ᠯᠢ ᠺᠠᠶ ᠳ᠋ᠦᠩ ᠪᠦᠯᠬᠦᠮ ᠳᠠᠭᠠᠭᠤᠯᠤᠨ ᠭᠠᠳᠠᠭᠰᠢ ᠭᠠᠷᠴᠤ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/12/19
     2024 ᠣᠨ ᠤ 12 ᠰᠠᠷ᠎ᠠ ᠶᠢᠨ 11 ᠤ ᠡᠳᠦᠷ ᠠᠴᠠ 12 ᠰᠠᠷ᠎ᠠ ᠶᠢᠨ 14 ᠤ ᠡᠳᠦᠷ ᠪᠣᠯᠲᠠᠯ᠎ᠠ᠂ ᠰᠢᠩ ᠾᠧ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠪᠦᠯᠬᠦᠮ ᠳᠠᠭᠠᠭᠤᠯᠤᠨ ᠱᠠᠩᠬᠠᠶ ᠬᠤᠲᠠ᠂ ᠭᠦᠢᠵᠸᠦ ᠮᠤᠵᠢ᠂ ᠦᠬᠠᠶ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠥᠷᠨᠢᠭᠦᠯᠪᠡ᠃      ᠯᠢ ᠺᠠᠶ ᠳ᠋ᠦᠩ ᠨᠡᠷ ᠤᠷᠢᠳ ᠬᠤᠵᠢᠳ ᠱᠠᠩᠬᠠᠶ ᠶᠢᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠬᠦᠶ ᠠᠨ ᠰᠢᠨ᠎ᠡ ᠲᠣᠭᠤᠷᠢᠭ ᠤᠨ ᠬᠤᠸᠠ ᠸᠧᠶ ᠶᠦᠨ ᠱᠠᠩ ᠲᠦᠨ ᠲᠣᠮᠣ ᠳ᠋ᠠᠶᠢᠲ᠋ᠠ ᠶᠢᠨ ᠲᠥᠪ᠂ ᠦᠬᠠᠶ ᠶᠢᠨ ᠰᠠᠨ ᠮᠧᠶ ᠣᠯᠠᠨ ᠤᠯᠤᠰ ᠤᠨ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ᠂ ᠲᠡᠮᠦᠷ ᠤᠨ ᠬᠠᠶᠢᠯᠤᠰᠢ ᠶᠢᠨ ᠪᠣᠬᠢᠷᠲᠤᠯ ᠥᠬᠡᠶ ᠪᠠᠷ ᠣᠷᠣᠯᠠᠭᠤᠯᠬᠤ ᠲᠥᠷᠥᠯ ᠵᠦᠢᠯ ᠤᠨ ᠭᠠᠷᠳᠠᠮ ᠢ ᠭᠦᠢᠴᠡᠳᠭᠡᠬᠦ᠂ ᠳ᠋ᠠᠶᠢᠲ᠋ᠠ ᠶᠢᠨ ᠲᠥᠪ ᠤᠨ ᠪᠥᠲᠥᠭᠡᠨ ᠪᠠᠶᠢᠭᠤᠯᠤᠯᠲᠠ᠂ ᠰᠢᠩ ᠾᠧ ᠰᠠᠨ ᠮᠧᠶ ᠺᠣᠮᠫᠠᠨᠢ ᠶᠢᠨ ᠲᠡᠮᠦᠷ ᠤᠨ ᠬᠠᠶᠢᠯᠤᠰᠢ ᠶᠢᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠵᠡᠷᠭᠡ ᠬᠤᠯᠪᠣᠭᠳᠠᠯ ᠪᠥᠬᠦᠶ ᠠᠵᠢᠯ ᠤᠨ ᠲᠤᠬᠠᠶ ᠭᠦᠨᠵᠡᠭᠡᠶ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠯᠢ ᠺᠠᠶ ᠳ᠋ᠦᠩ ᠴᠢᠬᠤᠯᠠᠴᠢᠯᠠᠭᠰᠠᠨ ᠨᠢ᠂ ᠤᠯᠠᠭᠠᠨᠴᠠᠪ ᠬᠤᠲᠠ ᠶᠢᠨ ︽ᠲᠠᠯ᠎ᠠ ᠨᠤᠲᠤᠭ ᠤᠨ ᠡᠭᠦᠯᠡᠨ ᠬᠥᠨᠳᠡᠶ ︾ ᠶᠢᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠪᠠ ᠲᠡᠮᠦᠷ ᠤᠨ ᠬᠠᠶᠢᠯᠤᠰᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠬᠦ ᠠᠵᠠ ᠲᠣᠬᠢᠶᠠᠯ ᠢ ᠵᠠᠪᠳᠤᠨ ᠠᠳᠬᠤᠵᠤ᠂ ᠮᠠᠨ ᠤ ᠰᠢᠶᠠᠨ ᠤ ᠣᠷᠣᠨ ᠪᠠᠶᠢᠷᠢ ᠶᠢᠨ ᠳᠠᠪᠠᠭᠤᠯᠢᠭ᠂ ᠠᠵᠤ ᠦᠢᠯᠡᠰ ᠤᠨ ᠰᠠᠭᠤᠷᠢ ᠳᠠᠪᠠᠭᠤᠯᠢᠭ ᠢ ᠠᠰᠢᠭᠯᠠᠨ᠂ ᠲᠡᠮᠦᠷ ᠤᠨ ᠬᠠᠶᠢᠯᠤᠰᠢ ᠶᠢᠨ ᠪᠣᠬᠢᠷᠲᠤᠯ ᠥᠬᠡᠶ ᠪᠠᠷ ᠲᠥᠷᠥᠯ ᠵᠦᠢᠯ᠂ ᠲᠣᠮᠣ ᠳ᠋ᠠᠶᠢᠲ᠋ᠠ ᠶᠢᠨ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠬᠥᠭᠵᠢᠭᠦᠯᠬᠦ ᠬᠡᠷᠡᠭᠲᠡᠶ᠃ ᠠᠵᠤ ᠠᠬᠤᠶᠢᠯᠠᠯ ᠤᠨ ᠲᠠᠯ᠎ᠠ ᠠᠴᠠ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ᠠᠵᠢᠯ ᠢ ᠲᠦᠷᠭᠡᠳᠬᠡᠵᠦ᠂ ᠲᠦᠷᠦᠯ ᠵᠦᠢᠯ ᠢ ᠠᠬᠢᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠷᠲᠡ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠰᠢᠶᠠᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠲᠦᠷᠦᠯ ᠵᠦᠢᠯ ᠤᠨ ᠭᠠᠵᠠᠷ ᠬᠡᠷᠡᠭᠯᠡᠬᠦ ᠵᠡᠷᠭᠡ ᠭᠠᠷ ᠭᠦᠢᠴᠡᠳᠬᠡᠯ ᠢ ᠲᠦᠷᠭᠡᠨ ᠭᠦᠢᠴᠡᠳᠬᠡᠵᠦ᠂ ᠲᠦᠷᠦᠯ ᠵᠦᠢᠯ ᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠠᠬᠢᠭᠤᠯᠬᠤ ᠶᠢ ᠪᠠᠲᠤᠯᠠᠬᠤ ᠬᠡᠷᠡᠭᠲᠡᠶ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3