ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠰᠢᠩ ᠡᡁᠧ ᠰᠢᠶᠠᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠨᠠᠨ ᠬᠠᠮᠢᠶᠠᠷᠬᠤ ᠡᠭᠦᠷᠭᠡ ᠴᠢᠳᠠᠪᠬᠢ ᠪᠠᠨ ᠭᠦᠢᠴᠡᠳ | ᠪᠠᠳᠠᠷᠠᠭᠤᠯᠵᠤ᠂ ᠢᠳᠡᠰᠢᠨ ᠨᠣᠭᠤᠭ᠎ᠠ ᠶᠢᠨ ᠦᠨ᠎ᠡ᠂ ᠮᠢᠬᠠᠨ ᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠨᠠᠷᠢᠨ | ᠬᠢᠨᠠᠮᠠᠭᠠᠢ ᠰᠠᠶᠢᠲᠤᠷ ᠬᠢᠵᠦ᠂ ᠢᠳᠡᠭᠡᠨ ᠤ ᠵᠦᠢᠯ᠂ ᠡᠮ ᠤᠨ ᠵᠦᠢᠯ ᠵᠡᠷᠭᠡ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠡᠮᠴᠢᠯᠡᠭᠡᠨ ᠤ ᠡᠳ᠋ ᠪᠠᠷᠠᠭᠠᠨ ᠤ ᠵᠠᠬ᠎ᠠ ᠳᠡᠯᠭᠡᠭᠦᠷ ᠲᠤ | ᠣᠷᠣᠰᠢᠵᠤ ᠪᠠᠶᠢᠭ᠎ᠠ ᠪᠠᠷᠠᠭᠠᠨ ᠤ ᠦᠨ᠎ᠡ ᠶᠢ ᠲᠦᠷᠭᠢᠯᠳᠦᠨ ᠥᠰᠬᠡᠬᠦ᠂ ᠪᠠᠷᠠᠭ᠎ᠠ ᠶᠢ ᠨᠥᠭᠡᠴᠡᠯᠡᠵᠦ ᠵᠠᠪᠰᠢᠨ | ᠬᠤᠨᠵᠢᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠤᠳᠤᠷᠢᠳᠤᠯᠭ᠎ᠠ ᠡᠭᠡᠯᠵᠢ ᠳᠠᠭᠠᠭᠤᠯᠬᠤ ᠲᠦᠷᠢᠮ ᠢ ᠬᠡᠷᠡᠭᠵᠢᠭᠦᠯᠬᠦ ᠶᠢ ᠪᠠᠷᠢᠮᠲᠠᠯᠠᠵᠤ᠂ ᠲᠤᠰᠬᠠᠢ ᠬᠥᠮᠦᠨ ᠵᠢᠭᠠᠨ | ᠲᠣᠭᠲᠠᠭᠠᠵᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ | ᠬᠠᠷᠢᠭᠤᠴᠠᠭᠤᠯᠪᠠ᠃ 12315 ᠵᠢᠯᠣᠭᠤᠳᠬᠤ ᠲᠥᠪ ᠠᠴᠠ ᠵᠢᠵᠢᠭᠦᠷᠯᠡᠭᠴᠢ ᠲᠣᠬᠢᠷᠠᠭᠤᠯᠵᠤ ᠬᠡᠷᠡᠭᠯᠡᠭᠴᠢᠳ ᠤᠨ | ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠤᠷᠢᠯᠡᠬᠦ ᠠᠵᠢᠯ ᠢ ᠬᠠᠷᠢᠭᠤᠴᠠᠭᠤᠯᠵᠤ᠂ ᠬᠦᠯᠢᠶᠡᠨ ᠠᠪᠤᠭᠰᠠᠨ ᠤ | ᠳᠠᠷᠠᠭ᠎ᠠ ᠴᠠᠭ ᠲᠤᠬᠠᠶ ᠳᠤᠨᠢ ᠰᠢᠢᠳᠪᠤᠷᠢᠯᠡᠨ᠎ᠡ᠃ | ᠠᠮᠠᠷᠠᠯᠲᠠ ᠶᠢᠨ ᠬᠤᠭᠤᠴᠠᠭᠠᠨ ᠳᠤ᠂ ᠪᠥᠬᠦ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠨᠡᠶᠢᠲᠡ 30 ᠬᠠᠤᠯᠢ ᠬᠡᠷᠡᠭᠵᠢᠭᠦᠯᠬᠦ ᠠᠵᠢᠯᠲᠠᠨ᠂ 15 ᠮᠠᠰᠢᠨ ᠲᠡᠷᠭᠡ᠂ 20 ᠢᠳᠡᠭᠡᠨ ᠤ | ᠳᠡᠯᠭᠡᠭᠦᠷ᠂ 3 ᠬᠡᠲᠦ ᠳᠡᠯᠭᠡᠭᠦᠷ᠂ 3 ᠮᠢᠬᠠᠨ ᠤ ᠵᠤᠶᠢᠯ ᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ | ᠳᠡᠯᠭᠡᠭᠦᠷ᠂ 20 ᠢᠳᠡᠭᠡᠨ ᠤᠮᠳᠠᠭᠠᠨ ᠤ ᠤᠶᠢᠯᠡᠴᠢᠯᠡᠭᠡᠨ ᠤ ᠨᠢᠭᠡᠴᠡ ᠶᠢ ᠳᠠᠷᠠᠭᠠᠯᠠᠨ ᠪᠠᠶᠢᠴᠠᠭᠠᠵᠤ᠂ 3 ᠦᠨ᠎ᠡ | ᠬᠠᠩᠰᠢ ᠶᠢᠨ ᠪᠠᠶᠢᠴᠠᠭᠠᠯᠲᠠ ᠶᠢ ᠥᠷᠨᠢᠭᠦᠯᠪᠡ᠃ ᠢᠯᠡᠴᠢᠯᠡᠨ ᠵᠠᠭᠠᠯᠳᠤᠬᠤ ᠦᠭᠡᠢ ᠪᠠᠷ ᠵᠠᠬ᠎ᠠ ᠳᠡᠯᠭᠡᠭᠦᠷ ᠤᠨ ᠪᠦᠬᠦᠯᠢ | ᠴᠣᠭᠴᠠ ᠶᠢᠨ ᠠᠵᠢᠯᠯᠠᠭᠠᠨ ᠲᠣᠭᠲᠠᠭᠤᠨ ᠪᠠᠶᠢᠨ᠎ᠠ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | | |