ᠳ᠋ᠢᠶᠠᠨ ᠽᠢ ᠪᠠᠯᠭᠠᠰᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠡᠪᠦᠯ ᠤᠨ ᠤᠯᠠᠷᠢᠯ ᠤᠨ ᠠᠶᠤᠯᠭᠦᠶ ᠤᠶᠢᠯᠡᠳᠪᠤᠶᠢᠯᠡᠯ ᠢ ᠵᠢᠭᠰᠠᠭᠠᠨ ᠪᠠᠶᠢᠴᠠᠭᠠᠵᠤ ᠰᠤᠷᠪᠤᠯᠵᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/1
     ᠴᠠᠭᠠᠨ ᠰᠠᠷ᠎ᠠ ᠪᠣᠯᠬᠤ ᠲᠠᠰᠢᠷᠠᠮ ᠳᠤ᠂ ᠲᠣᠰᠬᠤᠨ ᠤ ᠠᠷᠠᠳ ᠤᠨ ᠵᠥᠪᠯᠡᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠠᠮ ᠴᠢᠨᠠᠭᠰᠢᠳᠠ ᠴᠢᠩᠭᠠᠳᠬᠠᠨ ᠵᠢᠷᠤᠮᠵᠢᠭᠤᠯᠬᠤ ᠶᠢᠨ ᠲᠥᠯᠥᠭᠡ᠂ 2024 ᠣᠨ ᠤ 1 ᠰᠠᠷ᠎ᠠ ᠶᠢᠨ 29 ᠤ ᠡᠳᠦᠷ᠂ ᠳ᠋ᠢᠶᠠᠨ ᠽᠢ ᠪᠠᠯᠭᠠᠰᠤ 2024 ᠣᠨ ᠤ ︽ᠬᠤᠶᠠᠷ ᠪᠠᠶᠠᠷ︾ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠡᠯ᠎ᠡ ᠲᠣᠰᠬᠤᠨ ᠤ ︽ᠬᠤᠶᠠᠷ ᠪᠠᠶᠠᠷ︾ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠵᠢᠴᠢ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠡᠷᠦᠭᠡ ᠳᠤ ᠬᠦᠷᠴᠦ ᠵᠢᠭᠰᠠᠭᠠᠨ ᠪᠠᠶᠢᠴᠠᠭᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠳᠠᠷᠠᠭ᠎ᠠ ᠪᠠᠷ ᠨᠢ ᠡᠯ᠎ᠡ ᠲᠣᠰᠬᠤᠨ ᠤ ᠬᠢᠨ ᠲᠡᠷᠡ ᠳᠠᠷᠤᠢ ᠳᠤᠨᠢ ᠬᠤᠷᠠᠯ ᠬᠤᠷᠠᠯᠳᠤᠭᠤᠯᠵᠤ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠮᠤᠷ ᠲᠦᠪᠰᠢᠨ ᠳᠤ ᠪᠠᠭ᠎ᠠ ᠶᠠᠪᠤᠳᠠᠯ ᠭᠡᠵᠦ ᠦᠬᠡᠢ᠂ ᠠᠮᠤᠷ ᠲᠦᠪᠰᠢᠨ ᠤ ᠬᠠᠷᠢᠭᠤᠴᠠᠯᠭ᠎ᠠ ᠲᠠᠶᠢᠱᠠᠨ ᠠᠭᠤᠯᠠ ᠠᠴᠠ ᠬᠦᠨᠳᠦ ᠶᠤᠮ᠂ ᠡᠷᠬᠡᠪᠰᠢ ᠰᠠᠨᠠᠭᠠᠴᠢᠯᠠᠭ᠎ᠠ ᠠᠴᠠ ᠪᠠᠨ ᠠᠶᠢᠯ ᠲᠣᠰᠬᠤᠨ ᠳᠤ ᠠᠮᠤᠷ ᠲᠦᠪᠰᠢᠨ ᠤ ᠪᠠᠶᠢᠴᠠᠭᠠᠯᠲᠠ ᠪᠠ ᠠᠮᠤᠷ ᠲᠦᠪᠰᠢᠨ ᠤ ᠬᠥᠮᠦᠵᠢᠯ ᠤᠬᠠᠭᠤᠯᠭ᠎ᠠ ᠶᠢ ᠥᠷᠨᠢᠭᠦᠯᠬᠦ ᠬᠡᠷᠡᠭᠲᠡᠢ᠃ ᠬᠤᠶᠠᠷ ᠲᠤ᠂ ᠨᠢᠭᠡ ᠤᠳᠠᠭᠠᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠢᠯᠠᠩᠭᠤᠶ᠎ᠠ ᠬᠠᠮᠢᠶ᠎ᠠ ᠪᠥᠬᠦᠶ ᠳᠡᠯᠭᠡᠭᠦᠷ᠂ ᠵᠣᠴᠢᠳ ᠤᠨ ᠪᠠᠭᠤᠳᠠᠯ ᠳᠤ ᠢᠳᠡᠭᠡᠨ ᠤ ᠠᠮᠤᠷ ᠲᠦᠪᠰᠢᠨ ᠤ ᠲᠠᠯ᠎ᠠ ᠶᠢᠨ ᠪᠠᠶᠢᠴᠠᠭᠠᠯᠲᠠ ᠬᠢᠵᠦ᠂ ᠢᠳᠡᠭᠡᠨ ᠤ ᠠᠮᠤᠷ ᠲᠦᠪᠰᠢᠨ ᠤ ᠬᠡᠮ ᠰᠣᠭᠤᠭ ᠢ ᠠᠷᠢᠯᠭᠠᠨ᠎ᠠ᠃ ᠭᠤᠷᠪᠠ ᠳᠤ᠂ ᠠᠮᠤᠷ ᠲᠦᠪᠰᠢᠨ ᠤ ᠤᠬᠠᠭᠤᠯᠭ᠎ᠠ ᠶᠢᠨ ᠰᠡᠷᠡᠮᠵᠢᠯᠡᠭᠦᠯᠬᠦ ᠪᠠ ᠤᠷᠢᠳᠴᠢᠯᠠᠨ ᠰᠡᠷᠭᠡᠶᠢᠯᠡᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠡᠷᠦᠬᠡ ᠳᠤ ᠣᠷᠣᠵᠤ ᠨᠡᠭᠦᠷᠡᠰᠦ ᠰᠢᠲᠠᠭᠠᠬᠤ ᠲᠣᠰᠬᠤᠨ ᠤ ᠠᠷᠠᠳ ᠲᠤ ᠢᠯᠡᠭᠦᠬᠡᠨ ᠰᠠᠯᠬᠢ ᠨᠡᠪᠲᠡᠷᠡᠭᠦᠯᠵᠦ᠂ ᠨᠡᠭᠦᠷᠡᠰᠦᠲᠥ᠋ᠷᠥᠭᠴᠢ ᠶᠢᠨ ᠳᠠᠩ ᠢᠰᠦᠯ ᠳᠤ ᠬᠤᠣᠷᠳᠠᠭᠳᠠᠬᠤ ᠶᠢ ᠰᠡᠷᠭᠡᠶᠢᠯᠡᠬᠦ ᠶᠢ ᠰᠠᠨᠠᠭᠤᠯᠵᠤ᠂ ᠡᠭᠦᠨ ᠠᠴᠠ ᠭᠠᠳᠠᠨ᠎ᠠ ᠣᠷᠣᠨ ᠰᠠᠭᠤᠴᠠ ᠪᠠᠨ ᠦᠷᠭᠦᠯᠵᠢ ᠪᠠᠶᠢᠴᠠᠭᠠᠨ ᠵᠠᠰᠠᠵᠤ᠂ ᠭᠡᠷ ᠪᠦᠯᠢ ᠶᠢᠨ ᠭᠡᠮ ᠰᠣᠭᠤᠭ ᠢ ᠠᠷᠢᠯᠭᠠᠬᠤ ᠬᠡᠷᠡᠭᠲᠡᠢ᠃      ᠳᠠᠷᠠᠭᠠᠴᠢ ᠶᠢᠨ ᠠᠯᠬᠤᠮ ᠳᠤ᠂ ᠳ᠋ᠢᠶᠠᠨ ᠽᠢ ᠪᠠᠯᠭᠠᠰᠤ ᠶᠢᠨ ᠬᠢᠨ ᠠᠶᠤᠯᠭᠦᠢ ᠦᠢᠯᠡᠳᠪᠦᠷᠢᠯᠡᠯ ᠤᠨ ᠰᠠᠭᠤᠷᠢ ᠶᠢ ᠤᠯᠠᠮ ᠴᠢᠨᠠᠭᠰᠢᠳᠠ ᠪᠠᠬᠢᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ ᠬᠢᠵᠦ᠂ ᠡᠯ᠎ᠡ ᠲᠦᠷᠦᠯ ᠤᠨ ᠪᠠᠶᠢᠴᠠᠭᠠᠯᠲᠠ ᠵᠢᠴᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠵᠤ ᠂ ᠲᠣᠰᠬᠤᠨ ᠤ ᠠᠷᠠᠳ ᠤᠯᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠴᠢᠩᠭᠠᠳᠬᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠵᠤ᠂ ᠲᠣᠰᠬᠤᠨ ᠤ ᠠᠷᠠᠳ ᠤᠯᠠᠨ ᠳᠤ ᠠᠮᠤᠷ ᠲᠦᠪᠰᠢᠨ ᠵᠣᠯ ᠵᠢᠷᠭᠠᠯᠲᠤ ᠠᠮᠢᠳᠤᠷᠠᠯ ᠤᠨ ᠠᠭᠤᠷ ᠠᠮᠢᠰᠬᠤᠯ ᠢ ᠪᠤᠢ ᠪᠣᠯᠭᠠᠵᠤ ᠥᠭᠭᠦᠨ᠎ᠡ᠃           ᠵᠤᠬᠢᠶᠠᠭᠴᠢ᠄ ᠳ᠋ᠢᠶᠠᠨ ᠽᠢ ᠪᠠᠯᠭᠠᠰᠤ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3