11 ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠮᠠᠨ ᠤ ᠰᠢᠶᠠᠨ ᠤ ᠢᠯᠴᠢ ᠬᠠᠩᠭᠠᠬᠤ ᠠᠵᠤ ᠠᠬᠤᠶᠢᠯᠠᠯ᠂ ᠬᠡᠰᠡᠭ | ᠵᠢᠵᠢᠭ ᠲᠣᠭᠤᠷᠢᠭ ᠲᠤ ᠭᠦᠨᠵᠡᠭᠡᠶᠢᠷᠡᠨ ᠢᠯᠴᠢ ᠬᠠᠩᠭᠠᠬᠤ ᠪᠠᠲᠤᠯᠠᠭ᠎ᠠ ᠵᠢᠴᠢ ᠴᠠᠬᠢᠯᠭᠠᠨ ᠬᠥᠳᠡᠯᠭᠡᠭᠦᠷᠲᠦ ᠳᠤᠭᠤᠶ | ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ | ᠰᠢᠶᠠᠨ ᠤ ᠳᠠᠷᠤᠭ᠎ᠠ ᠹᠦ᠋ ᠬᠠᠢ ᠶᠠᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠳᠡᠳ᠋ ᠰᠢᠶᠠᠨ ᠤ ᠳᠠᠷᠤᠭ᠎ᠠ ᠢᠦᠢ ᠬᠤᠩ ᠯᠢᠶᠠᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠬᠤᠩ ᠳ᠋ᠠ ᠴᠠᠬᠢᠯᠭᠠᠨ ᠦᠢᠯᠡᠳᠪᠦᠷᠢ᠂ ᠭᠤᠸᠠᠩ ᠢᠦᠢ ᠢᠯᠴᠢ ᠶᠢᠨ ᠬᠦᠴᠦᠨ ᠤ ᠺᠣᠮᠫᠠᠨᠢ ᠶᠢᠨ ᠢᠯᠴᠢ | ᠰᠣᠯᠢᠬᠤ ᠦᠷᠳᠡᠭᠡ ᠳᠤ᠂ ᠯᠢ ᠺᠠᠢ ᠳ᠋ᠦᠩ ᠨᠡᠷ ᠲᠤᠬᠠᠢ ᠶᠢᠨ ᠲᠠᠯᠠᠪᠠᠢ ᠳᠤ ᠢᠯᠴᠢ ᠶᠢᠨ ᠢᠷᠡᠯᠲᠡ ᠶᠢᠨ | ᠲᠤᠬᠢᠷᠠᠭᠤᠯᠤᠯᠳᠠ᠂ ᠢᠯᠴᠢ ᠬᠠᠩᠭᠠᠬᠤ ᠲᠥᠬᠦᠭᠡᠷᠦᠮᠵᠢ ᠶᠢᠨ ᠠᠵᠢᠯᠯᠠᠭᠠᠨ ᠵᠡᠷᠭᠡ ᠪᠠᠶᠢᠳᠠᠯ ᠢ ᠪᠠᠶᠢᠴᠠᠭᠠᠨ ᠦᠵᠡᠭᠰᠡᠨ | ᠪᠥᠭᠡᠳ ᠰᠢᠲᠠᠭᠠᠯᠭ᠎ᠠ ᠶᠢᠨ ᠨᠡᠭᠦᠷᠡᠰᠦᠨ ᠤ ᠨᠥᠭᠡᠴᠡ ᠶᠢᠨ ᠬᠡᠮᠵᠢᠶ᠎ᠡ᠂ ᠢᠯᠴᠢ ᠬᠠᠩᠭᠠᠬᠤ ᠲᠥᠬᠦᠭᠡᠷᠦᠮᠵᠢ ᠶᠢᠨ | ᠬᠠᠮᠢᠶᠠᠷᠤᠯᠲᠠ ᠬᠠᠮᠠᠭᠠᠯᠠᠯᠲᠠ ᠶᠢᠨ ᠪᠠᠶᠢᠳᠠᠯ ᠵᠢᠴᠢ ᠢᠯᠴᠢ ᠬᠠᠩᠭᠠᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠷᠢᠨ | ᠯᠠᠪᠯᠠᠨ ᠠᠰᠠᠭᠤᠪᠠ᠃ | ᠯᠢ ᠺᠠᠶ ᠳ᠋ᠦᠩ ᠴᠢᠬᠤᠯᠠᠴᠢᠯᠠᠭᠰᠠᠨ ᠨᠢ᠂ ᠡᠪᠦᠯ ᠤᠨ ᠤᠯᠠᠷᠢᠯ ᠤᠨ ᠳᠤᠯᠠᠭᠠᠯᠠᠭ᠎ᠠ ᠬᠠᠩᠭᠠᠬᠤ ᠨᠢ ᠲᠦᠭ | ᠲᠦᠮᠡᠨ ᠠᠶᠢᠯ ᠡᠷᠦᠬᠡ ᠳᠤ ᠬᠤᠯᠪᠣᠭᠳᠠᠵᠤ᠂ ᠠᠷᠠᠳ ᠣᠯᠠᠨ ᠤ ᠬᠠᠯᠠᠭᠤᠨ ᠳᠤᠯᠠᠭᠠᠨ ᠳᠤ ᠬᠤᠯᠪᠣᠭᠳᠠᠬᠤ ᠴᠢᠬᠤᠯᠠ | ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠷᠬᠡᠪᠰᠢ | ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ | ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠨ᠂ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠢᠯᠴᠢ ᠬᠠᠩᠭᠠᠬᠤ ᠠᠵᠤ ᠠᠬᠤᠶᠢᠯᠠᠯ ᠤᠳ ᠭᠤᠤᠯ ᠴᠣᠭᠴᠠ ᠶᠢᠨ | ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠵᠦ᠂ ᠠᠵᠢᠯᠯᠠᠭᠠᠨ ᠤ ᠲᠣᠬᠢᠷᠠᠭᠤᠯᠤᠯᠲᠠ ᠪᠠᠨ ᠴᠢᠩᠭᠠᠳᠬᠠᠨ᠂ | ᠠᠵᠢᠯᠯᠠᠭᠠᠨ ᠢ ᠬᠢᠨᠠᠨ ᠬᠡᠮᠵᠢᠬᠦ᠂ ᠲᠦᠭᠦᠬᠡᠶ ᠨᠡᠭᠦᠷᠡᠰᠦ ᠨᠥᠭᠡᠴᠡᠯᠡᠬᠦ᠂ ᠲᠥᠬᠦᠭᠡᠷᠦᠮᠵᠢ ᠶᠢ ᠪᠠᠶᠢᠴᠠᠭᠠᠨ ᠵᠠᠰᠠᠬᠤ᠂ | ᠬᠤᠭᠤᠯᠠᠶ ᠲᠣᠤᠷ ᠢ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠵᠦ᠂ ᠲᠦᠢᠯ ᠤᠨ ᠬᠦᠢᠲᠡᠨ ᠠᠭᠤᠷ ᠠᠮᠢᠰᠬᠤᠯ ᠢ | ᠠᠷᠭᠠᠴᠠᠬᠤ ᠪᠡᠯᠡᠳᠬᠡᠯ ᠲᠥᠰᠦᠯ ᠢᠶᠠᠨ ᠲᠡᠭᠦᠯᠳᠡᠷᠵᠢᠭᠦᠯᠦᠨ᠂ ᠢᠯᠴᠢ ᠬᠠᠩᠭᠠᠬᠤ ᠪᠠᠲᠤᠯᠠᠭ᠎ᠠ ᠶᠢᠨ ᠬᠢᠷᠢ | ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠣᠯᠠᠨ ᠤ ᠳᠤᠯᠠᠭᠠᠨ ᠪᠦᠯᠢᠶᠡᠨ ᠡᠪᠦᠯᠵᠢᠬᠦ ᠶᠢ ᠪᠥᠬᠦ | ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ | ᠢᠦᠶ ᠼᠠᠢ ᠶᠤᠸᠠᠨ ᠲᠣᠭᠤᠷᠢᠭ᠂ ᠢᠦᠶ ᠹᠦ᠋ ᠵᠢᠩ ᠫᠢᠨ ᠵᠢᠵᠢᠭ ᠲᠣᠭᠤᠷᠢᠭ ᠲᠤ᠂ ᠯᠢ ᠺᠠᠶ ᠳ᠋ᠦᠩ ᠨᠡᠷ | ᠵᠢᠵᠢᠭ ᠲᠣᠭᠤᠷᠢᠭ ᠤᠨ ᠳᠣᠲᠣᠷᠠᠬᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠴᠡᠨᠡᠭᠯᠡᠬᠦ | ᠲᠥᠬᠦᠭᠡᠷᠦᠮᠵᠢ᠂ ᠴᠠᠬᠢᠯᠭᠠᠨ ᠱᠠᠲᠤ ᠶᠢᠨ ᠲᠦᠭᠵᠢᠷᠡᠯ ᠤᠨ ᠰᠢᠰᠲ᠋ᠧᠮ ᠢ ᠤᠭᠰᠠᠷᠠᠭᠰᠠᠨ ᠪᠠᠶᠢᠳᠠᠯ ᠢ ᠲᠤᠬᠠᠶ ᠶᠢᠨ | ᠭᠠᠵᠠᠷ ᠲᠤᠨᠢ ᠪᠠᠶᠢᠴᠠᠭᠠᠨ ᠦᠵᠡᠪᠡ᠃ | ᠯᠢ ᠺᠠᠶ ᠳ᠋ᠦᠩ ᠴᠢᠬᠤᠯᠠᠴᠢᠯᠠᠭᠰᠠᠨ ᠨᠢ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠭᠠᠯ | ᠤᠨᠲᠠᠷᠠᠭᠠᠬᠤ ᠠᠮᠤᠷ ᠲᠦᠪᠰᠢᠨ ᠤ ᠴᠡᠭᠴᠡᠯᠡᠨ ᠵᠠᠰᠠᠯᠲᠠ ᠶᠢ ᠴᠢᠩᠭᠠᠳᠬᠠᠬᠤ ᠨᠢ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠡᠬᠢ ᠡᠭᠦᠰᠦᠯ ᠠᠴᠠ ᠨᠢ ᠦᠢᠯᠡᠳᠪᠦᠷᠢᠯᠡᠬᠦ᠂ | ᠪᠣᠷᠣᠯᠠᠭᠤᠯᠬᠤ ᠵᠡᠷᠭᠡ ᠭᠤᠭᠴᠤᠭ᠎ᠠ ᠠᠴᠠ ᠦᠢᠯᠡᠳᠬᠦᠨ ᠤ ᠶᠠᠰᠤ ᠴᠢᠨᠠᠷ ᠤᠨ ᠪᠣᠭᠤᠮᠲᠠ ᠶᠢ ᠰᠠᠶᠢᠲᠤᠷ ᠠᠳᠬᠤᠬᠤ | ᠴᠢᠬᠤᠯᠠᠲᠠᠶ ᠮᠥᠷᠲᠡᠭᠡᠨ ᠪᠠᠰᠠ ᠰᠠᠭᠤᠭᠠᠯᠢ ᠲᠣᠭᠤᠷᠢᠭ ᠤᠨ ᠬᠠᠮᠢᠶᠠᠷᠤᠯᠲᠠ ᠶᠢ ᠴᠢᠬᠤᠯᠠᠴᠢᠯᠠᠬᠤ ᠬᠡᠷᠡᠭᠲᠡᠶ᠃ | ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠴᠠᠬᠢᠯᠭᠠᠨ ᠴᠡᠨᠡᠭᠯᠡᠬᠦ ᠪᠡᠯᠡᠳᠬᠡᠮᠵᠢ᠂ ᠴᠠᠬᠢᠯᠭᠠᠨ ᠱᠠᠲᠤ ᠶᠢᠨ | ᠲᠤᠰᠠᠭᠠᠷᠯᠠᠬᠤ ᠰᠢᠰᠲ᠋ᠧᠮ ᠤᠭᠰᠠᠷᠠᠬᠤ ᠪᠣᠯ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨᠲᠠᠷᠠᠭᠠᠬᠤ | ᠠᠮᠤᠷ ᠲᠦᠪᠰᠢᠨ ᠤ ᠳᠠᠯᠳᠠ ᠭᠡᠮ ᠢ ᠪᠠᠭᠤᠷᠠᠭᠤᠯᠬᠤ᠂ ᠰᠠᠭᠤᠭᠠᠯᠢ ᠠᠷᠠᠳ ᠤᠨ ᠠᠮᠤᠷ ᠲᠦᠪᠰᠢᠨ ᠢ ᠪᠠᠲᠤᠯᠠᠬᠤ᠂ | ᠨᠡᠶᠢᠭᠡᠮ ᠲᠣᠭᠤᠷᠢᠭ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ | ᠪᠣᠯᠤᠨ᠎ᠠ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠡᠳᠦᠯᠲᠡᠶ | ᠲᠥᠯᠥᠪᠯᠡᠨ ᠠᠬᠢᠭᠤᠯᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ᠂ ᠣᠷᠣᠭᠤᠯᠤᠯᠲᠠ ᠶᠢᠨ ᠡᠷᠴᠢᠮ ᠢᠶᠠᠨ | ᠴᠢᠩᠭᠠᠷᠠᠭᠤᠯᠵᠤ᠂ ᠲᠡᠷᠭᠡᠨ ᠵᠣᠭᠰᠣᠭᠠᠯ ᠤᠨ ᠣᠷᠣᠨ ᠵᠠᠶ ᠶᠢᠨ ᠡᠬᠢ ᠪᠠᠶᠠᠯᠢᠭ ᠢ ᠭᠦᠢᠴᠡᠳ ᠠᠰᠢᠭᠯᠠᠨ᠂ ᠴᠠᠬᠢᠯᠭᠠᠨ | ᠴᠡᠨᠡᠭᠯᠡᠬᠦ ᠪᠡᠯᠡᠳᠬᠡᠮᠵᠢ ᠶᠢᠨ ᠪᠦᠷᠬᠦᠴᠡ ᠶᠢᠨ ᠨᠣᠷᠮ᠎ᠠ ᠶᠢ ᠶᠡᠭᠡ ᠪᠠᠷ ᠳᠡᠭᠡᠭᠰᠢᠯᠡᠭᠦᠯᠵᠦ᠂ ᠣᠯᠠᠨ ᠲᠦᠮᠡᠨ ᠤ ᠶᠠᠪᠤᠵᠤ | ᠰᠠᠭᠤᠬᠤ ᠴᠠᠬᠢᠯᠭᠠᠨ ᠴᠡᠨᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠦᠴᠦᠯᠡᠨ ᠬᠠᠩᠭᠠᠬᠤ ᠬᠡᠷᠡᠭᠲᠡᠶ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ | |