ᠳ᠋ᠠ ᠲᠥᠩ ᠶᠣᠣ ᠰᠢᠶᠠᠩ ᠭᠠᠯ ᠤᠨᠲᠠᠷᠠᠭᠠᠬᠤ ᠠᠮᠤᠷ ᠲᠦᠪᠰᠢᠨ ᠤ ᠭᠠᠮᠰᠢᠭ ᠢ ᠲᠥᠪᠯᠡᠷᠡᠭᠦᠯᠦᠨ ᠠᠷᠢᠯᠭᠠᠬᠤ ᠪᠣᠭᠤᠮᠲᠠ ᠰᠢᠪᠲᠤᠯᠬᠤ ᠶᠡᠭᠡ ᠴᠡᠭᠴᠡᠯᠡᠨ ᠵᠠᠰᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/18
     ᠵᠢᠯ ᠤᠨ ᠡᠴᠦᠰ ᠵᠢᠯ ᠤᠨ ᠡᠬᠢᠨ ᠤ ᠭᠠᠯ ᠤᠨᠲᠠᠷᠠᠭᠠᠬᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ 1 ᠰᠠᠷ᠎ᠠ ᠶᠢᠨ 31᠎ ᠤ ᠡᠳᠦᠷ᠂ ᠮᠠᠨ ᠤ ᠰᠢᠶᠠᠨ ᠤ ᠳ᠋ᠠ ᠲᠥᠩ ᠶᠣᠣ ᠰᠢᠶᠠᠩ ᠪᠦᠬᠦ ᠰᠢᠶᠠᠩ ᠤᠨ ᠭᠠᠯ ᠤᠨᠲᠠᠷᠠᠭᠠᠬᠤ ᠠᠮᠤᠷ ᠲᠦᠪᠰᠢᠨ ᠤ ᠭᠠᠮᠰᠢᠭ ᠢ ᠲᠥᠪᠯᠡᠷᠡᠭᠦᠯᠦᠨ ᠠᠷᠢᠯᠭᠠᠬᠤ ᠪᠣᠭᠤᠮᠲᠠ ᠰᠢᠪᠲᠤᠯᠬᠤ ᠶᠡᠭᠡ ᠴᠡᠭᠴᠡᠯᠡᠨ ᠵᠠᠰᠠᠬᠤ ᠠᠵᠢᠯᠯᠠᠭ᠎ᠠ ᠶᠢ ᠳᠠᠶᠢᠴᠢᠯᠠᠨ ᠪᠠᠶᠢᠷᠢᠯᠠᠭᠤᠯᠬᠤ ᠬᠤᠷᠠᠯ ᠢ ᠬᠤᠷᠠᠯᠳᠤᠭᠤᠯᠵᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠰᠢᠶᠠᠩ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠪᠦᠬᠦ ᠰᠢᠶᠠᠩ ᠤᠨ ᠺᠠᠳ᠋ᠷ ᠬᠤᠷᠠᠯ ᠳᠤ ᠣᠷᠣᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠺᠠᠳ᠋ᠷᠴᠤᠳ ᠭᠠᠯ ᠰᠡᠷᠭᠡᠶᠢᠯᠡᠬᠦ ᠠᠮᠤᠷ ᠲᠦᠪᠰᠢᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠰᠣᠨᠣᠷ ᠰᠡᠷᠡᠮᠵᠢ ᠪᠣᠯᠤᠨ ᠰᠠᠨᠠᠭᠠᠴᠢᠯᠠᠭᠠᠲᠤ ᠴᠢᠨᠠᠷ ᠢᠶᠠᠨ ᠦᠨᠡᠨᠬᠦ ᠴᠢᠩᠭᠠᠳᠬᠠᠵᠤ᠂ ᠳᠡᠭᠡᠳᠦ  ᠬᠡᠮᠵᠢᠶ᠎ᠡ ᠪᠠᠷ ᠬᠠᠷᠢᠭᠤᠴᠠᠬᠤ ᠣᠪᠣᠷ ᠪᠣᠯᠤᠨ ᠦᠨᠡᠨᠬᠦ ᠶᠠᠪᠤᠭᠳᠠᠭᠤᠰᠢᠲᠠᠢ ᠠᠷᠭ᠎ᠠ ᠬᠡᠮᠵᠢᠶ᠎ᠡ ᠪᠠᠷ ᠠᠶᠤᠯ ᠲᠦᠭᠰᠢᠭᠦᠷᠢ ᠶᠢ ᠡᠵᠡᠮᠳᠡᠵᠦ᠂ ᠭᠡᠮ ᠰᠣᠭᠤᠭ ᠢ ᠠᠷᠢᠯᠭᠠᠵᠤ᠂ ᠠᠳᠡᠯ ᠢ ᠰᠡᠷᠭᠡᠶᠢᠯᠡᠵᠦ᠂ ᠠᠮᠤᠷ ᠲᠦᠪᠰᠢᠨ ᠢ ᠪᠠᠲᠤᠯᠠᠬᠤ ᠬᠡᠷᠡᠭᠲᠡᠢ᠃      ᠬᠤᠷᠠᠯ ᠤᠨ ᠲᠠᠷᠠᠭ᠎ᠠ᠂ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶ᠎ᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠬᠢᠨ ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠬᠤ ᠵᠢᠴᠢ ᠭᠠᠯ ᠤᠨᠲᠠᠷᠠᠭᠠᠬᠤ ᠭᠡᠮ ᠰᠣᠭᠤᠭ ᠢ ᠵᠢᠭᠰᠠᠭᠠᠨ ᠪᠠᠶᠢᠴᠠᠭᠠᠬᠤ ᠲᠠᠢ ᠤᠶᠠᠯᠳᠤᠭᠤᠯᠵᠤ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠭᠤᠣᠯ ᠴᠣᠭᠴᠠ᠂ ᠭᠤᠣᠯᠳᠠᠯᠭ᠎ᠠ ᠲᠠᠢ ᠲᠠᠯᠠᠪᠤᠷ ᠲᠤ ᠴᠢᠭᠯᠡᠭᠦᠯᠦᠨ ᠪᠦᠬᠦ ᠰᠢᠶᠠᠩ ᠤᠨ ᠬᠡᠪᠴᠢᠶᠡᠨ ᠳᠤ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠪᠡ᠃ ᠵᠢᠭᠰᠠᠭᠠᠨ ᠪᠠᠶᠢᠴᠠᠭᠠᠬᠤ ᠶᠠᠪᠤᠴᠠ ᠳᠤ᠂ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠺᠠᠳ᠋ᠷᠴᠤᠳ ᠬᠤᠳᠠᠯᠳᠤᠭᠠᠨ ᠤ ᠡᠷᠦᠬᠡ ᠳᠤ ᠭᠠᠯ ᠤᠨᠲᠠᠷᠠᠭᠠᠬᠤ ᠠᠮᠤᠷ ᠲᠦᠪᠰᠢᠨ ᠤ ᠴᠢᠬᠤᠯᠠ ᠴᠢᠨᠠᠷ᠂ ᠭᠠᠯ ᠤᠨ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠠᠷᠭ᠎ᠠ ᠬᠡᠮᠵᠢᠶ᠎ᠡ ᠵᠡᠷᠭᠡ ᠮᠡᠳᠡᠯᠭᠡ ᠶᠢ ᠤᠬᠠᠭᠤᠯᠬᠤ ᠶᠢᠨ ᠬᠠᠮᠲᠤ ᠬᠡᠷᠡᠭ ᠤᠨ ᠵᠢᠱᠢᠶ᠎ᠡ ᠶᠢ ᠵᠠᠳᠠᠯᠬᠤ᠂ ᠪᠣᠳᠠᠲᠤ ᠪᠣᠳᠠᠰ ᠢ ᠳᠡᠯᠭᠡᠨ ᠦᠵᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠤᠳᠠᠯᠳᠤᠭᠠᠨ ᠤ ᠡᠷᠦᠬᠡ ᠳᠤ ᠲᠠᠶᠢᠯᠪᠤᠷᠢᠯᠠᠨ ᠶᠠᠷᠢᠵᠤ᠂ ᠡᠯ᠎ᠡ ᠲᠥᠷᠥᠯ ᠤᠨ ᠭᠠᠯ ᠤᠨᠲᠠᠷᠠᠭᠠᠬᠤ ᠮᠡᠷᠭᠡᠵᠢᠯ ᠴᠢᠳᠠᠪᠤᠷᠢ ᠶᠢ ᠲᠦᠭᠡᠮᠡᠯᠵᠢᠭᠦᠯᠦᠭᠰᠡᠨ ᠪᠠᠶᠢᠨ᠎ᠠ᠃     ᠲᠣᠰ ᠤᠳᠠᠭᠠᠨ ᠤ ᠪᠠᠶᠢᠴᠠᠭᠠᠯᠲᠠ ᠶᠢ ᠠᠰᠢᠭᠯᠠᠨ᠂ ᠭᠠᠯ ᠤᠨᠲᠠᠷᠠᠭᠠᠬᠤ ᠠᠮᠤᠷ ᠲᠦᠪᠰᠢᠨ ᠤ ᠲᠠᠯ᠎ᠠ ᠪᠠᠷ ᠨᠠᠩ ᠭᠦᠨᠵᠡᠭᠡᠶ ᠲᠠᠨᠢᠯᠲᠠ ᠲᠠᠢ ᠪᠣᠯᠤᠭᠰᠠᠨ ᠪᠥᠭᠡᠳ ᠬᠤᠶᠢᠰᠢᠳᠠ ᠭᠠᠯ ᠤᠨ ᠭᠠᠮᠰᠢᠭ ᠤᠨ ᠳᠠᠯᠳᠠ ᠬᠡᠮ ᠢ ᠪᠠᠶᠢᠴᠠᠭᠠᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠶᠢ ᠨᠠᠩ ᠢᠯᠡᠭᠦᠤ ᠴᠢᠬᠤᠯᠠᠴᠢᠯᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠬᠠᠮᠵᠢᠯᠴᠠᠨ ᠰᠠᠶᠢᠲᠤᠷ ᠬᠢᠨ᠎ᠠ ᠭᠡᠵᠦ ᠬᠤᠳᠠᠯᠳᠤᠭᠠᠴᠢᠳ ᠢᠯᠡᠷᠬᠡᠶᠢᠯᠡᠵᠡᠶ᠃      ᠳᠠᠷᠠᠭᠠᠴᠢ ᠶᠢᠨ ᠠᠯᠬᠤᠮ ᠳᠤ᠂ ᠳ᠋ᠠ ᠲᠥᠩ ᠶᠣᠣ ᠰᠢᠶᠠᠩ ᠤᠨ ᠬᠢᠨ ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠠᠶᠤᠯ ᠲᠦᠭᠰᠢᠭᠦᠷᠢ ᠶᠢ ᠠᠷᠢᠯᠭᠠᠬᠤ ᠪᠣᠭᠤᠮᠲᠠ ᠰᠢᠪᠲᠤᠯᠬᠤ ᠶᠢ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ᠪᠦᠬᠦ ᠰᠢᠶᠠᠩ ᠤᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃           ᠢᠷᠡᠯᠲᠡ᠄ ᠳ᠋ᠠ ᠲᠥᠩ ᠶᠣᠣ ᠰᠢᠶᠠᠩ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3