ᠢᠦᠢ ᠬᠠᠢ ᠴᠧᠩ ᠨᠡᠷ ᠰᠢᠩ ᠾᠧ ᠰᠢᠶᠠᠨ ᠳᠤ ᠭᠦᠨᠵᠡᠭᠡᠶᠢᠷᠡᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2024/12/4
     12 ᠰᠠᠷ᠎ᠠ ᠶᠢᠨ 2 ᠤᠨ ᠡᠳᠦᠷ᠂ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠢᠦᠢ ᠬᠠᠢ ᠴᠧᠩ ᠨᠡᠷ ᠮᠠᠨ ᠤ ᠰᠢᠶᠠᠨ ᠳᠤ ᠭᠦᠨᠵᠡᠭᠡᠶᠢᠷᠡᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠤᠰᠤᠨ ᠤ ᠣᠷᠴᠢᠨ ᠲᠣᠭᠤᠷᠢᠨ ᠢ ᠵᠠᠰᠠᠬᠤ᠂ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠰᠠᠨ ᠮᠧᠶ ᠪᠣᠬᠢᠷᠲᠤᠯ ᠥᠬᠡᠶ ᠬᠥᠭᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠬᠠᠢ ᠲᠠᠢ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠴᠢᠶᠠᠨ ᠾᠧ ᠭᠤᠤᠯ ᠤᠨ ᠵᠠᠮ᠂ ᠴᠧᠩ ᠭᠤᠸᠠᠨ ᠪᠠᠯᠭᠠᠰᠤᠨ ᠤ ᠠᠷᠪᠠᠨ ᠨᠢᠭᠡᠳᠦᠭᠡᠷ ᠲᠣᠰᠬᠤᠨ ᠳᠤ ᠬᠦᠷᠴᠦ᠂ ᠭᠤᠤᠯᠳᠠᠯᠭ᠎ᠠ ᠲᠠᠢ ᠲᠥᠷᠥᠯ ᠵᠦᠢᠯ᠂ ᠤᠰᠤᠨ ᠤ ᠣᠷᠴᠢᠨ ᠲᠣᠭᠤᠷᠢᠨ ᠢ ᠵᠠᠰᠠᠬᠤ᠂ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠬᠤ ᠶᠢᠨ ᠬᠠᠮᠲᠤ ᠪᠣᠳᠠᠲᠠᠶ ᠰᠠᠨᠠᠯ ᠪᠠ ᠰᠠᠨᠠᠭᠤᠯᠭ᠎ᠠ ᠳᠤᠷᠠᠳᠪᠠ᠃      ᠢᠦᠶ ᠬᠠᠶ ᠴᠧᠩ ᠵᠢᠭᠠᠵᠤ ᠭᠠᠷᠭᠠᠭᠰᠠᠨ ᠨᠢ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠣᠯ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠬᠤ ᠬᠦᠴᠦᠷᠬᠡᠭ ᠶᠡᠭᠡ ᠬᠥᠳᠡᠯᠭᠡᠭᠦᠷ ᠮᠥᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠵᠤ ᠠᠬᠤᠶ ᠶᠢᠨ ᠠᠵᠢᠯ ᠤᠨ ᠴᠢᠬᠤᠯᠠ ᠭᠠᠷᠳᠠᠴᠠ ᠪᠣᠯᠭᠠᠵᠤ᠂ ᠠᠮᠤᠷ ᠲᠦᠪᠰᠢᠨ ᠢ ᠦᠨᠡᠨ ᠬᠦ ᠪᠠᠲᠤᠯᠠᠬᠤ ᠪᠠ ᠶᠠᠰᠤ ᠴᠢᠨᠠᠷ ᠢ ᠴᠢᠩᠭ᠎ᠠ ᠠᠳᠬᠤᠭᠰᠠᠨ ᠤᠷᠢᠲᠠᠯ ᠳᠣᠤᠷ᠎ᠠ᠂ ᠠᠵᠢᠯ ᠡᠬᠢᠯᠡᠭᠦᠯᠦᠨ ᠠᠬᠢᠴᠠ ᠶᠢ ᠠᠳᠬᠤᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠥᠷᠭᠡᠳᠬᠡᠨ ᠴᠢᠳᠠᠪᠤᠷᠢ ᠪᠠᠨ ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠢᠶᠠᠨ ᠠᠳᠬᠤᠵᠤ᠂ ᠲᠥᠷᠥᠯ ᠵᠦᠢᠯ ᠢ ᠡᠷᠲᠡᠬᠡᠨ ᠪᠠᠶᠢᠭᠤᠯᠵᠤ᠂ ᠡᠷᠲᠡᠬᠡᠨ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ ᠶᠢ ᠵᠣᠷᠢᠭᠵᠢᠭᠤᠯᠬᠤ ᠬᠡᠷᠡᠭᠲᠡᠶ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠬᠠᠮᠠᠭᠠᠯᠠᠬᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ ᠣᠷᠴᠢᠨ ᠲᠣᠭᠤᠷᠢᠨ ᠢ ᠵᠠᠰᠠᠬᠤ᠂ ᠤᠰᠤᠨ ᠤ ᠠᠮᠢ ᠠᠬᠤᠢ ᠶᠢ ᠰᠡᠷᠭᠦᠭᠡᠬᠦ ᠶᠢ ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠥᠳᠡᠭᠡ ᠲᠣᠰᠬᠤᠨ ᠤ ᠣᠷᠣᠨ ᠰᠠᠭᠤᠴᠠ ᠶᠢᠨ ᠠᠮᠤᠷ ᠲᠦᠪᠰᠢᠨ ᠤ ᠪᠠᠶᠢᠳᠠᠯ ᠢ ᠬᠢᠨᠠᠨ ᠬᠡᠮᠵᠢᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠤᠷᠠᠬᠤ ᠠᠶᠤᠯᠲᠠᠶ ᠭᠡᠷ ᠪᠠᠶᠢᠰᠢᠩ ᠤᠨ ᠬᠠᠮᠢᠶᠠᠷᠤᠯᠲᠠ ᠶᠢ ᠴᠢᠩᠭᠠᠳᠬᠠᠨ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠲᠡᠶ᠃      ᠰᠢᠩ ᠾᠧ ᠰᠢᠶᠠᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠰᠢᠶᠠᠨ ᠤ ᠳᠡᠳ᠋ ᠳᠠᠷᠤᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3