12 ᠰᠠᠷ᠎ᠠ ᠶᠢᠨ 2 ᠤᠨ ᠡᠳᠦᠷ᠂ ᠮᠠᠨ ᠤ ᠰᠢᠶᠠᠨ ᠰᠢᠨ᠎ᠡ ᠵᠠᠭᠤᠨ ᠤ ᠠᠭᠤᠳᠠᠮ ᠲᠠᠯᠠᠪᠠᠶ ᠳᠤ ︽ᠪᠣᠯᠪᠠᠰᠤᠨ | ᠵᠠᠮ ᠬᠠᠷᠢᠯᠴᠠᠭ᠎ᠠ ᠭᠠᠷ ᠬᠤᠯᠪᠣᠨ ᠬᠠᠮᠲᠤ ᠪᠠᠷ ᠡᠭᠦᠳᠬᠦ︾ ᠪᠠᠷ ᠭᠤᠤᠯ ᠰᠡᠳᠦᠪ ᠪᠣᠯᠭᠠᠭᠰᠠᠨ ᠠᠷᠪᠠᠨ ᠭᠤᠷᠪᠠᠳᠤᠭᠠᠷ | ︽122︾ ᠤᠨ ᠪᠥᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ ᠤᠨ ᠠᠵᠢᠯᠯᠠᠭ᠎ᠠ ᠶᠢᠨ | ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶᠠᠨ ᠤ ᠳᠠᠷᠤᠭ᠎ᠠ ᠰᠦᠨ ᠬᠠᠶ ᠵᠢᠶᠦ᠋ᠨ ᠬᠦᠳᠡᠯᠭᠡᠭᠡᠨ ᠳᠤ ᠣᠷᠣᠯᠴᠠᠵᠠᠶ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠵᠠᠮ ᠤᠨ ᠶᠠᠪᠤᠳᠠᠯ ᠤᠨ ᠶᠡᠭᠡ ᠠᠩᠭᠢ᠂ ᠳᠡᠭᠡᠳᠦ ᠬᠤᠷᠳᠤᠴᠠᠲᠤ ᠲᠡᠮᠦᠷ ᠵᠠᠮ ᠤᠨ | ᠬᠤᠶᠢᠲᠤ ᠦᠷᠲᠡᠭᠡ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠭᠠᠳᠠᠭᠰᠢ ᠬᠤᠳᠠᠯᠳᠤᠵᠤ ᠪᠠᠶᠢᠭ᠎ᠠ | ᠮᠣᠷᠢᠲᠤ ᠴᠡᠷᠢᠭ᠂ ᠰᠤᠷᠤᠭᠴᠢᠳ ᠤᠨ ᠲᠥᠯᠥᠭᠡᠯᠡᠭᠴᠢ ᠵᠡᠷᠭᠡ ᠤᠬᠠᠭᠤᠯᠭ᠎ᠠ ᠶᠢᠨ ᠠᠩᠭᠢ ᠵᠣᠬᠢᠶᠠᠨ ᠪᠠᠶᠢᠭᠤᠯᠵᠤ | ᠠᠵᠢᠯᠯᠠᠭ᠎ᠠ ᠳᠤ ᠣᠷᠣᠯᠴᠠᠪᠠ᠃ ᠠᠶᠠᠨᠴᠢᠳ ᠤᠨ ᠲᠡᠭᠡᠭᠡᠪᠦᠷᠢ ᠶᠢᠨ ᠥᠷᠲᠡᠭᠡᠨ ᠤ ᠵᠢᠯᠣᠭᠤᠴᠢ ᠶᠢᠨ ᠲᠥᠯᠥᠭᠡᠯᠡᠭᠴᠢ | ᠪᠣᠯᠤᠨ ᠭᠠᠳᠠᠭᠰᠢ ᠬᠤᠳᠠᠯᠳᠤᠭᠴᠢ ᠶᠢᠨ ᠲᠥᠯᠥᠭᠡᠯᠡᠭᠴᠢ ᠰᠠᠨᠠᠭᠠᠴᠢᠯᠠᠭ᠎ᠠ ᠶᠢᠨ ᠶᠠᠷᠢᠶ᠎ᠠ ᠲᠠᠯᠪᠢᠵᠤ᠂ ᠥᠷᠭᠡᠨ ᠣᠯᠠᠨ | ᠵᠢᠯᠣᠭᠤᠴᠢ ᠵᠠᠮ ᠬᠠᠷᠢᠯᠴᠠᠭᠠᠨ ᠤ ᠳᠦᠷᠢᠮ ᠢ ᠤᠬᠠᠮᠰᠠᠷ ᠠᠴᠠ ᠪᠠᠨ ᠵᠢᠷᠤᠮᠯᠠᠵᠤ᠂ ᠪᠣᠯᠪᠠᠰᠤᠨ ᠵᠠᠮ ᠬᠠᠷᠢᠯᠴᠠᠭ᠎ᠠ ᠶᠢ | ᠡᠭᠦᠳᠦᠨ ᠪᠠᠶᠢᠭᠤᠯᠬᠤ ᠳᠤ ᠢᠳᠡᠪᠬᠢᠲᠡᠶ ᠣᠷᠣᠯᠴᠠᠵᠤ᠂ ᠪᠡᠶ᠎ᠡ ᠪᠠᠷ ᠢᠶᠠᠨ ᠬᠡᠪ ᠲᠦᠷᠢᠮ ᠪᠣᠯᠵᠣ᠂ ᠪᠣᠳᠠᠲᠤ | ᠠᠵᠢᠯᠯᠠᠭ᠎ᠠ ᠪᠠᠷ ᠢᠶᠠᠨ ᠳᠡᠷᠭᠡᠳᠡᠬᠢ ᠬᠥᠮᠦᠰ ᠢᠶᠠᠨ ᠳᠠᠶᠢᠴᠢᠯᠠᠵᠤ᠂ ᠪᠣᠯᠪᠠᠰᠤᠨ ᠡᠶ᠎ᠡ ᠵᠣᠬᠢᠴᠠᠩᠭᠤᠶ ᠵᠠᠮ | ᠬᠠᠷᠢᠯᠴᠠᠭᠠᠨ ᠤ ᠣᠷᠴᠢᠨ ᠲᠣᠭᠤᠷᠢᠨ ᠢ ᠬᠠᠮᠲᠤ ᠪᠠᠷ ᠪᠣᠶ ᠪᠣᠯᠭᠠᠬᠤ ᠶᠢ ᠤᠷᠢᠶᠠᠯᠠᠪᠠ᠃ | ᠬᠦᠳᠡᠯᠭᠡᠭᠡᠨ ᠤ ᠲᠤᠬᠠᠶ ᠶᠢᠨ ᠲᠠᠯᠠᠪᠤᠷ ᠲᠤ᠂ ︽12.2︾ ᠭᠤᠤᠯ ᠰᠡᠳᠦᠪᠲᠦ ᠦᠵᠡᠭᠦᠯᠦᠯᠭᠡ ᠶᠢᠨ | ᠲᠣᠭᠤᠷᠢᠭ ᠵᠢᠴᠢ ︽ᠠᠷᠢᠬᠢ ᠤᠤᠭᠤᠭᠠᠳ ᠲᠡᠷᠭᠡ ᠵᠢᠯᠣᠭᠤᠳᠤᠭᠰᠠᠨ᠂ ᠰᠣᠭᠲᠣᠭᠤ ᠪᠠᠷ ᠲᠡᠷᠭᠡ ᠵᠢᠯᠣᠭᠤᠳᠤᠭᠰᠠᠨ | ᠪᠣᠳᠠᠲᠤ ᠦᠵᠡᠮᠵᠢ ᠶᠢ ᠳᠠᠭᠤᠷᠢᠶᠠᠨ ᠣᠶᠢᠯᠠᠭᠠᠬᠤ ᠲᠣᠭᠤᠷᠢᠭ︾᠂ ︽ᠲᠡᠷᠭᠡ ᠬᠥᠰᠬᠡ ᠶᠢᠨ ᠪᠠᠯᠠᠶ ᠣᠷᠣᠨ ᠢ | ᠪᠡᠶᠡᠴᠢᠯᠡᠨ ᠣᠶᠢᠯᠠᠭᠠᠬᠤ︾ ᠵᠡᠷᠭᠡ ᠬᠠᠷᠢᠯᠴᠠᠨ ᠬᠥᠳᠡᠯᠦᠯᠴᠡᠵᠦ ᠣᠶᠢᠯᠠᠭᠠᠬᠤ ᠲᠣᠭᠤᠷᠢᠭ ᠢ ᠳᠣᠭᠢᠷᠠᠭᠤᠯᠵᠤ᠂ ᠣᠯᠠᠨ | ᠵᠦᠢᠯ ᠤᠨ ᠬᠡᠯᠪᠡᠷᠢ ᠪᠠᠷ ᠳᠠᠮᠵᠢᠭᠤᠯᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠦᠨ᠂ | ᠲᠤᠬᠠᠶ ᠶᠢᠨ ᠲᠠᠯᠠᠪᠤᠷ ᠤᠨ ᠣᠯᠠᠨ ᠲᠦᠮᠡᠨ ᠤ ᠦᠵᠡᠵᠦ ᠰᠣᠨᠢᠷᠬᠠᠬᠤ ᠬᠡᠯᠪᠡᠷᠢ ᠪᠠᠷ ᠲᠣᠭᠯᠠᠵᠤ᠂ ᠣᠯᠠᠨ ᠲᠦᠮᠡᠨ ᠢ | ᠬᠠᠪᠰᠤᠷᠤᠨ ᠵᠠᠮ ᠬᠠᠷᠢᠯᠴᠠᠭᠠᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠠᠷᠤ ᠳᠠᠬᠢ ᠦᠨᠳᠦᠰᠦᠯᠡᠯ ᠢ | ᠣᠶᠢᠯᠠᠭᠠᠭᠤᠯᠵᠤ᠂ ᠣᠯᠠᠨ ᠲᠦᠮᠡᠨ ᠤ ᠲᠦᠷᠢᠮ ᠲᠣᠭᠲᠠᠭᠠᠯ ᠢ ᠵᠢᠷᠤᠮᠯᠠᠨ ᠬᠠᠤᠯᠢ ᠶᠢ ᠰᠠᠬᠢᠬᠤ ᠤᠬᠠᠮᠰᠠᠷ ᠢ | ᠳᠡᠭᠡᠭᠰᠢᠯᠡᠭᠦᠯᠪᠡ᠃ | ᠲᠣᠰ ᠤᠳᠠᠭᠠᠨ ᠤ ᠬᠦᠳᠡᠯᠭᠡᠭᠡᠨ ᠳᠤ ᠨᠡᠶᠢᠲᠡ 20 ᠵᠠᠮ ᠬᠠᠷᠢᠯᠴᠠᠭᠠᠨ ᠤ ᠠᠮᠤᠷ ᠲᠦᠪᠰᠢᠨ ᠤ | ᠤᠬᠠᠭᠤᠯᠭ᠎ᠠ ᠶᠢᠨ ᠰᠠᠮᠪᠠᠷ᠎ᠠ ᠶᠢ ᠳᠡᠯᠭᠡᠨ ᠦᠵᠡᠭᠦᠯᠵᠦ᠂ ᠡᠯ᠎ᠡ ᠲᠥᠷᠥᠯ ᠤᠨ ᠵᠠᠮ ᠬᠠᠷᠢᠯᠴᠠᠭᠠᠨ ᠤ ᠠᠮᠤᠷ | ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠢ 3000 ᠭᠠᠷᠤᠶ ᠬᠤᠪᠢ ᠲᠠᠷᠬᠠᠭᠠᠵᠤ᠂ ᠲᠤᠬᠠᠶ ᠶᠢᠨ ᠲᠠᠯᠠᠪᠤᠷ ᠤᠨ | ᠣᠯᠠᠨ ᠲᠦᠮᠡᠨ ᠳᠤ 200 ᠭᠠᠷᠤᠶ ᠬᠥᠮᠦᠨ ᠤᠳᠠᠭ᠎ᠠ ᠦᠢᠯᠡᠴᠢᠯᠡᠪᠡ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |