12 ᠰᠠᠷ᠎ᠠ ᠶᠢᠨ 2 ᠤᠨ ᠡᠳᠦᠷ᠂ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠢᠦᠢ ᠬᠠᠢ ᠴᠧᠩ | ᠨᠡᠷ ᠮᠠᠨ ᠤ ᠰᠢᠶᠠᠨ ᠳᠤ ᠭᠦᠨᠵᠡᠭᠡᠶᠢᠷᠡᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠤᠰᠤᠨ ᠤ ᠣᠷᠴᠢᠨ | ᠲᠣᠭᠤᠷᠢᠨ ᠢ ᠵᠠᠰᠠᠬᠤ᠂ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠵᠡᠷᠭᠡ ᠠᠵᠢᠯ ᠢ ᠪᠠᠶᠢᠴᠠᠭᠠᠨ | ᠰᠤᠳᠤᠯᠵᠤ ᠱᠠᠯᠠᠪᠳᠠᠭᠤᠯᠤᠨ ᠵᠢᠯᠣᠭᠤᠳᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠰᠠᠨ ᠮᠧᠶ ᠪᠣᠬᠢᠷᠲᠤᠯ ᠥᠬᠡᠶ ᠬᠥᠭᠵᠢᠯᠲᠡ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠬᠠᠢ ᠲᠠᠢ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ | ᠴᠢᠶᠠᠨ ᠾᠧ ᠭᠤᠤᠯ ᠤᠨ ᠵᠠᠮ᠂ ᠴᠧᠩ ᠭᠤᠸᠠᠨ ᠪᠠᠯᠭᠠᠰᠤᠨ ᠤ ᠠᠷᠪᠠᠨ ᠨᠢᠭᠡᠳᠦᠭᠡᠷ ᠲᠣᠰᠬᠤᠨ ᠳᠤ ᠬᠦᠷᠴᠦ᠂ | ᠭᠤᠤᠯᠳᠠᠯᠭ᠎ᠠ ᠲᠠᠢ ᠲᠥᠷᠥᠯ ᠵᠦᠢᠯ᠂ ᠤᠰᠤᠨ ᠤ ᠣᠷᠴᠢᠨ ᠲᠣᠭᠤᠷᠢᠨ ᠢ ᠵᠠᠰᠠᠬᠤ᠂ ᠨᠤᠷᠠᠬᠤ ᠠᠶᠤᠯᠲᠠᠶ ᠬᠡᠷ | ᠪᠠᠶᠢᠰᠢᠩ ᠢ ᠥᠭᠡᠷᠡᠴᠢᠯᠡᠨ ᠵᠠᠰᠠᠬᠤ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠬᠤ ᠶᠢᠨ | ᠬᠠᠮᠲᠤ ᠪᠣᠳᠠᠲᠠᠶ ᠰᠠᠨᠠᠯ ᠪᠠ ᠰᠠᠨᠠᠭᠤᠯᠭ᠎ᠠ ᠳᠤᠷᠠᠳᠪᠠ᠃ | ᠢᠦᠶ ᠬᠠᠶ ᠴᠧᠩ ᠵᠢᠭᠠᠵᠤ ᠭᠠᠷᠭᠠᠭᠰᠠᠨ ᠨᠢ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠣᠯ ᠠᠵᠤ | ᠠᠬᠤᠶ ᠶᠢᠨ ᠬᠥᠭᠵᠢᠯᠲᠡ ᠶᠢ ᠳᠠᠶᠢᠴᠢᠯᠠᠬᠤ ᠬᠦᠴᠦᠷᠬᠡᠭ ᠶᠡᠭᠡ ᠬᠥᠳᠡᠯᠭᠡᠭᠦᠷ ᠮᠥᠨ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠠᠵᠤ ᠠᠬᠤᠶ ᠶᠢᠨ ᠠᠵᠢᠯ ᠤᠨ ᠴᠢᠬᠤᠯᠠ ᠭᠠᠷᠳᠠᠴᠠ ᠪᠣᠯᠭᠠᠵᠤ᠂ ᠠᠮᠤᠷ ᠲᠦᠪᠰᠢᠨ ᠢ ᠦᠨᠡᠨ ᠬᠦ | ᠪᠠᠲᠤᠯᠠᠬᠤ ᠪᠠ ᠶᠠᠰᠤ ᠴᠢᠨᠠᠷ ᠢ ᠴᠢᠩᠭ᠎ᠠ ᠠᠳᠬᠤᠭᠰᠠᠨ ᠤᠷᠢᠲᠠᠯ ᠳᠣᠤᠷ᠎ᠠ᠂ ᠠᠵᠢᠯ ᠡᠬᠢᠯᠡᠭᠦᠯᠦᠨ ᠠᠬᠢᠴᠠ ᠶᠢ | ᠠᠳᠬᠤᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠥᠷᠭᠡᠳᠬᠡᠨ ᠴᠢᠳᠠᠪᠤᠷᠢ ᠪᠠᠨ ᠳᠡᠭᠡᠭᠰᠢᠯᠡᠭᠦᠯᠬᠦ ᠶᠢ ᠪᠥᠬᠦ | ᠬᠦᠴᠦᠨ ᠢᠶᠠᠷ ᠢᠶᠠᠨ ᠠᠳᠬᠤᠵᠤ᠂ ᠲᠥᠷᠥᠯ ᠵᠦᠢᠯ ᠢ ᠡᠷᠲᠡᠬᠡᠨ ᠪᠠᠶᠢᠭᠤᠯᠵᠤ᠂ ᠡᠷᠲᠡᠬᠡᠨ ᠠᠰᠢᠭᠯᠠᠯᠲᠠ ᠳᠤ | ᠣᠷᠣᠭᠤᠯᠤᠨ ᠦᠷ᠎ᠡ ᠪᠦᠲᠦᠮᠵᠢ ᠤᠯᠬᠤ ᠶᠢ ᠵᠣᠷᠢᠭᠵᠢᠭᠤᠯᠬᠤ ᠬᠡᠷᠡᠭᠲᠡᠶ᠃ ᠭᠤᠣᠯ ᠮᠥᠷᠡᠨ ᠨᠠᠭᠤᠷ ᠴᠥᠭᠦᠷᠥᠮ ᠤᠨ | ᠳᠠᠷᠤᠭ᠎ᠠ ᠶᠢᠨ ᠲᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠬᠠᠮᠠᠭᠠᠯᠠᠬᠤ᠂ | ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ ᠣᠷᠴᠢᠨ ᠲᠣᠭᠤᠷᠢᠨ ᠢ ᠵᠠᠰᠠᠬᠤ᠂ ᠤᠰᠤᠨ ᠤ ᠠᠮᠢ | ᠠᠬᠤᠢ ᠶᠢ ᠰᠡᠷᠭᠦᠭᠡᠬᠦ ᠶᠢ ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ | ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠥᠳᠡᠭᠡ ᠲᠣᠰᠬᠤᠨ ᠤ ᠣᠷᠣᠨ ᠰᠠᠭᠤᠴᠠ ᠶᠢᠨ | ᠠᠮᠤᠷ ᠲᠦᠪᠰᠢᠨ ᠤ ᠪᠠᠶᠢᠳᠠᠯ ᠢ ᠬᠢᠨᠠᠨ ᠬᠡᠮᠵᠢᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠨᠤᠷᠠᠬᠤ ᠠᠶᠤᠯᠲᠠᠶ ᠭᠡᠷ ᠪᠠᠶᠢᠰᠢᠩ ᠤᠨ ᠬᠠᠮᠢᠶᠠᠷᠤᠯᠲᠠ ᠶᠢ ᠴᠢᠩᠭᠠᠳᠬᠠᠨ᠂ ᠠᠮᠤᠷ ᠲᠦᠪᠰᠢᠨ ᠤ ᠬᠡᠮ ᠰᠣᠭᠤᠭ ᠢ | ᠵᠢᠭᠰᠠᠭᠠᠨ ᠪᠠᠶᠢᠴᠠᠭᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠦᠨᠡᠨ | ᠬᠦ ᠨᠡᠮᠡᠭᠳᠡᠭᠦᠯᠬᠦ ᠬᠡᠷᠡᠭᠲᠡᠶ᠃ | ᠰᠢᠩ ᠾᠧ ᠰᠢᠶᠠᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠰᠢᠶᠠᠨ ᠤ ᠳᠡᠳ᠋ ᠳᠠᠷᠤᠭ᠎ᠠ | ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ | |