12 ᠰᠠᠷ᠎ᠠ ᠶᠢᠨ 2 ᠤᠨ ᠡᠳᠦᠷ᠂ ᠮᠠᠨ ᠤ ᠰᠢᠶᠠᠨ ᠰᠢᠨ᠎ᠡ ᠵᠠᠭᠤᠨ ᠤ ᠠᠭᠤᠳᠠᠮ ᠲᠠᠯᠠᠪᠠᠶ ᠳᠤ ︽ᠪᠣᠯᠪᠠᠰᠤᠨ ᠵᠠᠮ | ᠬᠠᠷᠢᠯᠴᠠᠭ᠎ᠠ ᠭᠠᠷ ᠬᠤᠯᠪᠣᠨ ᠬᠠᠮᠲᠤ ᠪᠠᠷ ᠡᠭᠦᠳᠬᠦ︾ ᠪᠠᠷ ᠭᠤᠤᠯ ᠰᠡᠳᠦᠪ ᠪᠣᠯᠭᠠᠭᠰᠠᠨ ᠠᠷᠪᠠᠨ ᠭᠤᠷᠪᠠᠳᠤᠭᠠᠷ ︽122︾ | ᠤᠨ ᠪᠥᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ | ᠶᠠᠪᠤᠭᠤᠯᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ | ᠳᠠᠷᠤᠭ᠎ᠠ ᠰᠦᠨ ᠬᠠᠶ ᠵᠢᠶᠦ᠋ᠨ ᠬᠦᠳᠡᠯᠭᠡᠭᠡᠨ ᠳᠤ ᠣᠷᠣᠯᠴᠠᠵᠠᠶ᠃ | | ᠡᠬᠢᠯᠡᠯᠲᠡ ᠶᠢᠨ ᠶᠣᠰᠣᠯᠠᠯ ᠳᠡᠭᠡᠷ᠎ᠡ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠵᠠᠮ ᠤᠨ ᠶᠠᠪᠤᠳᠠᠯ ᠤᠨ ᠶᠡᠭᠡ ᠠᠩᠭᠢ᠂ ᠳᠡᠭᠡᠳᠦ ᠬᠤᠷᠳᠤᠴᠠᠲᠤ ᠲᠡᠮᠦᠷ ᠵᠠᠮ ᠤᠨ ᠬᠤᠶᠢᠲᠤ | ᠦᠷᠲᠡᠭᠡ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠭᠠᠳᠠᠭᠰᠢ ᠬᠤᠳᠠᠯᠳᠤᠵᠤ ᠪᠠᠶᠢᠭ᠎ᠠ ᠮᠣᠷᠢᠲᠤ ᠴᠡᠷᠢᠭ᠂ | ᠰᠤᠷᠤᠭᠴᠢᠳ ᠤᠨ ᠲᠥᠯᠥᠭᠡᠯᠡᠭᠴᠢ ᠵᠡᠷᠭᠡ ᠤᠬᠠᠭᠤᠯᠭ᠎ᠠ ᠶᠢᠨ ᠠᠩᠭᠢ ᠵᠣᠬᠢᠶᠠᠨ ᠪᠠᠶᠢᠭᠤᠯᠵᠤ ᠠᠵᠢᠯᠯᠠᠭ᠎ᠠ ᠳᠤ ᠣᠷᠣᠯᠴᠠᠪᠠ᠃ | ᠠᠶᠠᠨᠴᠢᠳ ᠤᠨ ᠲᠡᠭᠡᠭᠡᠪᠦᠷᠢ ᠶᠢᠨ ᠥᠷᠲᠡᠭᠡᠨ ᠤ ᠵᠢᠯᠣᠭᠤᠴᠢ ᠶᠢᠨ ᠲᠥᠯᠥᠭᠡᠯᠡᠭᠴᠢ ᠪᠣᠯᠤᠨ ᠭᠠᠳᠠᠭᠰᠢ ᠬᠤᠳᠠᠯᠳᠤᠭᠴᠢ ᠶᠢᠨ | ᠲᠥᠯᠥᠭᠡᠯᠡᠭᠴᠢ ᠰᠠᠨᠠᠭᠠᠴᠢᠯᠠᠭ᠎ᠠ ᠶᠢᠨ ᠶᠠᠷᠢᠶ᠎ᠠ ᠲᠠᠯᠪᠢᠵᠤ᠂ ᠥᠷᠭᠡᠨ ᠣᠯᠠᠨ ᠵᠢᠯᠣᠭᠤᠴᠢ ᠵᠠᠮ ᠬᠠᠷᠢᠯᠴᠠᠭᠠᠨ ᠤ ᠳᠦᠷᠢᠮ ᠢ | ᠤᠬᠠᠮᠰᠠᠷ ᠠᠴᠠ ᠪᠠᠨ ᠵᠢᠷᠤᠮᠯᠠᠵᠤ᠂ ᠪᠣᠯᠪᠠᠰᠤᠨ ᠵᠠᠮ ᠬᠠᠷᠢᠯᠴᠠᠭ᠎ᠠ ᠶᠢ ᠡᠭᠦᠳᠦᠨ ᠪᠠᠶᠢᠭᠤᠯᠬᠤ ᠳᠤ ᠢᠳᠡᠪᠬᠢᠲᠡᠶ ᠣᠷᠣᠯᠴᠠᠵᠤ᠂ | ᠪᠡᠶ᠎ᠡ ᠪᠠᠷ ᠢᠶᠠᠨ ᠬᠡᠪ ᠲᠦᠷᠢᠮ ᠪᠣᠯᠵᠣ᠂ ᠪᠣᠳᠠᠲᠤ ᠠᠵᠢᠯᠯᠠᠭ᠎ᠠ ᠪᠠᠷ ᠢᠶᠠᠨ ᠳᠡᠷᠭᠡᠳᠡᠬᠢ ᠬᠥᠮᠦᠰ ᠢᠶᠠᠨ ᠳᠠᠶᠢᠴᠢᠯᠠᠵᠤ᠂ | ᠪᠣᠯᠪᠠᠰᠤᠨ ᠡᠶ᠎ᠡ ᠵᠣᠬᠢᠴᠠᠩᠭᠤᠶ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠬᠠᠮᠲᠤ ᠪᠠᠷ ᠪᠣᠶ ᠪᠣᠯᠭᠠᠬᠤ ᠶᠢ ᠤᠷᠢᠶᠠᠯᠠᠪᠠ᠃ | ᠬᠦᠳᠡᠯᠭᠡᠭᠡᠨ ᠤ ᠲᠤᠬᠠᠶ ᠶᠢᠨ ᠲᠠᠯᠠᠪᠤᠷ ᠲᠤ᠂ ︽12.2︾ ᠭᠤᠤᠯ ᠰᠡᠳᠦᠪᠲᠦ ᠦᠵᠡᠭᠦᠯᠦᠯᠭᠡ ᠶᠢᠨ ᠲᠣᠭᠤᠷᠢᠭ | ᠵᠢᠴᠢ ︽ᠠᠷᠢᠬᠢ ᠤᠤᠭᠤᠭᠠᠳ ᠲᠡᠷᠭᠡ ᠵᠢᠯᠣᠭᠤᠳᠤᠭᠰᠠᠨ᠂ ᠰᠣᠭᠲᠣᠭᠤ ᠪᠠᠷ ᠲᠡᠷᠭᠡ ᠵᠢᠯᠣᠭᠤᠳᠤᠭᠰᠠᠨ ᠪᠣᠳᠠᠲᠤ | ᠦᠵᠡᠮᠵᠢ ᠶᠢ ᠳᠠᠭᠤᠷᠢᠶᠠᠨ ᠣᠶᠢᠯᠠᠭᠠᠬᠤ ᠲᠣᠭᠤᠷᠢᠭ︾᠂ ︽ᠲᠡᠷᠭᠡ ᠬᠥᠰᠬᠡ ᠶᠢᠨ ᠪᠠᠯᠠᠶ ᠣᠷᠣᠨ ᠢ ᠪᠡᠶᠡᠴᠢᠯᠡᠨ ᠣᠶᠢᠯᠠᠭᠠᠬᠤ | ︾ ᠵᠡᠷᠭᠡ ᠬᠠᠷᠢᠯᠴᠠᠨ ᠬᠥᠳᠡᠯᠦᠯᠴᠡᠵᠦ ᠣᠶᠢᠯᠠᠭᠠᠬᠤ ᠲᠣᠭᠤᠷᠢᠭ ᠢ ᠳᠣᠭᠢᠷᠠᠭᠤᠯᠵᠤ᠂ ᠣᠯᠠᠨ ᠵᠦᠢᠯ ᠤᠨ ᠬᠡᠯᠪᠡᠷᠢ ᠪᠠᠷ | ᠳᠠᠮᠵᠢᠭᠤᠯᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠦᠨ᠂ ᠲᠤᠬᠠᠶ ᠶᠢᠨ ᠲᠠᠯᠠᠪᠤᠷ ᠤᠨ | ᠣᠯᠠᠨ ᠲᠦᠮᠡᠨ ᠤ ᠦᠵᠡᠵᠦ ᠰᠣᠨᠢᠷᠬᠠᠬᠤ ᠬᠡᠯᠪᠡᠷᠢ ᠪᠠᠷ ᠲᠣᠭᠯᠠᠵᠤ᠂ ᠣᠯᠠᠨ ᠲᠦᠮᠡᠨ ᠢ ᠬᠠᠪᠰᠤᠷᠤᠨ ᠵᠠᠮ ᠬᠠᠷᠢᠯᠴᠠᠭᠠᠨ ᠤ | ᠬᠠᠤᠯᠢ ᠴᠠᠭᠠᠵᠠ ᠬᠠᠤᠯᠢ ᠲᠣᠭᠲᠠᠭᠠᠯ ᠤᠨ ᠠᠷᠤ ᠳᠠᠬᠢ ᠦᠨᠳᠦᠰᠦᠯᠡᠯ ᠢ ᠣᠶᠢᠯᠠᠭᠠᠭᠤᠯᠵᠤ᠂ ᠣᠯᠠᠨ ᠲᠦᠮᠡᠨ ᠤ ᠲᠦᠷᠢᠮ | ᠲᠣᠭᠲᠠᠭᠠᠯ ᠢ ᠵᠢᠷᠤᠮᠯᠠᠨ ᠬᠠᠤᠯᠢ ᠶᠢ ᠰᠠᠬᠢᠬᠤ ᠤᠬᠠᠮᠰᠠᠷ ᠢ ᠳᠡᠭᠡᠭᠰᠢᠯᠡᠭᠦᠯᠪᠡ᠃ | ᠲᠣᠰ ᠤᠳᠠᠭᠠᠨ ᠤ ᠬᠦᠳᠡᠯᠭᠡᠭᠡᠨ ᠳᠤ ᠨᠡᠶᠢᠲᠡ 20 ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ | ᠰᠠᠮᠪᠠᠷ᠎ᠠ ᠶᠢ ᠳᠡᠯᠭᠡᠨ ᠦᠵᠡᠭᠦᠯᠵᠦ᠂ ᠡᠯ᠎ᠡ ᠲᠥᠷᠥᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ | ᠮᠠᠲ᠋ᠧᠷᠢᠶᠠᠯ ᠢ 3000 ᠭᠠᠷᠤᠶ ᠬᠤᠪᠢ ᠲᠠᠷᠬᠠᠭᠠᠵᠤ᠂ ᠲᠤᠬᠠᠶ ᠶᠢᠨ ᠲᠠᠯᠠᠪᠤᠷ ᠤᠨ ᠣᠯᠠᠨ ᠲᠦᠮᠡᠨ ᠳᠤ 200 ᠭᠠᠷᠤᠶ | ᠬᠥᠮᠦᠨ ᠤᠳᠠᠭ᠎ᠠ ᠦᠢᠯᠡᠴᠢᠯᠡᠪᠡ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |