡᠶᠢᠷᠡᠨ᠂ ᠣᠯᠠᠨ | ᠲᠦᠮᠡᠨ ᠤ ᠰᠡᠳᠬᠢᠯ ᠤᠨ ᠦᠭᠡ ᠶᠢ ᠰᠣᠨᠣᠰᠴᠤ᠂ ᠰᠡᠳᠬᠢᠯ ᠵᠢᠷᠦᠬᠡ ᠪᠠᠨ ᠬᠤᠯᠪᠣᠵᠤ ︽ᠴᠡᠭ︾ ᠢ ᠴᠤᠭᠯᠠᠭᠤᠯᠪᠠ᠃ | ᠠᠵᠢᠯᠯᠠᠭ᠎ᠠ ᠶᠢᠨ ᠳᠤᠮᠳᠠ᠂ ᠰᠢᠶᠠᠩ ᠠᠴᠠ ᠲᠣᠰᠬᠤᠨ ᠢ ᠳᠠᠭᠠᠭᠠᠴᠢᠯᠠᠭᠰᠠᠨ ᠤᠳᠤᠷᠢᠳᠤᠯᠭ᠎ᠠ᠂ ᠲᠣᠰᠬᠤᠨ ᠤ ᠬᠤᠶᠠᠷ | ᠵᠥᠪᠯᠡᠯ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠵᠢᠴᠢ | ᠲᠣᠰᠬᠤᠨ ᠤ ᠠᠷᠠᠳ ᠤᠨ ᠲᠥᠯᠥᠭᠡᠯᠡᠭᠴᠢ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠵᠣᠭᠤᠭᠳᠠᠵᠤ᠂ ᠠᠷᠠᠳ ᠤᠨ | ᠰᠠᠨᠠᠭ᠎ᠠ ᠶᠢ ᠰᠣᠨᠣᠰᠴᠤ᠂ ᠬᠥᠭᠵᠢᠯᠲᠡ ᠶᠢ ᠡᠷᠢᠯᠬᠢᠯᠡᠵᠦ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ | ᠪᠥᠬᠦ ᠲᠠᠯ᠎ᠠ ᠪᠠᠷ ᠡᠵᠡᠮᠰᠢᠵᠦ᠂ ᠭᠤᠮᠣᠳᠠᠯ ᠲᠣᠭᠠᠴᠢᠯᠲᠠ ᠶᠢᠨ ᠵᠦᠢᠯᠡᠰ ᠢ ᠲᠤᠰᠬᠠᠵᠤ᠂ ᠠᠰᠠᠭᠤᠳᠠᠯ ᠢ ᠰᠢᠢᠳᠪᠦᠷᠢᠯᠡᠬᠦ | ᠴᠢᠬᠤᠯᠠᠲᠠᠶ ᠪᠥᠭᠡᠳ ᠠᠰᠠᠭᠤᠳᠠᠯ ᠤᠨ ᠨᠠᠷᠢᠨ ᠲᠠᠩᠰᠠ ᠭᠠᠷᠭᠠᠵᠤ᠂ ᠵᠦᠢᠯ ᠳᠠᠷᠠᠭᠠᠯᠠᠨ ᠰᠢᠢᠳᠪᠦᠷᠢᠯᠡᠬᠦ ᠶᠢ ᠠᠬᠢᠭᠤᠯᠪᠠ᠃ | ᠡᠭᠦᠨ ᠠᠴᠠ ᠭᠠᠳᠠᠨ᠎ᠠ᠂ ᠳ᠋ᠠ ᠲᠦᠩ ᠶᠣᠣ ᠰᠢᠶᠠᠩ ᠤᠨ ᠨᠠᠮ ᠤᠨ ᠭᠡᠰᠢᠭᠦᠨ ᠺᠠᠳ᠋ᠷ᠂ ᠲᠣᠰᠬᠤᠨ ᠳᠤ ᠰᠠᠭᠤᠭ᠎ᠠ | ᠠᠵᠢᠯᠯᠠᠬᠤ ᠠᠩᠬᠢ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠢ ᠵᠣᠬᠢᠶᠠᠨ ᠪᠠᠶᠢᠭᠤᠯᠤᠨ ᠦᠨᠳᠦᠰᠦᠨ ᠱᠠᠲᠤᠨ ᠳᠤ | ᠭᠦᠨᠵᠡᠭᠡᠶᠢᠷᠡᠨ ᠰᠤᠷᠪᠤᠯᠵᠢᠯᠠᠬᠤ ᠠᠵᠢᠯᠯᠠᠭ᠎ᠠ ᠥᠷᠨᠢᠭᠦᠯᠵᠦ᠂ ᠬᠥᠭᠵᠢᠯᠲᠡ ᠶᠢᠨ ᠣᠳᠣᠬᠢ ᠪᠠᠶᠢᠳᠠᠯ ᠢ ᠡᠵᠡᠮᠰᠢᠵᠦ᠂ | ᠲᠤᠪᠤᠶᠢᠮ᠎ᠠ ᠠᠰᠠᠭᠤᠳᠠᠯ ᠢ ᠡᠷᠢᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠨᠡᠶᠢᠭᠡᠮ ᠤᠨ ᠪᠠᠶᠢᠳᠠᠯ | ᠠᠷᠠᠳ ᠤᠨ ᠰᠠᠨᠠᠭ᠎ᠠ ᠶᠢ ᠣᠶᠢᠯᠠᠭᠠᠵᠤ᠂ ᠪᠣᠳᠠᠲᠤ ᠪᠠᠶᠢᠳᠠᠯ ᠢ ᠣᠶᠢᠯᠠᠭᠠᠵᠤ᠂ ᠪᠣᠳᠠᠲᠠᠢ ᠠᠷᠭ᠎ᠠ ᠤᠬᠠᠭᠠᠨ ᠭᠠᠷᠭᠠᠵᠤ᠂ | ᠤᠯᠠᠨ ᠲᠦᠮᠡᠨ ᠤ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ᠂ ᠦᠨᠳᠦᠰᠦᠨ ᠱᠠᠲᠤᠨ ᠤ ᠵᠠᠰᠠᠯᠲᠠ᠂ ᠨᠡᠶᠢᠭᠡᠮ | ᠠᠷᠠᠳ ᠤᠨ ᠠᠮᠢᠳᠤᠷᠠᠯ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠲᠠᠯ᠎ᠠ ᠶᠢᠨ | ᠰᠠᠨᠠᠯ ᠰᠠᠨᠠᠭᠤᠯᠭ᠎ᠠ ᠶᠢ ᠴᠤᠭᠯᠠᠭᠤᠯᠵᠤ᠂ ᠤᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ | ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃ | ᠵᠣᠭᠤᠭᠳᠠᠬᠤ ᠪᠠᠷ ᠳᠠᠮᠵᠢᠨ᠂ ᠺᠠᠳ᠋ᠷ ᠤᠯᠠᠨ ᠲᠦᠮᠡᠨ ᠤ ᠬᠤᠭᠤᠷᠣᠨᠳᠣᠬᠢ ︽ᠰᠡᠳᠬᠢᠯ ᠤᠨ ᠬᠤᠯᠪᠤᠭᠠᠰᠤ︾ ᠶᠢ | ᠪᠠᠶᠢᠭᠤᠯᠬᠤ ᠪᠠᠷ ᠳᠠᠮᠵᠢᠭᠤᠯᠵᠤ᠂ ᠪᠠᠰᠠ ᠡᠯ᠎ᠡ ᠲᠣᠰᠬᠤᠨ ᠤ ᠠᠷᠠᠳ ᠤᠨ ᠳᠠᠭᠤᠨ ᠠᠷᠠᠳ ᠤᠨ ᠰᠠᠨᠠᠭ᠎ᠠ ᠪᠣᠯᠤᠨ | ᠦᠨᠳᠦᠰᠦᠨ ᠪᠠᠶᠢᠳᠠᠯ᠂ ᠰᠠᠭᠤᠷᠢ ᠲᠥᠬᠦᠭᠡᠷᠦᠮᠵᠢ᠂ ᠠᠵᠤ ᠦᠢᠯᠡᠰ ᠤᠨ ᠬᠥᠭᠵᠢᠯᠲᠡ ᠶᠢ ᠠᠮᠢᠳᠤᠯᠢᠭ ᠨᠠᠷᠢᠨ ᠪᠣᠳᠠᠲᠠᠢ | ᠬᠥᠳᠡᠭᠡ ᠲᠣᠰᠬᠤᠨ ᠤ ᠨᠢᠭᠡᠳᠦᠭᠡᠷ ᠹᠷᠣᠨᠲ ᠤᠨ ︽ᠠᠷᠠᠳ ᠤᠨ ᠪᠠᠶᠢᠳᠠᠯ ᠤᠨ ᠵᠢᠷᠤᠭ︾ ᠪᠣᠯᠭᠠᠵᠤ᠂ ᠳᠠᠷᠠᠭᠠᠴᠢ ᠶᠢᠨ | ᠠᠯᠬᠤᠮ ᠤᠨ ᠲᠦᠷᠦ ᠶᠢᠨ ᠪᠤᠳᠤᠯᠭ᠎ᠠ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ ᠠᠵᠢᠯ ᠢᠶᠠᠨ ᠲᠥᠯᠥᠪᠵᠢᠭᠦᠯᠬᠦ ᠳᠤ | ᠰᠠᠭᠤᠷᠢ ᠬᠠᠩᠭᠠᠵᠠᠢ᠃ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |